ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-04 11:07:28

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠤᠷᠢᠳ ᠬᠣᠵᠢᠳ ᠥᠪᠥᠷ ᠮᠣᠩᠭᠣᠯ᠎ᠤᠨ ᠦᠨᠡᠲᠦ᠍ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠠᠷᠠᠳ᠎ᠤᠨ ᠪᠠᠩᠬᠢ᠎ᠶᠢᠨ ᠥᠪᠥᠷ ᠮᠣᠩᠭᠣᠯ ᠳ᠋ᠡᠬᠢ ᠬᠤᠪᠢᠶᠠᠷᠢ ᠪᠠᠩᠬᠢ᠎ᠳᠤ ᠪᠠᠶ᠋ᠢᠴᠠᠭᠠᠨ ᠰᠤᠳᠤᠯᠵᠤ᠂ ᠬᠣᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ᠎ᠤᠨ ᠭᠠᠵᠠᠷ ᠲᠡᠰᠤᠭ ᠲᠦ᠍ ᠭᠦᠨᠵᠡᠭᠡᠶ᠋ᠢᠷᠡᠨ ᠮᠥᠩᠭᠥᠨ ᠭᠦᠢᠯᠭᠡᠭᠡᠨ᠎ᠦ ᠪᠣᠳᠠᠲᠤ᠌ ᠴᠣᠭᠴᠠ᠎ᠶᠢᠨ ᠠᠵᠤ ᠠᠬᠤᠢ ᠳ᠋ᠤ ᠦᠢᠯᠡᠴᠢᠯᠡᠵᠤ ᠪᠠᠢᠬᠤ᠂ ᠬᠦᠷᠦᠩᠭᠡ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠳᠤᠮᠳᠠ ᠪᠠᠭ᠎ᠠ ᠮᠥᠩᠭᠥᠨ ᠭᠦᠢᠯᠭᠡᠭᠡᠨ᠎ᠦ ᠪᠠᠶ᠋ᠢᠭᠤᠯᠤᠮᠵᠢ᠎ᠶᠢᠨ ᠥᠭᠡᠷᠡᠴᠢᠯᠡᠯᠲᠡ ᠬᠢᠵᠤ ᠲᠦᠭᠰᠢᠬᠦᠷᠢ ᠵᠢ ᠠᠷᠢᠯᠭᠠᠬᠤ᠂ ᠵᠣᠭᠣᠰᠣᠨ᠎ᠤ ᠢᠲᠡᠭᠡᠮᠵᠢᠲᠦ᠍ ᠵᠢᠭᠡᠯᠡᠯᠭᠡ᠎ᠶᠢᠨ ᠲᠦᠷᠦ᠎ᠶᠢᠨ ᠪᠤᠳᠤᠯᠭ᠎ᠠ᠎ᠶᠢ ᠨᠠᠶ᠋ᠢᠳᠠᠪᠤᠷᠢᠵᠢᠭᠤᠯᠵᠤ ᠪᠠᠢᠬᠤ ᠵᠡᠷᠭᠡ ᠠᠵᠢᠯ᠎ᠢ ᠨᠠᠷᠢᠨ ᠣᠶ᠋ᠢᠯᠠᠭᠠᠪᠠ᠃

ᠳᠠᠷᠠᠭ᠎ᠠ᠎ᠨᠢ ᠪᠦᠦ ᠭᠠᠩ ᠮᠥᠩᠭᠥᠨ ᠭᠦᠢᠯᠭᠡᠭᠡᠨ᠎ᠢᠶᠡᠷ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ᠌ ᠶᠠᠷᠢᠯᠴᠠᠬᠤ ᠬᠤᠷᠠᠯ ᠬᠤᠷᠠᠯᠳᠤᠭᠤᠯᠵᠤ᠂ ᠬᠡᠰᠡᠭ ᠲᠥᠷᠥ᠎ᠶᠢᠨ ᠪᠣᠳᠣᠯᠭ᠎ᠠ᠎ᠶᠢᠨ ᠴᠢᠨᠠᠷᠲᠠᠶ ᠪᠠᠩᠬᠢ᠂ ᠬᠤᠳᠠᠯᠳᠤᠭᠠᠨ᠎ᠤ ᠪᠠᠩᠬᠢ᠂ ᠳᠠᠭᠠᠳᠬᠠᠯ᠎ᠤᠨ ᠺᠣᠮᠫᠠᠨᠢ᠎ᠶᠢᠨ ᠬᠢᠨ ᠤ᠋ ᠪᠥᠬᠥ᠌ ᠣᠷᠣᠨ᠎ᠤ ᠪᠠᠩᠬᠢ᠎ᠶᠢᠨ ᠦᠢᠯᠡᠰ ᠳᠠᠭᠠᠳᠬᠠᠯ᠎ᠤᠨ ᠦᠢᠯᠡᠰ᠎ᠦᠨ ᠬᠥᠭᠵᠢᠯᠲᠡ᠎ᠶᠢᠨ ᠳᠤᠮᠳᠠ ᠣᠷᠣᠰᠢᠵᠤ ᠪᠠᠶ᠋ᠢᠭ᠎ᠠ ᠬᠦᠴᠢᠷᠳᠡᠯ ᠠᠰᠠᠭᠤᠳᠠᠯ ᠪᠣᠯᠤᠨ ᠲᠠᠷᠠᠭᠠᠴᠢ᠎ᠶᠢᠨ ᠠᠯᠬᠤᠮ᠎ᠤᠨ ᠰᠠᠨᠠᠭᠤᠯᠭ᠎ᠠ ᠵᠢᠨ ᠲᠤᠬᠠᠢ ᠰᠣᠨᠣᠰᠪᠠ᠃ ᠲᠡᠷᠡ᠂ ᠮᠥᠩᠭᠥᠨ ᠭᠦᠢᠯᠭᠡᠭᠡᠨ ᠪᠣᠯ ᠠᠵᠤ ᠠᠬᠤᠢ᠎ᠶᠢᠨ ᠠᠮᠢᠨ ᠰᠤᠳᠠᠰᠤ ᠮᠥᠨ᠂ ᠪᠣᠳᠠᠲᠤ᠌ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ᠌ ᠪᠣᠯ ᠮᠥᠩᠭᠥᠨ ᠭᠦᠢᠯᠭᠡᠭᠡᠨ᠎ᠦ ᠭᠣᠣᠯ ᠬᠠᠷᠢᠭᠤᠴᠠᠯᠭ᠎ᠠ ᠮᠥᠨ᠃ ᠶᠡᠷᠦᠩᠬᠡᠶ ᠱᠦᠵᠢ ᠰᠢ ᠵᠢᠨ ᠫᠢᠩ᠎ᠦᠨ ᠮᠥᠩᠭᠥᠨ ᠭᠦᠢᠯᠭᠡᠭᠡᠨ᠎ᠦ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢᠨ ᠲᠣᠭᠣᠷᠢᠨ᠎ᠳᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠂ ᠪᠣᠬᠢᠷᠲᠤᠯ ᠥᠬᠡᠶ ᠮᠥᠩᠭᠥᠨ ᠭᠦᠢᠯᠭᠡᠭᠡᠨ᠂ ᠲᠦᠭᠡᠮᠡᠯ ᠬᠠᠷᠠᠭᠠᠯᠵᠠᠯᠲᠤ᠌ ᠮᠥᠩᠭᠥᠨ ᠭᠦᠢᠯᠭᠡᠭᠡᠨ᠂ ᠨᠠᠰᠤᠵᠢᠯ᠎ᠤᠨ ᠠᠰᠠᠷᠠᠮᠵᠢ᠎ᠶᠢᠨ ᠮᠥᠩᠭᠥᠨ ᠭᠦᠢᠯᠭᠡᠭᠡᠨ᠂ ᠲᠣᠭᠠᠴᠢᠯᠠᠭᠰᠠᠨ ᠮᠥᠩᠭᠥᠨ ᠭᠦᠢᠯᠭᠡᠭᠡᠨ ᠵᠡᠷᠭᠡ 《ᠲᠠᠪᠤᠨ ᠶᠡᠬᠡ ᠠᠵᠢᠯ》 ᠢ᠋ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠬᠡᠪᠴᠢᠶ᠎ᠡ᠎ᠵᠢ ᠦᠨᠡᠨ ᠬᠦ᠌  ᠶᠡᠭᠡᠰᠭᠡᠵᠤ᠂ ᠶᠠᠰᠤ ᠴᠢᠨᠠᠷ᠎ᠢ ᠳᠡᠭᠡᠭᠰᠢᠯᠡᠭᠦᠯᠦᠨ᠂ ᠠᠶᠤᠯ ᠲᠦᠭᠰᠢᠭᠦᠷᠢ᠎ᠶᠢ ᠰᠡᠷᠭᠡᠶ᠋ᠢᠯᠡᠵᠦ᠍᠂ ᠴᠢᠨᠠᠷ ᠰᠠᠶ᠋ᠢᠲᠠᠶ ᠮᠥᠩᠭᠥᠨ ᠭᠦᠢᠯᠭᠡᠭᠡᠨ᠎ᠦ ᠬᠠᠩᠭᠠᠯᠭ᠎ᠠ᠎ᠪᠠᠷ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠨ ᠨᠡᠮᠡᠷᠢᠯᠡᠬᠦ᠌ ᠬᠡᠷᠡᠭᠲᠡᠶ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠪᠤᠳᠤᠯᠳᠠ ᠵᠢᠨ ᠬᠦᠴᠤᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠂ ᠬᠣᠪᠣᠷ ᠰᠢᠷᠣᠶ ᠥᠩᠭᠡᠲᠦ᠍ ᠲᠡᠮᠦᠷᠯᠢᠭ᠂ ᠠᠮᠢᠳᠤ ᠪᠣᠳᠠᠰ ᠤ᠋ᠨ ᠦᠢᠯᠡᠳᠬᠦ ᠦᠢᠯᠡᠰ ᠵᠡᠷᠭᠡ ᠥᠪᠥᠷ ᠮᠣᠩᠭᠣᠯ᠎ᠤᠨ ᠤᠨᠴᠠᠯᠢᠬᠳᠤ ᠳᠠᠪᠠᠭᠤᠯᠢᠭ ᠠᠵᠤ ᠦᠢᠯᠡᠰ ᠪᠣᠯᠤᠨ 《ᠨᠢᠭᠡ ᠴᠢᠬᠤᠯᠠ ᠨᠢᠭᠡ ᠭᠤᠤᠯᠳᠠᠯᠭ᠎ᠠ》 ᠵᠢᠨ ᠪᠥᠲᠥᠭᠡᠨ ᠪᠠᠶ᠋ᠢᠭᠤᠯᠤᠯᠲᠠ᠂ 《ᠬᠣᠶᠠᠷ᠎ᠢ ᠰᠢᠨᠡᠳᠬᠡᠬᠦ》 ᠠᠵᠢᠯ᠂《ᠵᠢᠷᠭᠤᠭᠠᠨ ᠲᠤᠤᠷ》 ᠤ᠋ᠨ ᠲᠥᠯᠥᠪᠵᠢᠭᠦᠯᠭᠡ ᠪᠥᠲᠥᠭᠡᠨ ᠪᠠᠶ᠋ᠢᠭᠤᠯᠤᠯᠲᠠ᠂ ᠴᠢᠯᠥᠭᠡᠲᠦ᠍ ᠠᠷᠠᠯᠵᠢᠶᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠭᠦ᠂ ᠬᠣᠲᠠ᠎ᠶᠢ ᠰᠢᠨᠡᠳᠬᠡᠬᠦ᠂ 《ᠦᠳᠡᠬᠦᠰ ᠨᠢᠯᠬᠠᠰ》 ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠲᠠᠶ ᠨᠢᠭᠲᠠ ᠤᠶᠠᠯᠳᠤᠭᠤᠯᠤᠨ᠂ ᠬᠡᠷᠡᠭᠴᠡᠭᠡ᠎ᠳᠦᠨᠢ ᠲᠣᠬᠢᠷᠠᠭᠤᠯᠤᠨ ᠮᠥᠩᠭᠥᠨ ᠭᠦᠢᠯᠭᠡᠭᠡᠨ᠎ᠦ ᠦᠢᠯᠡᠳᠬᠦᠨ᠎ᠢ ᠲᠣᠭᠲᠠᠭᠠᠵᠤ᠂ ᠵᠠᠰᠠᠭ ᠪᠠᠩᠬᠢ ᠠᠵᠤ ᠠᠬᠤᠶ᠋ᠢᠯᠠᠯ᠎ᠢ ᠪᠠᠶ᠋ᠢᠩᠭᠤᠵᠢᠭᠤᠯᠤᠨ ᠵᠣᠯᠭᠠᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ᠂ ᠭᠤᠤᠯᠳᠠᠯᠭ᠎ᠠ᠎ᠲᠠᠶ ᠠᠵᠤ ᠦᠢᠯᠡᠰ ᠪᠣᠯᠤᠨ ᠲᠥᠷᠥᠯ ᠵᠦᠢᠯ᠎ᠦᠨ ᠪᠠᠯᠠ ᠬᠤᠷᠠᠮᠳᠤᠭᠤᠯᠬᠤ ᠬᠡᠷᠡᠭᠴᠡᠭᠡ᠎ᠶᠢᠨ ᠨᠠᠷᠢᠨ ᠲᠠᠨᠭᠰᠡ ᠵᠢ ᠪᠠᠶ᠋ᠢᠭᠤᠯᠵᠤ᠂ ᠪᠠᠯᠠ ᠬᠤᠷᠠᠮᠳᠤᠭᠤᠯᠬᠤ᠎ᠳᠤ ᠬᠦᠴᠢᠷᠲᠡᠶ᠂ ᠪᠡᠯᠡ ᠬᠤᠷᠠᠮᠳᠤᠭᠤᠯᠬᠤ ᠳ᠋ᠤ ᠤᠳᠠᠭᠠᠨ᠂ ᠪᠡᠯᠡ ᠬᠤᠷᠠᠮᠳᠤᠭᠤᠯᠬᠤ ᠳ᠋ᠤ ᠦᠨᠡᠳᠠᠢ ᠪᠠᠢᠬᠤ ᠡᠪᠡᠷᠰᠢᠶᠠᠯ ᠪᠠ ᠲᠦᠭᠵᠢᠷᠠᠯ ᠠᠰᠠᠭᠤᠳᠠᠯ ᠢ᠋ ᠬᠠᠷᠠᠯᠳᠠ ᠲᠠᠢ ᠪᠡᠷ ᠰᠢᠢᠳᠪᠤᠷᠢᠯᠡᠨ᠂ ᠮᠦᠨᠭᠭᠦᠨ ᠬᠦᠢᠯᠭᠡᠭᠡᠨ ᠤ᠋ ᠪᠤᠳᠠᠳᠤ ᠴᠤᠬᠴᠠ ᠵᠢᠨ ᠠᠵᠤ ᠠᠬᠤᠢ ᠳ᠋ᠤ ᠦᠢᠯᠡᠴᠢᠯᠡᠬᠦ ᠶᠠᠰᠤ ᠴᠢᠨᠠᠷ ᠦᠷ᠎ᠠ ᠠᠰᠢᠭ ᠢ᠋ ᠦᠨᠡᠨ ᠬᠦ᠌ ᠲᠡᠭᠡᠭᠰᠢᠯᠡᠬᠦᠯᠬᠦ ᠭᠡᠷᠡᠭᠳᠠᠢ᠃ ᠡᠯ᠎ᠡ ᠲᠥᠷᠥᠯ᠎ᠦᠨ ᠮᠥᠩᠭᠥᠨ ᠭᠦᠢᠯᠭᠡᠭᠡᠨ᠎ᠦ ᠡᠬᠢ ᠪᠠᠶᠠᠯᠢᠭ᠎ᠢ ᠶᠡᠷᠦᠩᠬᠡᠶ᠋ᠢᠯᠡᠨ ᠰᠠᠶ᠋ᠢᠲᠤᠷ ᠠᠰᠢᠭᠯᠠᠵᠤ᠂ ᠵᠣᠭᠣᠰᠣᠨ᠎ᠤ ᠲᠥᠷᠥ᠎ᠶᠢᠨ ᠪᠣᠳᠣᠯᠭ᠎ᠠ᠎ᠶᠢᠨ ᠪᠠᠭᠠᠵᠢ᠎ᠶᠢᠨ ᠶᠡᠷᠦᠩᠬᠡᠶ᠋ᠢᠯᠡᠭᠰᠡᠨ ᠦᠷ᠎ᠡ ᠪᠦᠲᠦᠮᠵᠢ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠰᠲ᠋ᠣᠺ᠂ ᠵᠢᠭᠡᠯᠡᠯᠭᠡ᠎ᠶᠢᠨ ᠲᠡᠮᠳᠡᠭᠲᠦ᠍᠂ REITs ᠵᠡᠷᠭᠡ ᠰᠢᠭᠤᠳ ᠪᠠᠯᠠ ᠬᠤᠷᠠᠮᠳᠤᠭᠤᠯᠬᠤ ᠪᠠᠭᠠᠵᠢ᠎ᠶᠢ ᠭᠦᠢᠴᠡᠳ ᠬᠡᠷᠡᠭᠯᠡᠵᠦ᠍᠂ ᠨᠠᠩ ᠣᠯᠠᠨ ᠳᠠᠭᠠᠳᠬᠠᠯ᠎ᠤᠨ ᠪᠠᠯᠠ ᠮᠥᠩᠭᠥ᠎ᠶᠢ ᠥᠪᠥᠷ ᠮᠣᠩᠭᠣᠯ᠎ᠳᠤ ᠣᠷᠣᠭᠤᠯᠬᠤ᠎ᠶᠢ ᠬᠥᠲᠥᠯᠥᠨ ᠵᠢᠯᠣᠭᠣᠳᠴᠤ᠌᠂ ᠣᠯᠠᠨ ᠲᠠᠰ ᠳᠠᠪᠬᠤᠷᠭ᠎ᠠ᠎ᠶᠢᠨ ᠣᠯᠠᠨ ᠡᠰᠢᠵᠢᠭᠰᠡᠨ ᠪᠠᠯᠠ ᠬᠤᠷᠠᠮᠳᠤᠭᠤᠯᠬᠤ ᠰᠢᠰᠲ᠋ᠧᠮ᠎ᠢ ᠪᠠᠶ᠋ᠢᠭᠤᠯᠬᠤ ᠬᠡᠷᠡᠭᠲᠡᠶ᠃ ᠠᠶᠤᠯ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌᠎ᠶᠢ ᠮᠥᠩᠭᠥᠨ ᠭᠦᠢᠯᠭᠡᠭᠡᠨ᠎ᠦ ᠠᠵᠢᠯ᠎ᠤᠨ ᠥᠨᠢᠳᠡ᠎ᠶᠢᠨ ᠭᠣᠣᠯ ᠰᠡᠳᠦᠪ ᠪᠣᠯᠭᠠᠵᠤ᠂ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶ᠋ᠢᠵᠢᠭᠤᠯᠵᠤ᠂ ᠪᠠᠶ᠋ᠢᠭᠤᠯᠤᠮᠵᠢ᠎ᠶᠢᠨ ᠬᠢᠨᠠᠯᠲᠠ ᠬᠠᠮᠢᠶᠠᠷᠤᠯᠲᠠ᠂ ᠠᠵᠢᠯᠯᠠᠭ᠎ᠠ᠎ᠶᠢᠨ ᠬᠢᠨᠠᠯᠲᠠ ᠬᠠᠮᠢᠶᠠᠷᠤᠯᠲᠠ᠂ ᠦᠢᠯᠡᠳᠦᠯ ᠴᠢᠳᠠᠮᠵᠢ᠎ᠶᠢᠨ ᠬᠢᠨᠠᠯᠲᠠ ᠬᠠᠮᠢᠶᠠᠷᠤᠯᠲᠠ᠂ ᠨᠡᠪᠳᠡᠯᠬᠦ ᠮᠠᠶᠢᠭ᠎ᠤᠨ ᠬᠢᠨᠠᠯᠲᠠ ᠬᠠᠮᠢᠶᠠᠷᠤᠯᠲᠠ᠂ ᠦᠷᠭᠦᠯᠵᠢᠯᠡᠭᠰᠡᠨ ᠬᠢᠨᠠᠯᠲᠠ ᠬᠠᠮᠢᠶᠠᠷᠤᠯᠲᠠ᠎ᠶᠢ ᠪᠦᠬᠦ᠌ ᠲᠠᠯ᠎ᠠ᠎ᠪᠠᠷ ᠴᠢᠩᠭᠠᠳᠬᠠᠵᠤ᠂ ᠳᠤᠮᠳᠠ ᠪᠠᠭ᠎ᠠ ᠮᠥᠩᠭᠥᠨ ᠭᠦᠢᠯᠭᠡᠭᠡᠨ᠎ᠦ ᠪᠠᠶ᠋ᠢᠭᠤᠯᠤᠮᠵᠢ᠎ᠶᠢᠨ ᠠᠶᠤᠯ ᠲᠦᠭᠰᠢᠭᠦᠷᠢ᠎ᠶᠢ ᠰᠡᠷᠭᠡᠶ᠋ᠢᠯᠡᠨ ᠠᠷᠢᠯᠭᠠᠵᠤ᠂ ᠬᠠᠤᠯᠢ ᠪᠤᠰᠤ ᠮᠥᠩᠭᠥᠨ ᠭᠦᠢᠯᠭᠡᠭᠡᠨ᠎ᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠍᠂ ᠰᠢᠰᠲ᠋ᠧᠮ᠎ᠦᠨ ᠴᠢᠨᠠᠷᠲᠠᠢ ᠠᠶᠤᠯ ᠲᠦᠭᠰᠢᠭᠦᠷᠢ ᠦᠯᠦ᠍ ᠡᠭᠦᠰᠬᠦ ᠬᠣᠷᠢᠭ᠎ᠠ ᠱᠤᠭᠤᠮ᠎ᠢ ᠪᠠᠲᠤ᠌ ᠰᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃

ᠸᠠᠩ ᠪᠧᠨ ᠴᠢᠶᠠᠩ ᠠᠵᠢᠯᠯᠠᠭ᠎ᠠ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面