ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-05 11:52:08

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

ᠯᠢ ᠳ᠋ᠦᠩ ᠰᠢᠦᠢ ᠶᠠᠷᠢᠶ᠎ᠠ ᠲᠠᠯᠪᠢᠪᠠ


11 ᠰᠠᠷ᠎ᠠ᠎ᠶᠢᠨ 4 ᠎ᠤ᠋ ᠡᠳᠦᠷ᠂ ᠪᠦᠬᠦ ᠣᠷᠣᠨ᠎ᠤ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠲᠤᠷᠰᠢᠯᠭ᠎ᠠ ᠰᠣᠯᠢᠯᠴᠠᠬᠤ ᠶᠠᠷᠢᠯᠴᠠᠬᠤ ᠬᠤᠷᠠᠯ ᠸᠢᠳᠢᠤ᠋ ᠬᠡᠯᠪᠡᠷᠢ᠎ᠪᠡᠷ ᠬᠥᠬᠡᠬᠣᠲᠠ᠎ᠳᠤ ᠬᠤᠷᠠᠯᠳᠤᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠥᠭᠦᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠤᠷᠰᠢᠯᠭ᠎ᠠ᠎ᠪᠠᠨ ᠳ᠋ᠦᠩᠨᠡᠨ ᠰᠣᠯᠢᠯᠴᠠᠵᠤ᠂ ᠲᠠᠷᠠᠭᠠᠴᠢ᠎ᠶᠢᠨ ᠠᠯᠬᠤᠮ᠎ᠤᠨ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠯᠢ ᠳ᠋ᠦᠩ ᠰᠢᠦᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠯᠢ ᠳ᠋ᠦᠩ ᠰᠢᠦᠢ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠦᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠢᠭᠤᠯᠭ᠎ᠠ᠎ᠶᠢᠨ ᠪᠠᠢᠭᠤᠯᠤᠯᠲᠠ᠎ᠶᠢᠨ ᠦᠨᠳᠦᠰᠦᠨ ᠪᠠᠲᠤᠯᠠᠭ᠎ᠠ ᠮᠥᠨ᠃ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠣᠨ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠪᠣᠯᠣᠨ 《ᠲᠣᠭᠲᠠᠭᠠᠯ》 ᠤ᠋ᠨ ᠡᠯ᠎ᠡ ᠵᠦᠢᠯ᠎ᠦᠨ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠰᠠᠢᠲᠤᠷ ᠬᠢᠬᠦ ᠤᠯᠤᠰ ᠲᠥᠷᠥ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠶ᠋ᠯᠡ ᠠᠵᠢᠯᠯᠠᠭ᠎ᠠ᠎ᠶᠢᠨ ᠤᠬᠠᠮᠰᠠᠷ᠎ᠢᠶᠠᠨ ᠴᠢᠩᠭᠠᠳᠬᠠᠬᠤ ᠬᠡᠷᠡᠭᠲᠡᠢ᠃ ᠭᠣᠣᠯᠳᠠᠯᠭ᠎ᠠ᠎ᠲᠠᠢ ᠡᠭᠦᠷᠭᠡ᠎ᠶᠢ ᠪᠣᠳᠠᠲᠠᠢ ᠠᠳᠬᠤᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠮᠠᠨ᠎ᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠰᠠᠢᠲᠤᠷ ᠠᠳᠬᠤᠬᠤ᠎ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面