2026-11-05 11:19:04
ᠸᠠᠩ ᠸᠧᠢ ᠵᠦᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠪᠤᠤ ᠭᠠᠩ ᠱᠢ ᠭᠤᠸᠠᠩ ᠬᠤᠢ ᠤᠷᠤᠯᠴᠠᠵᠠᠢ
11 ᠰᠠᠷ᠎ᠠ᠎ᠶᠢᠨ 4 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠠᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠥᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

11 ᠰᠠᠷ᠎ᠠ᠎ᠶᠢᠨ 4 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠥᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠳᠤᠰ ᠰᠤᠨᠢᠨ ᠤ᠋ ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ ᠵᠢᠨ ᠱᠦᠵᠢ ᠱᠢ ᠭᠤᠸᠠᠩ ᠬᠣᠶ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠤᠳᠤᠷᠢᠳᠬᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠤᠳᠤᠷᠢᠳᠬᠤ ᠨᠥᠬᠥᠳ᠂ ᠮᠤᠵᠢ᠎ᠶᠢᠨ ᠲᠠᠰ᠎ᠤᠨ ᠠᠵᠢᠯ ᠡᠴᠡ᠎ᠪᠠᠨ ᠠᠮᠠᠷᠠᠭᠰᠠᠨ ᠬᠡᠰᠡᠭ ᠠᠬᠠᠮᠠᠳ ᠨᠥᠬᠥᠳ ᠣᠷᠣᠯᠴᠠᠵᠠᠢ᠃
ᠸᠠᠩ ᠸᠧᠢ ᠵᠦᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ ᠃ ᠶᠡᠷᠦᠩᠬᠡᠢ ᠱᠦᠵᠢ ᠰᠢ ᠵᠢᠨ ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠲᠤᠬᠠᠢ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶᠢᠨ ᠠᠰᠠᠭᠤᠳᠠᠯ᠎ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠪᠢᠳᠡᠨ᠎ᠦ ᠠᠵᠢᠯ᠎ᠢᠶᠠᠨ ᠰᠠᠢᠲᠤᠷ ᠬᠢᠬᠦ᠎ᠳᠦ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠪᠦᠬᠦᠳᠠ ᠬᠤᠷᠠᠯ ᠡᠴᠡ ᠬᠢᠨᠠᠨ ᠵᠥᠪᠯᠡᠵᠦ ᠪᠠᠲᠤᠯᠠᠭᠰᠠᠨ 《 ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ 》 ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠃ ᠪᠥᠬᠥ ᠣᠷᠣᠨ᠎ᠤ ᠡᠯ᠎ᠡ ᠱᠠᠲᠤᠨ᠎ᠤ ᠬᠢᠨ ᠰᠡᠳᠬᠢᠯ ᠲᠠᠯᠪᠢᠨ ᠰᠤᠷᠤᠯᠴᠠᠨ ᠣᠢᠯᠠᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ᠋ ᠰᠠᠨᠠᠭ᠎ᠠ᠎ᠲᠠᠢ ᠨᠢᠭᠡᠳᠬᠡᠵᠦ᠂《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠡᠷᠳᠡᠢ ᠠᠴᠢ ᠬᠣᠯᠪᠣᠭᠳᠠᠯ᠎ᠢ ᠨᠠᠩ ᠭᠦᠨᠵᠡᠭᠡᠢ ᠣᠢᠯᠠᠭᠠᠵᠤ᠂《ᠬᠣᠶᠠᠷ᠎ᠢ ᠬᠠᠮᠠᠭᠠᠯᠠᠬᠤ》ᠵᠢ ᠨᠠᠩ ᠡᠷᠡᠰ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠪᠠᠲᠤ ᠤᠷᠤᠭᠰᠢᠯᠠᠬᠤ ᠬᠡᠷᠡᠭᠳᠠᠢ᠃ ᠰᠢᠨ᠎ᠡ ᠴᠠᠭ ᠦᠶ᠎ᠡ ᠵᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ ᠪᠦᠲᠦᠮᠵᠢ᠎ᠶᠢ ᠭᠦᠨᠵᠡᠭᠡᠢ ᠣᠢᠯᠠᠭᠠᠵᠤ᠂ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠢᠲᠡᠭᠡᠯ ᠵᠣᠷᠢᠭ᠋᠎ᠢᠶᠠᠨ ᠪᠠᠲᠤᠳᠬᠠᠬᠤ ᠬᠡᠷᠡᠭᠲᠡᠢ᠃ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠴᠢᠬᠤᠯᠠ ᠶᠡᠬᠡ ᠵᠢᠯᠤᠭᠣᠳᠬᠤ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ ᠦᠨᠡᠨ ᠬᠦ᠌ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠡᠷ ᠲᠠᠷᠢᠬᠢ ᠲᠣᠯᠣᠭᠠᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ᠎ᠶᠢᠨ ᠴᠢᠬᠤᠯᠠ ᠴᠢᠨᠠᠷ ᠲᠤᠯᠭᠠᠮ ᠴᠢᠨᠠᠷ᠎ᠢ ᠭᠦᠨᠵᠡᠭᠡᠢ ᠣᠢᠯᠠᠭᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠡᠬᠦᠷᠬᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠵᠢᠯᠤᠭᠣᠳᠬᠤ ᠦᠵᠡᠯ ᠰᠠᠨᠠᠭ᠎ᠠ ᠪᠠ ᠵᠠᠷᠴᠢᠮ᠎ᠢ ᠭᠦᠨᠵᠡᠭᠡᠢ ᠣᠢᠯᠠᠭᠠᠵᠤ᠂ ᠵᠥᠪ ᠠᠵᠢᠯ᠎ᠤᠨ ᠴᠢᠭᠯᠡᠯ᠎ᠢ ᠪᠠᠲᠤ ᠡᠵᠡᠮᠳᠡᠬᠦ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠭᠦᠨᠵᠡᠭᠡᠢ ᠣᠢᠯᠠᠭᠠᠵᠤ᠂ ᠲᠤᠭᠤᠰᠢᠯᠠᠭᠤᠯᠤᠨ ᠬᠡᠷᠡᠭᠵᠢᠭᠦᠯᠬᠦ᠎ᠶᠢ ᠬᠠᠷᠠᠯᠳᠠ ᠲᠠᠢ ᠪᠡᠷ ᠠᠷᠭ᠎ᠠ ᠠᠪᠴᠤ ᠰᠠᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃
ᠸᠠᠩ ᠸᠧᠢ ᠵᠦᠩ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠥᠷ ᠮᠣᠩᠭᠣᠯ᠎ᠤᠨ ᠪᠣᠳᠠᠳᠤ ᠪᠠᠢᠳᠠᠯ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃ ᠨᠠᠮᠴᠢ ᠴᠢᠨᠠᠷ᠎ᠢ ᠴᠢᠩᠭᠠᠳᠬᠠᠬᠤ ᠡᠨᠡ ᠬᠦ᠌ ᠦᠨᠳᠦᠰᠦᠨ ᠴᠢᠨᠠᠷᠲᠠᠢ ᠡᠭᠦᠷᠭᠡ᠎ᠶᠢ ᠪᠣᠳᠠᠲᠠᠢ ᠬᠢᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢ᠋ ᠨᠢᠬᠳᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠎ᠶᠢ ᠬᠥᠮᠦᠵᠢᠭᠦᠯᠦᠨ ᠵᠢᠯᠣᠭᠣᠳᠬᠤ ᠬᠡᠷᠡᠭᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ᠌ ᠡᠨᠡ ᠬᠦ᠌ ᠳᠣᠲᠣᠭᠠᠳᠤ ᠱᠠᠭᠠᠷᠳᠠᠯᠭ᠎ᠠ᠎ᠶᠢ ᠵᠢᠷᠤᠮᠯᠠᠵᠤ᠂ ᠢᠮᠠᠭᠲᠠ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠰᠢᠨᠵᠢᠯᠡᠬᠦ᠌ ᠤᠬᠠᠭᠠᠨᠴᠢ᠎ᠪᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠲᠦᠪᠰᠢᠨ᠎ᠢᠶᠡᠨ ᠪᠦᠬᠦ᠌ ᠲᠠᠯ᠎ᠠ᠎ᠪᠠᠷ ᠳᠡᠭᠡᠭᠰᠢᠯᠡᠭᠦᠯᠬᠦ᠌ ᠬᠡᠷᠡᠭᠲᠡᠢ᠃ ᠳᠠᠷᠤᠭ᠎ᠠ ᠲᠤᠰᠢᠶᠠᠯᠲᠠᠨ᠎ᠢ ᠴᠢᠩᠭ᠎ᠠ ᠵᠠᠰᠠᠬᠤ ᠡᠨᠡ ᠬᠦ᠌ ᠵᠠᠩᠭᠢᠯᠠᠭ᠎ᠠ᠎ᠶᠢ ᠴᠢᠩᠭ᠎ᠠ ᠠᠳᠬᠤᠵᠤ᠂ ᠰᠢᠨ᠎ᠡ ᠴᠠᠭ ᠦᠶ᠎ᠡ᠎ᠶᠢᠨ ᠰᠠᠢ᠌ᠨ ᠺᠠᠳ᠋ᠷ᠎ᠤᠨ ᠪᠠᠷᠢᠮᠵᠢᠶ᠎ᠠ ᠪᠠ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡ᠎ᠶᠢᠨ ᠲᠤᠬᠠᠢ《ᠲᠦᠷᠪᠡᠨ ᠣᠨᠴᠠᠭᠠᠢᠯᠠᠨ》 ᠤ᠋ ᠴᠢᠬᠤᠯᠠ ᠱᠠᠭᠠᠷᠳᠠᠯᠭ᠎ᠠ ᠶᠣᠰᠣᠭᠠᠷ᠂ ᠤᠯᠤᠰ ᠲᠦᠷᠦ᠎ᠶᠢᠨ ᠲᠠᠯ᠎ᠠ᠎ᠪᠠᠷ ᠪᠠᠲᠤ᠌ ᠴᠢᠩᠭ᠎ᠠ᠂ ᠡᠷᠳᠡᠮ ᠴᠢᠳᠠᠪᠤᠷᠢ ᠴᠠᠭᠠᠷᠠᠬᠰᠡᠨ᠂ ᠰᠤᠷᠲᠠᠯ ᠰᠢᠯᠢᠳᠡᠭ᠂ ᠰᠠᠬᠢᠯᠭ᠎ᠠ ᠪᠠᠲᠤ᠌ ᠴᠢᠩᠭ᠎ᠠ ᠪᠠᠢᠬᠤ ᠥᠨᠳᠥᠷ ᠬᠡᠪ ᠪᠣᠯᠪᠠᠰᠤᠷᠠᠯ ᠪᠦᠬᠦᠢ ᠺᠠᠳ᠋ᠷ᠎ᠤᠨ ᠡᠩᠨᠡᠭᠡ᠎ᠶᠢ ᠪᠠᠶ᠋ᠢᠭᠤᠯᠬᠤ ᠭᠡᠷᠡᠭᠳᠠᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠭᠡᠬᠦ᠌ ᠡᠨᠡ ᠬᠦ᠌ ᠭᠣᠣᠯ ᠴᠣᠭᠴᠠ᠎ᠶᠢ ᠪᠣᠳᠠᠲᠠᠢ ᠠᠳᠬᠤᠵᠤ᠂ ᠡᠯ᠎ᠡ ᠱᠠᠳᠤ ᠳᠠᠪᠬᠤᠷᠭ᠎ᠠ ᠡᠯ᠎ᠡ ᠬᠦᠷᠢᠶᠡᠨ᠎ᠳ᠋ᠡᠬᠢ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠎ᠶᠢ ᠰᠢᠰᠲᠸᠮᠵᠢᠬᠦᠯᠤᠨ ᠠᠬᠢᠭᠤᠯᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠤᠳᠤᠯᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠳ᠋ᠤ ᠳᠡᠭᠡᠷ᠎ᠠ ᠳᠤᠤᠷ᠎ᠠ ᠱᠠᠳᠤ᠎ᠪᠠᠷ᠎ᠢᠶᠠᠨ ᠬᠠᠮᠵᠢᠯᠴᠠᠨ ᠬᠢᠵᠤ᠂ ᠨᠠᠷᠢᠯᠢᠭ ᠣᠨᠣᠪᠴᠢᠲᠠᠢ ᠪᠥᠭᠡᠳ ᠥᠨᠳᠥᠷ ᠪᠦᠲᠦᠮᠵᠢᠲᠡᠢ ᠪᠠᠶ᠋ᠢᠬᠤ᠎ᠶᠢ ᠪᠠᠲᠤᠯᠠᠬᠤ ᠬᠡᠷᠡᠭᠲᠡᠢ᠃ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ ᠡᠨᠡ ᠬᠦ᠌ ᠬᠦᠴᠦᠲᠡᠶ ᠠᠷᠭ᠎ᠠ ᠬᠡᠮᠵᠢᠶ᠎ᠡ᠎ᠶᠢ ᠴᠢᠩᠭᠠᠳᠬᠠᠵᠤ᠂ ᠲᠥᠪ ᠤ᠋ᠨ ᠨᠠᠢ᠍ᠮᠠᠨ ᠲᠣᠭᠲᠠᠭᠠᠯ ᠵᠢᠴᠢ ᠲᠡᠭᠦᠨ᠎ᠦ ᠬᠡᠷᠡᠭᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶᠢ ᠴᠥᠬᠥᠷᠡᠰᠢ ᠥᠬᠡᠶ ᠨᠠᠶ᠋ᠢᠳᠠᠪᠤᠷᠢᠵᠢᠭᠤᠯᠵᠤ᠂ ᠰᠠᠶ᠋ᠢᠨ ᠰᠠᠶ᠋ᠢᠬᠠᠨ ᠳᠦᠷᠢ ᠲᠥᠷᠬᠦ᠌᠎ᠪᠡᠷ ᠠᠷᠠᠳ ᠲᠦᠮᠡᠨ ᠤ᠋ ᠢᠲᠡᠭᠡᠯ᠎ᠢ ᠣᠯᠬᠤ ᠭᠡᠷᠡᠭᠳᠠᠢ᠃ ᠢᠯᠵᠢᠷᠡᠬᠦ᠎ᠡᠴᠡ ᠵᠢᠷᠦᠬᠡᠰᠢᠶᠡᠬᠦ᠌ ᠢᠯᠵᠢᠷᠠᠵᠤ ᠪᠣᠯᠬᠤ ᠦᠭᠡᠢ ᠢᠯᠵᠢᠷᠠᠬᠦ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠤᠬᠴᠠᠵᠢᠭᠤᠯᠤᠨ ᠠᠬᠢᠭᠤᠯᠬᠤ ᠡᠨᠡ ᠬᠦ᠌ ᠴᠢᠬᠤᠯᠠ ᠠᠷᠭ᠎ᠠ ᠪᠤᠳᠤᠯᠭ᠎ᠠ ᠪᠠ ᠢᠯᠵᠢᠷᠠᠯ᠎ᠢ ᠡᠰᠡᠷᠭᠦᠴᠡᠬᠦ᠌ ᠲᠡᠮᠡᠴᠡᠯ ᠤ᠋ᠨ ᠦᠨᠳᠦᠰᠦᠨ ᠴᠢᠭᠯᠡᠯᠲᠡ᠎ᠶᠢ ᠪᠠᠷᠢᠮᠲᠠᠯᠠᠵᠤ᠂《ᠬᠣᠶᠠᠷ ᠤᠬᠳᠤ ᠠᠭᠤᠴᠢᠯᠠᠬᠤ ᠦᠭᠡᠢ》ᠵᠢᠨ ᠴᠢᠬᠤᠯᠠ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠢᠯᠵᠢᠷᠠᠯ᠎ᠢ ᠭᠦᠨᠵᠡᠭᠡᠢ ᠠᠭᠤᠳᠠᠯᠠᠨ ᠲᠤᠶ᠋ᠢᠯᠪᠤᠷᠢᠲᠠᠢ ᠪᠠᠶ᠋ᠢᠴᠠᠭᠠᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠬᠢᠬᠦ᠌ ᠬᠡᠷᠡᠭᠲᠡᠢ᠃ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠶ᠋ᠢᠭᠤᠯᠤᠯᠲᠠ᠎ᠶᠢ ᠴᠢᠩᠭᠠᠳᠬᠠᠬᠤ ᠡᠨᠡ ᠬᠦ᠌ ᠠᠯᠤᠰ ᠬᠡᠳᠦ᠎ᠶᠢᠨ ᠪᠤᠳᠤᠯᠭ᠎ᠠ᠂ ᠦᠨᠳᠦᠰᠦᠨ ᠪᠤᠳᠤᠯᠭ᠎ᠠ᠎ᠶᠢ ᠰᠠᠶ᠋ᠢᠲᠤᠷ ᠬᠡᠷᠡᠭᠯᠡᠵᠦ᠍᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠰᠢᠰᠲ᠋ᠧᠮ᠎ᠢ ᠲᠡᠭᠦᠯᠳᠡᠷᠵᠢᠭᠦᠯᠦᠨ᠂ ᠳᠦᠷᠢᠮ᠎ᠦᠨ ᠬᠡᠷᠡᠭᠵᠢᠭᠦᠯᠬᠦ᠌ ᠬᠦᠴᠦᠨ᠎ᠢ ᠴᠢᠩᠭᠠᠷᠠᠭᠤᠯᠵᠤ᠂ ᠢᠯᠡ ᠶᠤᠰᠤ ᠳᠦᠷᠢᠮ᠎ᠢ ᠲᠣᠭᠲᠠᠭᠠᠵᠤ᠂ ᠳᠠᠯᠳᠠ ᠳᠦᠷᠢᠮ ᠭᠤᠷᠢᠮ᠎ᠢ ᠡᠪᠳᠡᠬᠦ ᠭᠡᠷᠡᠭᠳᠠᠢ᠃ ᠨᠠᠮ ᠪᠣᠯᠤᠨ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠡᠨ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭᠠᠬᠤ ᠭᠡᠷᠡᠭᠳᠠᠢ᠃ ᠰᠦᠨ ᠱᠤᠤ ᠴᠧᠩ᠎ᠦᠨ ᠬᠡᠷᠡᠭ᠂ ᠸᠠᠩ ᠯᠢ ᠰᠢᠶᠠ᠎ᠶᠢᠨ ᠬᠡᠷᠡᠭ᠎ᠢᠶᠡᠷ ᠲᠤᠯᠢ ᠪᠣᠯᠭᠠᠵᠤ ᠥᠭᠡᠷᠡᠴᠢᠯᠡᠯᠲᠡ᠎ᠶᠢ ᠠᠬᠢᠭᠤᠯᠵᠤ ᠵᠠᠰᠠᠯᠲᠠ᠎ᠶᠢ ᠠᠬᠢᠭᠤᠯᠬᠤ ᠵᠢ ᠬᠦᠨᠵᠡᠭᠡᠢᠷᠠᠬᠦᠯᠵᠤ᠂ ᠰᠠᠢ᠌ᠨ ᠰᠠᠶ᠋ᠢᠬᠠᠨ ᠤᠯᠤᠰ ᠲᠦᠷᠦ᠎ᠶᠢᠨ ᠠᠮᠢ ᠠᠬᠤᠢ ᠪᠣᠯᠤᠨ ᠬᠥᠭᠵᠢᠯᠲᠡ᠎ᠶᠢᠨ ᠣᠷᠴᠢᠨ ᠲᠣᠭᠣᠷᠢᠨ᠎ᠢ ᠬᠦᠴᠦᠯᠡᠨ ᠪᠤᠢ ᠪᠣᠯᠭᠠᠬᠤ ᠭᠡᠷᠡᠭᠳᠠᠢ ᠭᠡᠵᠤ ᠴᠢᠬᠤᠯᠠᠴᠢᠯᠠᠪᠠ᠃
ᠸᠠᠩ ᠸᠧᠢ ᠵᠦᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠠᠶ᠋ᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠶ᠋ᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠤᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠷᠢᠨ ᠨᠢᠭᠲᠠ ᠲᠤᠬᠢᠷᠠᠭᠤᠯᠤᠨ ᠪᠠᠶ᠋ᠢᠷᠢᠯᠠᠭᠤᠯᠵᠤ᠂ ᠰᠤᠷᠤᠯᠴᠠᠯᠭ᠎ᠠ ᠪᠣᠯᠪᠠᠰᠤᠷᠠᠯ᠎ᠢ ᠰᠠᠶ᠋ᠢᠲᠤᠷ ᠠᠳᠬᠤᠵᠤ᠂ ᠥᠷᠭᠡᠨ᠎ᠢᠶᠡᠷ ᠤᠬᠠᠭᠤᠯᠤᠨ ᠲᠠᠶ᠋ᠢᠯᠪᠤᠷᠢᠯᠠᠵᠤ᠂ ᠠᠵᠢᠯ᠎ᠢᠶᠠᠨ ᠭᠦᠨᠵᠡᠭᠡᠢ ᠪᠣᠳᠠᠲᠠᠢ ᠨᠠᠷᠢᠯᠢᠭ ᠬᠢᠵᠦ᠍᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ ᠵᠢᠯ᠎ᠦᠨ ᠡᠴᠦᠰ ᠤᠨ ᠤ᠋ ᠡᠬᠢᠨ᠎ᠦ ᠡᠯ᠎ᠡ ᠵᠦᠢᠯ᠎ᠦᠨ ᠠᠵᠢᠯ᠎ᠢ ᠨᠢᠭᠡᠳᠦᠯᠲᠡᠶ ᠲᠥᠯᠥᠪᠵᠢᠬᠦᠯᠤᠨ ᠰᠠᠶ᠋ᠢᠲᠤᠷ ᠬᠢᠵᠦ᠍᠂ ᠵᠠᠰᠠᠭ᠎ᠤᠨ ᠠᠵᠢᠯ᠎ᠤᠨ ᠪᠦᠳᠤᠮᠵᠢ ᠵᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》ᠠᠵᠢᠯ᠎ᠤᠨ ᠪᠠᠶ᠋ᠢᠷᠢᠯᠠᠭᠤᠯᠤᠯᠲᠠ᠎ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶ᠎ᠶᠢᠨ ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠢᠰᠢ ᠬᠥᠭᠵᠢᠬᠦ᠌᠎ᠶᠢ ᠠᠬᠢᠭᠤᠯᠵᠤ᠂ ᠨᠡᠶ᠋ᠢᠭᠡᠮ᠎ᠦᠨ ᠶᠡᠬᠡ ᠲᠠᠯ᠎ᠠ᠎ᠶᠢᠨ ᠡᠶ᠎ᠡ ᠵᠣᠬᠢᠴᠠᠨᠭᠭᠤᠢ ᠲᠣᠭᠲᠠᠭᠤᠨ ᠢ᠋ ᠪᠠᠲᠤᠯᠠᠵᠥ᠂ ᠡᠨᠡ ᠵᠢᠯ᠎ᠦᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠭᠤᠤᠯ ᠬᠠᠷᠠᠯᠲᠠ ᠡᠭᠦᠷᠭᠡ᠎ᠶᠢ ᠪᠡᠶᠡᠯᠡᠭᠦᠯᠬᠦ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠶ᠋ᠢᠨ ᠰᠠᠶ᠋ᠢᠬᠠᠨ ᠡᠬᠢᠯᠡᠯᠲᠡ᠎ᠶᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠰᠢᠯᠢᠳᠡᠭ ᠬᠢᠷᠢ ᠪᠦᠳᠦᠮᠵᠢ ᠪᠠᠷ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠤᠨ ᠢᠯᠠᠯᠲᠠ᠎ᠲᠠᠶ ᠬᠤᠷᠠᠯᠳᠤᠬᠤ᠎ᠶᠢ ᠤᠭᠲᠤᠬᠤ ᠭᠡᠷᠡᠭᠳᠠᠢ ᠭᠡᠵᠤ ᠴᠢᠬᠤᠯᠠᠴᠢᠯᠠᠪᠠ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠶ᠋ᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃