ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-09 08:58:56

ᠵᠣᠬᠢᠶᠠᠭ᠍ᠴᠢ᠄ ​ᠰᠦᠩ ᠱᠤᠸᠠᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ ᠤᠯᠠᠭᠠᠨᠴᠠᠪ᠎ᠲᠤ᠌ ᠪᠣᠬᠢᠷᠲᠤᠯ ᠦᠭᠡᠢ ᠪᠤᠳᠤᠯᠲᠠ ᠵᠢᠨ ᠬᠦᠴᠦᠨ ᠪᠠ ᠳ᠋ᠠᠢᠲ᠋ᠠ᠎ᠶᠢᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠳᠤ ᠣᠷᠣᠯᠴᠠᠭᠰᠠᠨ ᠪᠥᠭᠡᠳ ᠪᠠᠶ᠋ᠢᠷᠢᠯᠠᠭᠤᠯᠤᠯᠲᠠ ᠬᠢᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠶᠢᠨ ᠲᠤᠬᠠᠶ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠰᠢᠨ ᠪᠠᠢᠬᠤ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠪᠣᠬᠢᠷᠲᠤᠯ ᠥᠬᠡᠶ ᠴᠠᠬᠢᠯᠭᠠᠨ ᠭᠦᠢᠴᠡᠳ᠂ ᠥᠪᠡᠷ᠎ᠦᠨ ᠥᠷᠲᠡᠭ ᠳᠤᠤᠷ᠎ᠠ᠂ ᠴᠠᠭ᠎ᠤᠨ ᠬᠣᠶ᠋ᠢᠰᠢᠯᠠᠯ ᠣᠬᠣᠷ᠂ ᠠᠭᠤᠷ ᠠᠮᠢᠰᠬᠤᠯ ᠰᠡᠷᠢᠭᠦᠨ᠂ ᠭᠠᠵᠠᠷ ᠰᠢᠨᠵᠢᠯᠡᠭᠡᠨ᠎ᠦ ᠲᠠᠯ᠎ᠠ ᠪᠡᠷ ᠲᠣᠭᠲᠠᠭᠤᠨ ᠵᠡᠷᠭᠡ ᠳᠠᠪᠠᠭᠤᠯᠢᠭ᠎ᠢ ᠪᠠᠳᠠᠷᠠᠭᠤᠯᠵᠤ᠂ ᠰᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠦᠯᠦᠪᠯᠡᠬᠦ᠂ ᠴᠢᠬᠤᠯᠠ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ᠎ᠤ᠎ᠪᠠᠲᠤᠯᠠᠭ᠎ᠠ᠎ᠶᠢ ᠴᠢᠩᠭᠠᠳᠬᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ ᠬᠡᠷᠡᠭᠲᠡᠶ᠃

 ᠪᠤᠳᠤᠯᠲᠠ ᠵᠢᠨ ᠬᠦᠴᠦᠨ᠎ᠦ ᠲᠥᠪ᠎ᠦᠨ ᠪᠥᠲᠥᠭᠡᠨ ᠪᠠᠶ᠋ᠢᠭᠤᠯᠤᠯᠲᠠ ᠡᠵᠡᠩᠨᠡᠯᠲᠡ᠎ᠶᠢ ᠪᠥᠬᠥ᠌ ᠬᠦᠴᠦᠨ᠎ᠢᠶᠡᠷ᠎ᠢᠶᠡᠨ ᠰᠠᠶ᠋ᠢᠲᠤᠷ ᠠᠳᠬᠤᠵᠤ᠂ ᠣᠷᠣᠨ ᠪᠦᠰᠡ᠎ᠶᠢᠨ ᠪᠤᠳᠤᠯᠲᠠ ᠵᠢᠨ ᠬᠦᠴᠦᠨ᠎ᠦ ᠪᠠᠶ᠋ᠢᠷᠢᠰᠢᠭᠤᠯᠤᠯᠲᠠ᠎ᠶᠢ ᠰᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠶ ᠲᠥᠯᠥᠪᠵᠢᠭᠦᠯᠵᠦ᠍᠂ ᠨᠢᠭᠡ ᠯᠡ ᠲᠤᠤᠷ᠎ᠠ ᠲᠡᠷᠪᠡᠬᠦ᠂ ᠡᠮᠬᠢ ᠵᠢᠷᠤᠮ ᠥᠬᠡᠶ ᠪᠥᠲᠥᠭᠡᠨ ᠪᠠᠶ᠋ᠢᠭᠤᠯᠬᠤ᠎ᠶᠢ ᠰᠡᠷᠭᠡᠶ᠋ᠢᠯᠡᠵᠦ᠍᠂ ᠨᠢᠭᠡᠨᠲᠡ ᠴᠣᠬᠣᠯᠠᠪᠤᠷᠢᠯᠠᠭᠰᠠᠨ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢ ᠴᠢᠨᠠᠭᠰᠢᠳᠠ ᠲᠦᠷᠭᠡᠳᠬᠡᠵᠦ᠍᠂ ᠰᠢᠨ᠎ᠡ ᠲᠥᠷᠥᠯ ᠵᠦᠢᠯ᠎ᠢ ᠢᠳᠡᠪᠬᠢᠲᠡᠶ ᠲᠦᠰᠦᠪᠯᠡᠨ ᠭᠤᠶᠤᠴᠢᠯᠠᠨ ᠮᠡᠳᠡᠭᠦᠯᠵᠦ᠂ ᠪᠥᠬᠥ᠌ ᠤᠯᠤᠰ᠎ᠤᠨ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠥᠨᠳᠥᠷᠯᠢᠭ᠎ᠢ ᠴᠢᠷᠮᠠᠶ᠋ᠢᠨ ᠪᠠᠶ᠋ᠢᠭᠤᠯᠬᠤ ᠬᠡᠷᠡᠭᠲᠡᠶ᠃ ᠳ᠋ᠠᠢᠲ᠋ᠠ᠎ᠶᠢᠨ ᠠᠵᠤ ᠦᠢᠯᠡᠰ᠎ᠢ ᠶᠡᠬᠡ᠎ᠪᠡᠷ ᠬᠥᠭᠵᠢᠭᠦᠯᠵᠦ᠍᠂ ᠳ᠋ᠠᠢᠲ᠋ᠠ᠎ᠶᠢᠨ ᠲᠣᠳᠣᠷᠬᠠᠶ᠋ᠢᠯᠠᠯᠲᠠ᠎ᠶᠢᠨ ᠬᠦᠷᠢᠶ᠎ᠡ᠎ᠶᠢ ᠭᠦᠨᠵᠡᠭᠡᠶ ᠬᠥᠭᠵᠢᠭᠦᠯᠵᠦ᠍᠂ ᠎ᠳ᠋ᠠᠢᠲ᠋ᠠ᠎ᠶᠢᠨ ᠲᠣᠳᠣᠷᠬᠠᠶ᠋ᠢᠯᠠᠯᠲᠠ᠎ᠶᠢ ᠨᠡᠶ᠋ᠢᠳᠡᠮ ᠬᠡᠷᠡᠭᠯᠡᠬᠦ᠌ ᠬᠡᠯᠪᠡᠷᠢ᠎ᠡᠴᠡ ᠠᠵᠢᠯ ᠲᠥᠷᠥᠯ᠎ᠦᠨ ᠬᠡᠯᠪᠡᠷᠢ᠂ ᠲᠤᠰᠬᠠᠶ ᠮᠡᠷᠭᠡᠵᠢᠯ᠎ᠦᠨ ᠬᠡᠯᠪᠡᠷᠢ ᠳᠠᠢᠰᠢ ᠥᠷᠭᠡᠳᠬᠡᠬᠦ᠌᠎ᠶᠢ ᠠᠬᠢᠭᠤᠯᠵᠤ᠂ ᠎ᠳ᠋ᠠᠢᠲ᠋ᠠ᠎ᠶᠢᠨ ᠥᠮᠴᠢᠯᠡᠬᠦ᠌ ᠡᠷᠬᠡ᠂ ᠭᠦᠢᠯᠭᠡᠭᠡ ᠠᠰᠢᠭᠯᠠᠯᠲᠠ᠂ ᠠᠰᠢᠭ ᠣᠷᠣᠯᠭ᠎ᠠ᠎ᠶᠢᠨ ᠬᠤᠪᠢᠶᠠᠷᠢᠯᠠᠯᠲᠠ ᠵᠡᠷᠭᠡ ᠰᠠᠭᠤᠷᠢ ᠲᠦᠷᠢᠮ᠎ᠢ ᠲᠡᠭᠦᠯᠳᠡᠷᠵᠢᠭᠦᠯᠵᠦ᠍᠂ ᠴᠢᠨᠠᠷ ᠰᠠᠶ᠋ᠢᠲᠠᠶ᠎ᠳ᠋ᠠᠢᠲ᠋ᠠ᠎ᠶᠢᠨ ᠴᠤᠭᠯᠠᠷᠠᠯ᠎ᠢ ᠪᠠᠶ᠋ᠢᠭᠤᠯᠵᠤ᠂ ᠎ᠳ᠋ᠠᠢᠲ᠋ᠠ᠎ᠶᠢᠨ ᠲᠠᠰᠤᠯᠪᠦᠷᠢ ᠵᠢᠨ ᠠᠵᠤ ᠠᠬᠤᠶ᠎ᠶᠢ ᠪᠣᠶ᠋ᠢᠵᠢᠭᠤᠯᠵᠤ᠂ ᠎ᠳ᠋ᠠᠢᠲ᠋ᠠ᠎ᠶᠢᠨ ᠠᠷᠠᠯᠵᠢᠶᠠᠨ᠎ᠤ ᠲᠠᠪᠴᠠᠩ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ ᠎ᠳ᠋ᠠᠢᠲ᠋ᠠ᠎ᠶᠢᠨ ᠡᠯᠧᠮᠧᠨ᠋ᠲ᠎ᠦᠨ ᠥᠷᠲᠡᠭ᠎ᠢ ᠭᠦᠢᠴᠡᠳ ᠪᠠᠳᠠᠷᠠᠭᠤᠯᠬᠤ ᠬᠡᠷᠡᠭᠲᠡᠶ᠃ ᠪᠤᠳᠤᠯᠳᠠ ᠵᠢᠨ ᠬᠦᠴᠦᠨ᠎ᠦ ᠡᠬᠢᠨ᠎ᠤ ᠪᠠ ᠡᠴᠦᠰ᠎ᠤᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠡᠯᠧᠺᠲᠷᠣᠨ᠎ᠤ ᠳᠡᠰ᠎ᠤᠨ ᠲᠠᠯᠠᠰᠲᠤ ᠴᠠᠬᠢᠭᠤᠷ ᠦᠢᠯᠡᠳᠬᠦ᠂ ᠵᠡᠰ ᠬᠥᠩᠭᠡᠨᠴᠠᠭᠠᠨ᠎ᠤ ᠮᠠᠲᠧᠷᠢᠶᠠᠯ᠎ᠢ ᠨᠠᠷᠢᠯᠢᠭ᠋ ᠪᠣᠯᠪᠠᠰᠤᠷᠠᠭᠤᠯᠬᠤ᠂ AI ᠬᠤᠪᠤᠷ ᠪᠤᠳᠠᠷᠬᠠᠢ ᠲᠡᠮᠦᠷᠯᠢᠭ᠎ᠦᠨ ᠦᠢᠯᠡᠳᠪᠦᠷᠢᠯᠡᠯ᠎ᠢ ᠥᠨᠳᠥᠷ ᠶᠠᠰᠤ ᠴᠢᠨᠠᠷᠲᠠᠢ᠎ᠪᠠᠷ ᠰᠠᠢᠲᠤᠷ ᠬᠢᠵᠦ᠂ ᠦᠢᠯᠡᠴᠢᠯᠡᠭᠦᠷ᠎ᠢ ᠤᠭᠰᠠᠷᠠᠬᠤ᠂ ᠮᠠᠰᠢᠨ᠎ᠤ ᠬᠤᠷᠭᠤ᠎ᠶᠢ ᠢᠵᠢ ᠪᠦᠷᠢᠳᠦᠭᠦᠯᠬᠦ᠂ ᠥᠨᠳᠥᠷ ᠳᠣᠣᠷ᠎ᠠ ᠬᠦᠴᠦᠳᠡᠯᠲᠦ ᠴᠠᠬᠢᠯᠭᠠᠨ ᠲᠡᠭᠡᠰᠦ᠂ ᠶᠡᠬᠡ ᠴᠢᠳᠠᠮᠵᠢᠲᠦ ᠬᠦᠴᠦᠳᠡᠯ ᠥᠭᠡᠷᠡᠴᠢᠯᠡᠭᠴᠢ᠂ ᠪᠣᠳᠣᠯᠲᠠ᠎ᠶᠢᠨ ᠬᠦᠴᠦᠨ᠎ᠦ ᠨᠦᠭᠡᠴᠡ ᠡᠨᠧᠷᠭᠢ᠂ ᠲᠡᠷᠢᠭᠦᠨ᠎ᠦ ᠪᠢᠲᠡᠭᠦᠮᠵᠢᠯᠡᠨ ᠪᠤᠭᠤᠳᠠᠯᠯᠠᠬᠤ ᠮᠠᠲᠧᠷᠢᠶᠠᠯ᠂ ᠦᠰᠦᠷᠭᠡᠨ ᠬᠠᠷᠪᠤᠯᠲᠠ ᠵᠢᠨ ᠵᠤᠷᠢᠯᠲᠠᠲᠦ ᠮᠠᠲᠧᠷᠢᠶᠠᠯ᠂ ᠡᠯᠧᠺᠲᠷᠣᠨ ᠣᠨᠴᠠ ᠬᠡᠢ᠂ ᠨᠣᠢᠲᠠᠨ ᠡᠯᠧᠺᠲᠷᠣᠨ ᠬᠢᠮᠢ᠎ᠶᠢᠨ ᠦᠢᠯᠡᠳᠬᠦᠨ ᠵᠡᠷᠭᠡ ᠦᠢᠯᠡᠳᠬᠦ ᠠᠵᠤ ᠦᠢᠯᠡᠰ᠎ᠢ ᠦᠷᠭᠦᠯᠵᠢᠯᠡᠨ ᠣᠷᠣᠭᠤᠯᠤᠨ ᠠᠪᠴᠢᠷᠠᠵᠤ᠂ ᠡᠨᠧᠷᠭᠢ᠂ ᠠᠭᠤᠷᠬᠠᠢ᠎ᠶᠢᠨ ᠦᠢᠯᠡᠰ᠂ ᠮᠠᠯ ᠠᠵᠤ ᠠᠬᠤᠢ ᠲᠠᠷᠢᠶᠠᠯᠠᠩ᠂ ᠠᠮᠢ ᠠᠬᠤᠢ᠂ ᠰᠣᠶᠣᠯ ᠵᠢᠭᠤᠯᠴᠢᠯᠠᠯ᠂ ᠬᠠᠮ ᠡᠷᠡᠭᠦᠯ ᠮᠡᠨᠳᠦ᠂ ᠬᠠᠮ ᠠᠮᠤᠷ ᠲᠦᠪᠰᠢᠨ ᠵᠡᠷᠭᠡ ᠬᠦᠷᠢᠶᠡᠨ᠎ᠳᠡᠬᠢ ᠬᠡᠷᠡᠭᠯᠡᠭᠡᠨ᠎ᠦ ᠲᠠᠯᠠᠪᠤᠷ᠎ᠢᠶᠠᠷ ᠪᠠᠶᠠᠯᠢᠭ᠋ ᠪᠠᠢᠳᠠᠭ ᠳᠠᠪᠠᠭᠤᠯᠢᠭ᠋᠎ᠢ ᠪᠠᠳᠠᠷᠠᠭᠤᠯᠵᠤ᠂ 《ᠵᠣᠬᠢᠶᠠᠮᠠᠯ ᠣᠶᠤᠨ ᠴᠢᠳᠠᠪᠤᠷᠢ +》ᠠᠵᠢᠯᠯᠠᠭ᠎ᠠ᠎ᠶᠢ ᠭᠦᠨᠵᠡᠭᠡᠢᠷᠡᠭᠦᠯᠵᠤ᠂ ᠪᠤᠳᠤᠯᠳᠠ ᠵᠢᠨ ᠬᠦᠴᠦᠨ᠎ᠤ ᠳᠠᠪᠠᠭᠤᠯᠢᠭ᠋᠎ᠢ ᠦᠨᠡᠨ ᠬᠦ᠌ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠬᠡᠷᠡᠭᠳᠡᠢ᠃

 ᠡᠨᠧᠷᠭᠢ ᠬᠡᠷᠡᠭᠯᠡᠬᠦ ᠤᠰᠤ ᠬᠡᠷᠡᠭᠯᠡᠬᠦ ᠭᠠᠵᠠᠷ ᠬᠡᠷᠡᠭᠯᠡᠬᠦ ᠵᠡᠷᠭᠡ ᠬᠦᠴᠦᠨ ᠵᠦᠢᠯ᠎ᠤᠨ ᠪᠠᠲᠤᠯᠠᠭ᠎ᠠ᠎ᠶᠢ ᠰᠠᠢᠲᠤᠷ ᠬᠢᠵᠦ᠂ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠣᠯᠪᠣᠬᠤ᠂ ᠨᠡᠮᠡᠭᠳᠡᠯ ᠭᠡᠮᠵᠢᠶᠡᠳᠦ ᠴᠠᠬᠢᠯᠭᠠᠨ ᠲᠦᠭᠡᠭᠡᠬᠦ ᠲᠣᠣᠷ ᠵᠡᠷᠭᠡ ᠴᠠᠬᠢᠯᠭᠠᠨ ᠬᠠᠩᠭᠠᠬᠤ ᠰᠢᠨ᠎ᠡ ᠵᠠᠭᠪᠤᠷ᠎ᠢ ᠰᠠᠢᠲᠤᠷ ᠬᠡᠷᠡᠭᠯᠡᠵᠤ᠂ ᠬᠣᠷᠢᠨᠭᠡᠷ᠂ ᠴᠠᠬᠠᠷ ᠪᠣᠬᠢᠷᠲᠤᠯ ᠦᠭᠡᠢ ᠴᠠᠬᠢᠯᠭᠠᠨ᠎ᠤ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠤᠰᠤ ᠦᠭᠡᠢ ᠹᠯᠣᠷ ᠬᠥᠭᠡᠷᠭᠡ᠎ᠶᠢᠨ ᠠᠭᠠᠷ ᠲᠣᠬᠢᠷᠠᠭᠤᠯᠤᠭ᠍ᠴᠢ᠂ ᠬᠦᠢᠲᠡᠷᠡᠭᠦᠯᠬᠦ ᠬᠠᠪᠲᠠᠰᠤ ᠮᠠᠶᠢᠭ᠋᠎ᠤᠨ ᠪᠠ ᠲᠡᠪᠲᠦᠮᠡᠯ ᠮᠠᠶᠢᠭ᠎ᠤᠨ ᠰᠢᠩᠭᠡᠨ᠎ᠢᠶᠡᠷ ᠬᠥᠷᠥᠭᠡᠬᠦ ᠵᠡᠷᠭᠡ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠤ᠂《ᠪᠤᠳᠤᠯᠳᠠ ᠵᠢᠨ ᠬᠦᠴᠦᠨ ᠪᠠ ᠴᠠᠬᠢᠯᠭᠠᠨ ᠬᠦᠴᠦᠨ᠎ᠤ ᠬᠠᠮᠵᠢᠯᠴᠠᠭ᠎ᠠ》 ᠂ 《ᠪᠤᠳᠤᠯᠳᠠ ᠵᠢᠨ ᠬᠦᠴᠦᠨ ᠪᠠ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ》ᠶ᠋ᠢ ᠪᠡᠶᠡᠯᠡᠭᠦᠯᠵᠦ᠂ ᠪᠥᠬᠥ ᠤᠯᠤᠰ᠎ᠤᠨ ᠨᠢᠭᠡ ᠴᠣᠭᠴᠠᠵᠢᠭ᠍ᠰᠠᠨ ᠪᠤᠳᠤᠯᠳᠠ ᠵᠢᠨ ᠬᠦᠴᠦᠨ᠎ᠦ ᠲᠣᠣᠷ᠎ᠢ ᠲᠦᠷᠭᠡᠳᠬᠡᠨ ᠪᠠᠶ᠋ᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢ ᠨᠡᠮᠡᠷᠢᠯᠡᠬᠦ ᠬᠡᠷᠡᠭᠳᠡᠢ᠃ ᠪᠦᠬᠦ ᠬᠦᠷᠢᠶ᠎ᠡ ᠴᠠᠷᠠᠭ᠎ᠠ ᠵᠢ ᠪᠦᠷᠬᠦᠭᠰᠡᠨ᠂ ᠪᠦᠬᠦ ᠶᠠᠪᠤᠴᠠ᠎ᠳᠦ ᠡᠵᠡᠮᠳᠡᠵᠦ ᠪᠣᠯᠬᠤ᠂ ᠪᠦᠬᠦ ᠬᠡᠯᠬᠢᠶ᠎ᠡ᠎ᠪᠡᠷ ᠮᠥᠷᠳᠡᠵᠦ ᠪᠣᠯᠬᠤ ᠪᠤᠳᠤᠯᠳᠠ ᠵᠢᠨ ᠬᠦᠴᠦᠨ᠎ᠦ ᠠᠮᠤᠷ ᠲᠦᠪᠰᠢᠨ᠎ᠦ ᠬᠠᠮᠠᠭᠠᠯᠠᠯᠲᠠ᠎ᠶᠢᠨ ᠰᠢᠰᠲ᠋ᠸᠮ᠎ᠢ ᠪᠠᠢᠭᠤᠯᠵᠤ᠂ ᠡᠯ᠎ᠡ ᠲᠦᠷᠦᠯ᠎ᠦᠨ ᠲᠥᠬᠦᠭᠡᠷᠦᠮᠵᠢ᠂ ᠵᠠᠭᠪᠤᠷ᠂ ᠳ᠋ᠠᠢᠲ᠋ᠠ᠂ ᠰᠦᠯᠵᠢᠶᠡᠨ᠎ᠦ ᠠᠮᠤᠷ ᠲᠦᠪᠰᠢᠨ᠎ᠦ ᠬᠠᠮᠠᠭᠠᠯᠠᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠳ᠋ᠠᠢᠲ᠋ᠠ᠎ᠶᠢᠨ ᠠᠮᠤᠷ ᠲᠦᠪᠰᠢᠨ᠂ ᠰᠦᠯᠵᠢᠶᠡᠨ᠎ᠦ ᠠᠮᠤᠷ ᠲᠦᠪᠰᠢᠨ ᠪᠣᠯᠣᠨ ᠠᠵᠢᠯᠯᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠨᠤᠭᠤᠳ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠂ ᠠᠵᠤ ᠠᠬᠤᠢᠯᠠᠯ᠎ᠤᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ᠎ᠲᠠᠢ ᠬᠠᠷᠢᠴᠠᠭᠤᠯᠵᠤ᠂ ᠵᠠᠬᠢᠶᠠᠯᠠᠭ᠎ᠠ ᠵᠢᠨ ᠮᠠᠶᠢᠭ ᠵᠢᠡᠷ ᠪᠤᠳᠤᠯᠳᠠ ᠵᠢᠨ ᠬᠦᠴᠦᠨ᠎ᠦ ᠬᠦᠷᠢᠶᠡᠨ᠎ᠳᠡᠬᠢ ᠤᠷ᠎ᠠ ᠴᠢᠳᠠᠪᠤᠷᠢ᠎ᠶᠢᠨ ᠴᠢᠳᠠᠪᠤᠷᠢᠲᠠᠨ᠎ᠢ ᠬᠦᠮᠦᠵᠢᠭᠦᠯᠬᠦ ᠭᠡᠷᠡᠭᠳᠡᠢ᠃ ᠬᠣᠷᠢᠨᠭᠡᠷ ᠰᠢᠨ᠎ᠡ ᠲᠣᠭᠣᠷᠢᠭ᠋ ᠪᠣᠯᠣᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠬᠢᠨ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠡᠯ᠎ᠡ ᠵᠦᠢᠯ᠎ᠦᠨ ᠤᠯᠠᠨ ᠨᠡᠶ᠋ᠢᠲᠡ᠎ᠶᠢᠨ ᠦᠢᠯᠡᠴᠢᠯᠡᠭᠡ ᠪᠣᠯᠣᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠰᠢᠯᠢᠳᠡᠭᠵᠢᠭᠦᠯᠵᠦ᠂ ᠠᠵᠤ ᠠᠬᠤᠢᠯᠠᠯ ᠪᠣᠯᠣᠨ ᠡᠯ᠎ᠡ ᠲᠦᠷᠦᠯ᠎ᠦᠨ ᠴᠢᠳᠠᠪᠤᠷᠢᠲᠠᠨ᠎ᠤ ᠠᠵᠢᠯ ᠬᠢᠵᠦ ᠦᠢᠯᠡᠰ ᠪᠣᠰᠬᠠᠬᠤ᠎ᠳᠤ ᠰᠠᠢᠨ ᠰᠠᠢᠬᠠᠨ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠸᠠᠩ ᠪᠧᠨ ᠴᠢᠶᠠᠩ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠡᠰᠡᠭ ᠠᠢᠮᠠᠭ ᠬᠣᠲᠠ᠂ ᠶᠡᠬᠡ ᠳᠡᠭᠡᠳᠦ ᠰᠤᠷᠭᠠᠭᠤᠯᠢ᠂ ᠮᠥᠩᠭᠥᠨ ᠭᠦᠢᠯᠭᠡᠭᠡᠨ᠎ᠦ ᠪᠠᠢᠭᠤᠯᠤᠮᠵᠢ ᠵᠢᠴᠢ ᠬᠠᠮᠢᠶ᠎ᠠ ᠪᠦᠬᠦᠢ ᠪᠤᠳᠤᠯᠲᠠ ᠵᠢᠨ ᠬᠦᠴᠦᠨ᠎ᠦ ᠠᠵᠤ ᠠᠬᠤᠢᠯᠠᠯ᠂ ᠳ᠋ᠠᠢᠲ᠋ᠠ᠎ᠶᠢᠨ ᠠᠵᠤ ᠠᠬᠤᠢᠯᠠᠯ᠂ ᠲᠠᠪᠴᠠᠩ᠎ᠤᠨ ᠠᠵᠤ ᠠᠬᠤᠢᠯᠠᠯ᠂ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠢᠯᠠᠯ᠎ᠤᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面