2026-11-10 09:36:22
11 ᠰᠠᠷ᠎ᠠ᠎ᠶᠢᠨ 9 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠬᠠᠳᠤᠨ ᠭᠣᠣᠯ᠎ᠢ ᠬᠠᠮᠠᠭᠠᠯᠠᠵᠤ ᠵᠠᠰᠠᠬᠤ ᠠᠵᠢᠯ᠎ᠢ ᠴᠢᠨᠠᠭᠰᠢᠳᠠ ᠰᠠᠶ᠋ᠢᠲᠤᠷ ᠬᠢᠬᠦ᠌ ᠲᠤᠬᠠᠢ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠬᠦ᠌ ᠪᠠ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠠᠵᠢᠯ᠎ᠢ ᠰᠤᠳᠤᠯᠵᠤ᠂ ᠪᠦᠬᠦ᠌ ᠣᠷᠣᠨ᠎ᠤ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ᠎ᠶᠢᠨ ᠲᠤᠬᠠᠶ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠦᠨᠡᠨ ᠬᠦ᠌ ᠲᠤᠭᠤᠰᠢᠯᠠᠭᠤᠯᠵᠤ᠂ ᠭᠤᠤᠯᠳᠠᠯᠭ᠎ᠠ᠎ᠨᠢ ᠬᠠᠮᠠᠭᠠᠯᠠᠬᠤ᠎ᠳᠤ ᠪᠠᠶ᠋ᠢᠬᠤ᠂ ᠵᠠᠩᠭᠢᠯᠠᠭ᠎ᠠ ᠨᠢ ᠵᠠᠰᠠᠬᠤ᠎ᠳᠤ ᠪᠠᠢᠬᠤ ᠪᠠᠶ᠋ᠢᠯᠳᠤᠬᠤ ᠪᠣᠳᠣᠯᠭ᠎ᠠ᠎ᠶᠢᠨ ᠱᠠᠭᠠᠷᠳᠠᠯᠭ᠎ᠠ᠎ᠶᠢ ᠪᠠᠲᠤ᠌ ᠡᠵᠡᠮᠳᠡᠵᠦ᠍᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠭᠠᠮᠰᠢᠭ᠎ᠤᠨ ᠵᠠᠰᠠᠯᠲᠠ᠎ᠶᠢ ᠨᠢᠭᠡᠳᠦᠯᠲᠡᠶ ᠲᠥᠯᠥᠪᠵᠢᠭᠦᠯᠬᠦ᠌ ᠬᠡᠷᠡᠭᠲᠡᠶ᠃ ᠠᠶᠠᠨᠳᠠᠭᠠᠨ ᠰᠡᠷᠭᠦᠭᠡᠬᠦ᠌᠎ᠪᠡᠷ ᠭᠣᠣᠯ ᠪᠣᠯᠭᠠᠬᠤ᠂ ᠬᠥᠮᠦᠨ᠎ᠦ ᠬᠦᠴᠦ᠎ᠪᠡᠷ ᠭᠠᠷ ᠲᠦᠷᠦᠭᠦ᠎ᠪᠡᠷ ᠬᠠᠪᠰᠤᠷᠤᠮᠵᠢ ᠪᠣᠯᠭᠠᠬᠤ᠎ᠶᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠴᠢᠩᠭᠠᠳᠬᠠᠵᠤ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠬᠠᠳᠤᠨ ᠭᠣᠣᠯ᠎ᠤᠨ 《ᠶᠡᠬᠡ ᠲᠤᠬᠤᠢ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠡᠷᠡᠰ ᠰᠠᠶ᠋ᠢᠲᠤᠷ ᠬᠢᠵᠦ᠍᠂ ᠲᠥᠪ᠎ᠦᠨ ᠲᠣᠭᠣᠷᠢᠨ ᠪᠠᠶ᠋ᠢᠴᠠᠭᠠᠯᠲᠠ᠂ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠶ᠋ᠢᠴᠠᠭᠠᠯᠲᠠ᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠎ᠶᠢ ᠴᠢᠨᠠᠷ ᠰᠠᠶ᠋ᠢᠲᠠᠢ ᠪᠡᠶᠡᠯᠡᠭᠦᠯᠬᠦ᠌ ᠬᠡᠷᠡᠭᠲᠡᠢ᠃ ᠪᠣᠷᠣᠲᠣᠬᠣᠶ᠎ᠶᠢᠨ ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ᠂ ᠭᠤᠤᠯ ᠤᠷᠤᠰᠬᠠᠯ ᠰᠠᠯᠪᠤᠷᠢ ᠤᠷᠤᠰᠬᠠᠯ᠎ᠤᠨ ᠬᠠᠰᠢᠯᠭ᠎ᠠ᠎ᠶᠢᠨ ᠪᠠᠷᠢᠯᠭ᠎ᠠ᠎ᠶᠢᠨ ᠪᠠᠷᠢᠮᠵᠢᠶ᠎ᠠ᠎ᠳᠤ ᠬᠦᠷᠭᠡᠬᠦ ᠪᠦᠲᠦᠭᠡᠨ ᠪᠠᠶ᠋ᠢᠭᠤᠯᠤᠯᠲᠠ᠂ ᠭᠡᠮ ᠰᠣᠭᠣᠭ ᠠᠶᠤᠯᠲᠠᠶ ᠤᠰᠤᠨ ᠴᠥᠭᠥᠷᠥᠮ᠎ᠦᠨ ᠠᠶᠤᠯ᠎ᠢ ᠠᠷᠢᠯᠭᠠᠨ ᠪᠡᠬᠢᠵᠢᠭᠦᠯᠬᠦ᠌ ᠵᠡᠷᠭᠡ ᠭᠤᠤᠯᠳᠠᠯᠭ᠎ᠠ᠎ᠲᠠᠶ ᠤᠰᠤᠨ ᠠᠰᠢᠭᠯᠠᠯᠲᠠ᠎ᠶᠢᠨ ᠪᠠᠷᠢᠯᠭ᠎ᠠ᠎ᠶᠢ ᠰᠢᠰᠲᠧᠮᠲᠡᠶᠠᠬᠢᠭᠤᠯᠬᠤ ᠬᠡᠷᠡᠭᠲᠡᠶ᠃ 《ᠤᠰᠤ ᠪᠡᠷ ᠲᠦᠷᠪᠡ ᠵᠢ ᠲᠣᠭᠲᠠᠭᠠᠬᠤ》 ᠵᠠᠷᠴᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠪᠤᠬᠢᠷᠳᠤᠯ ᠦᠭᠡᠢ ᠴᠠᠬᠢᠯᠭᠠᠨ᠎ᠢᠶᠠᠷ ᠣᠷᠣᠯᠠᠭᠤᠯᠬᠤ᠎ᠶᠢ ᠲᠦᠷᠭᠡᠳᠬᠡᠵᠦ᠍᠂ ᠲᠡᠮᠦᠷᠯᠢᠭ ᠬᠠᠶ᠋ᠢᠯᠤᠭᠤᠯᠬᠤ᠂ ᠬᠢᠮᠢ᠎ᠶᠢᠨ ᠠᠵᠤ ᠦᠢᠯᠡᠳᠪᠦᠷᠢ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ ᠤᠯᠠᠮᠵᠢᠯᠠᠯᠲᠤ᠌ ᠠᠵᠤ ᠦᠢᠯᠡᠰ᠎ᠢ ᠥᠭᠡᠷᠡᠴᠢᠯᠡᠨ ᠲᠡᠰ ᠳᠡᠪᠰᠢᠭᠦᠯᠬᠦ᠌᠎ᠶᠢ ᠬᠦᠴᠦᠯᠡᠨ ᠠᠬᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ᠎ᠶᠢᠨ ᠠᠵᠤ ᠦᠢᠯᠡᠰ᠎ᠢ ᠪᠣᠶ᠋ᠢᠵᠢᠭᠤᠯᠤᠨ ᠪᠤᠵᠠᠭᠠᠶ᠋ᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠭᠡᠷ ᠪᠦᠯᠢ ᠪᠣᠯᠭᠠᠨ᠎ᠳᠤ ᠨᠠᠰᠤᠲᠠᠨ᠎ᠲᠠᠶ᠂ ᠬᠥᠮᠦᠨ ᠪᠣᠯᠭᠠᠨ ᠥᠲᠡᠯᠦᠭᠡ ᠨᠠᠰᠤ ᠪᠠᠨ ᠤᠭᠲᠤᠨ ᠠᠪᠴᠢᠷᠠᠳᠠᠭ᠂ ᠨᠠᠰᠤᠵᠢᠯ᠎ᠤᠨ ᠠᠰᠠᠷᠠᠮᠵᠢ᠎ᠶᠢᠨ ᠠᠰᠠᠭᠤᠳᠠᠯ ᠪᠣᠯ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠠᠷᠠᠭᠠᠯᠵᠠᠯ᠎ᠲᠠᠶ᠂ ᠬᠠᠮᠤᠭ᠎ᠤᠨ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠨᠢᠭᠡ ᠪᠠᠢᠵᠦ᠂ ᠲᠦᠭ ᠲᠦᠮᠡᠨ ᠭᠡᠷ ᠪᠦᠯᠢ᠎ᠶᠢᠨ ᠠᠩᠬᠠᠷᠤᠯ᠎ᠢ ᠲᠠᠲᠠᠵᠤ ᠪᠠᠶ᠋ᠢᠳᠠᠭ᠃ ᠬᠥᠮᠦᠨ ᠠᠮᠠ᠎ᠶᠢᠨ ᠨᠠᠰᠤᠵᠢᠯᠲᠠ᠎ᠡᠴᠡ ᠪᠣᠯᠤᠭᠰᠠᠨ ᠨᠥᠯᠥᠭᠡ᠎ᠶᠢ ᠪᠥᠬᠥ᠌ ᠲᠠᠯ᠎ᠠ᠎ᠪᠠᠷ ᠪᠤᠰᠤᠳᠴᠢ᠎ᠪᠠᠷ ᠲᠠᠨᠢᠵᠤ᠂ ᠨᠠᠰᠤᠵᠢᠯ᠎ᠤᠨ ᠠᠰᠠᠷᠠᠮᠵᠢ ᠵᠢᠨ ᠦᠢᠯᠡᠰ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢᠯᠡᠰ᠎ᠢ ᠬᠠᠮᠵᠢᠯᠴᠠᠨ ᠬᠥᠭᠵᠢᠭᠦᠯᠵᠦ᠍᠂ ᠲᠦᠭᠡᠮᠡᠯ ᠬᠠᠷᠠᠭᠠᠯᠵᠠᠯᠲᠤ᠌ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡ᠎ᠶᠢ ᠦᠷᠭᠦᠯᠵᠢᠯᠡᠨ ᠥᠷᠭᠡᠳᠬᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠳᠤᠲᠠᠭᠤᠳᠠᠯ᠎ᠢ ᠬᠦᠴᠦᠯᠡᠨ ᠨᠥᠬᠥᠪᠥᠷᠢᠯᠡᠬᠦ᠌ ᠬᠡᠷᠡᠭᠲᠡᠶ᠃ ᠭᠡᠷ᠎ᠲᠡᠬᠡᠨ ᠰᠠᠭᠤᠬᠤ᠎ᠪᠠᠷ ᠰᠠᠭᠤᠷᠢ ᠪᠣᠯᠭᠠᠬᠤ᠂ ᠨᠡᠢᠭᠡᠮ ᠲᠣᠭᠣᠷᠢᠭ᠋᠎ᠢᠶᠠᠷ ᠲᠦᠰᠢᠭ ᠪᠣᠯᠭᠠᠬᠤ᠂ ᠪᠠᠢᠭᠤᠯᠤᠮᠵᠢ᠎ᠪᠠᠷ ᠲᠤᠰᠬᠠᠢ ᠳᠤᠯᠭᠠᠭᠤᠷᠢᠯᠠᠯ ᠪᠤᠯᠭᠠᠭᠰᠠᠨ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠬᠠᠩᠭᠠᠯᠭ᠎ᠠ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠰᠠᠭᠤᠷᠢ ᠲᠥᠬᠦᠭᠡᠷᠦᠮᠵᠢ᠎ᠶᠢ ᠲᠠᠰ ᠳᠡᠪᠰᠢᠭᠦᠯᠬᠦ ᠪᠠ ᠨᠠᠰᠤᠵᠢᠯ᠎ᠳᠤ ᠲᠣᠬᠢᠷᠠᠬᠤ ᠥᠭᠡᠷᠡᠴᠢᠯᠡᠯᠲᠡ᠎ᠶᠢ ᠲᠦᠷᠭᠡᠳᠬᠡᠨ ᠠᠬᠢᠭᠤᠯᠵᠤ᠂ ᠨᠡᠢᠭᠡᠮ ᠲᠣᠭᠣᠷᠢᠭ᠋᠎ᠤᠨ ᠡᠳᠦᠷ ᠲᠤᠲᠤᠮ᠎ᠤᠨ ᠬᠠᠷᠠᠭᠠᠯᠵᠠᠯ᠂ ᠭᠡᠷ ᠲᠦ᠍ᠨᠢ ᠬᠦᠷᠴᠦ ᠤᠬᠢᠶᠠᠯᠭ᠎ᠠ ᠴᠡᠪᠡᠷᠯᠡᠭᠡᠡᠮᠴᠢᠯᠡᠭᠡᠪᠡᠷ ᠲᠤᠰᠠᠯᠠᠬᠤ ᠵᠡᠷᠭᠡ ᠰᠠᠭᠤᠷᠢ ᠦᠢᠯᠡᠴᠢᠯᠡᠭᠡ᠎ᠶᠢ ᠬᠦᠴᠦᠷᠬᠡᠭᠵᠢᠭᠦᠯᠵᠦ᠂ ᠠᠦ᠋ᠲ᠋ᠤᠴᠢᠯᠠᠭᠰᠠᠨ ᠬᠠᠷᠠᠭᠠᠯᠵᠠᠨ ᠬᠠᠮᠠᠭᠠᠯᠠᠬᠤ᠂ ᠣᠢᠴᠢᠵᠤ ᠤᠨᠠᠪᠠᠯ ᠲᠦᠭᠰᠢᠭᠦᠷᠢ ᠮᠡᠳᠡᠭᠦᠯᠬᠦ᠂ ᠠᠯᠤᠰ᠎ᠡᠴᠡ ᠣᠨᠣᠰᠢᠯᠠᠨ ᠡᠮᠨᠡᠬᠦ᠂ ᠣᠶᠤᠨᠴᠢ ᠲᠤᠰᠠᠯᠠᠬᠤ ᠪᠠᠭᠠᠵᠢ ᠵᠡᠷᠭᠡ ᠣᠶᠤᠨᠴᠢ ᠦᠢᠯᠡᠴᠢᠯᠡᠭᠡ᠎ᠶᠢ ᠳᠡᠯᠭᠡᠷᠡᠭᠦᠯᠬᠦ ᠬᠡᠷᠡᠭᠲᠡᠢ᠃ ᠡᠮᠴᠢᠯᠡᠭᠡᠨ᠎ᠦ ᠪᠠᠢᠭᠤᠯᠤᠮᠵᠢ ᠪᠣᠯᠣᠨ ᠨᠠᠰᠤᠵᠢᠯ᠎ᠤᠨ ᠠᠰᠠᠷᠠᠮᠵᠢ ᠵᠢᠨ ᠥᠷᠲᠡᠭᠡ ᠴᠡᠭ᠎ᠦᠨ ᠭᠦᠨᠵᠡᠭᠡᠢ ᠬᠠᠮᠲᠤᠷᠠᠯᠴᠠᠭ᠎ᠠ᠎ᠶᠢ ᠭᠣᠣᠯᠳᠠᠯᠭ᠎ᠠ᠎ᠲᠠᠢ ᠠᠬᠢᠭᠤᠯᠵᠤ᠂ ᠤᠵᠢᠭ᠋ ᠡᠪᠡᠳᠴᠢᠨ᠎ᠦ ᠬᠠᠮᠢᠶᠠᠷᠤᠯᠲᠠ᠂ ᠡᠷᠡᠭᠦᠯᠵᠢᠯ᠎ᠦᠨ ᠹᠢᠽᠢᠺ ᠵᠠᠰᠠᠯ᠂ ᠡᠷᠡᠭᠦᠯ ᠮᠡᠨᠳᠦ᠎ᠶᠢᠨ ᠰᠢᠭ᠌ᠰᠢᠨ ᠪᠠᠢᠴᠠᠭᠠᠯᠲᠠ ᠵᠡᠷᠭᠡ ᠦᠢᠯᠡᠴᠢᠯᠡᠭᠡ᠎ᠶᠢ ᠪᠠᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠲᠤᠬᠠᠢᠯᠠᠭᠰᠠᠨ ᠠᠵᠢᠯ ᠡᠷᠬᠢᠯᠡᠭᠰᠡᠳ᠎ᠤᠨ ᠪᠠᠢᠩᠭᠤᠵᠢᠭᠰᠠᠨ ᠪᠣᠯᠪᠠᠰᠤᠷᠠᠯ ᠤ᠋ᠨ ᠰᠢᠰᠲᠧᠮ᠎ᠢ ᠪᠦᠷᠢᠨᠰᠢᠭᠦᠯᠦᠨ᠂ ᠠᠵᠢᠯᠯᠠᠭᠠᠨ ᠤ᠋ ᠴᠢᠳᠠᠪᠤᠷᠢ᠎ᠪᠠᠨ ᠠᠯᠳᠠᠭᠰᠠᠳ ᠢ᠋ ᠬᠠᠷᠠᠭᠠᠯᠵᠠᠨ ᠠᠰᠠᠷᠠᠬᠤ᠂ ᠬᠡᠪᠳᠡᠷᠢ᠎ᠳᠤ ᠤᠷᠤᠭᠰᠠᠳᠢ ᠰᠤᠪᠢᠯᠠᠬᠤ᠂ ᠲᠦᠷᠭᠡᠨ ᠠᠪᠤᠷᠠᠵᠤ ᠰᠢᠢᠳᠪᠦᠷᠢᠯᠡᠬᠦ᠂ ᠰᠡᠳᠬᠢᠴᠡ᠎ᠶᠢᠨ ᠲᠠᠢᠳᠬᠤᠷᠠᠭᠤᠯᠤᠯ᠂ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠪᠣᠳᠠᠲᠠᠢ ᠪᠣᠯᠪᠠᠰᠤᠷᠠᠯ ᠢ᠋ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠠᠵᠢᠯ ᠡᠷᠬᠢᠯᠡᠬᠥ᠎ᠳᠤ ᠵᠥᠪᠰᠢᠶᠡᠷᠡᠨ ᠣᠷᠣᠭᠤᠯᠬᠤ᠂ ᠮᠡᠷᠭᠡᠵᠢᠯ᠎ᠤᠨ ᠴᠢᠳᠠᠪᠤᠷᠢ᠎ᠶᠢᠨ ᠵᠡᠷᠭᠡ ᠳᠡᠰ ᠢ᠋ ᠦᠨᠡᠯᠡᠨ ᠲᠣᠭᠲᠠᠭᠠᠬᠤ᠎ᠶᠢ ᠲᠡᠭᠦᠯᠳᠡᠷᠵᠢᠭᠦᠯᠬᠦ ᠬᠡᠷᠡᠭᠲᠡᠢ᠃ ᠪᠤᠭᠤᠷᠤᠯᠴᠤᠳ᠎ᠤᠨ ᠠᠵᠤ ᠠᠬᠤᠢ᠎ᠶᠢ ᠶᠡᠬᠡᠪᠡᠷ ᠬᠥᠭᠵᠢᠭᠦᠯᠵᠦ᠂ ᠡᠮᠴᠢᠯᠡᠬᠡ ᠡᠷᠡᠬᠦᠯᠵᠢᠯᠰᠡᠯᠡᠭᠦᠴᠡᠯ ᠰᠠᠭᠤᠴᠠ᠂ ᠨᠠᠰᠤᠲᠠᠢᠴᠤᠳ᠎ᠲᠤ ᠲᠣᠬᠢᠷᠠᠬᠤ ᠬᠡᠷᠡᠭᠯᠡᠭᠡᠨ᠎ᠦ ᠡᠳ᠋ ᠦᠢᠯᠡᠳᠬᠦ᠂ ᠨᠠᠰᠤᠲᠠᠢᠴᠤᠳ᠎ᠤᠨ ᠰᠣᠶᠣᠯ ᠴᠡᠩᠭᠡᠯ᠎ᠦᠨ ᠬᠥᠮᠦᠵᠢᠯ᠂ ᠨᠠᠰᠤᠲᠠᠢᠴᠤᠳ᠎ᠤᠨ ᠢᠳᠡᠭᠡᠨ᠂ ᠨᠠᠰᠤᠵᠢᠯ᠎ᠤᠨ ᠠᠰᠠᠷᠠᠮᠵᠢ ᠵᠢᠨ ᠮᠥᠩᠭᠥᠨ ᠭᠦᠢᠯᠭᠡᠭᠡ ᠵᠡᠷᠭᠡ ᠠᠵᠤ ᠦᠢᠯᠡᠰ᠎ᠢ ᠬᠦᠴᠦᠷᠬᠡᠭᠵᠢᠭᠦᠯᠵᠦ᠂ ᠤᠯᠠᠨ ᠡᠰᠢᠴᠢᠯᠡᠭᠰᠡᠨ ᠬᠡᠷᠡᠭᠯᠡᠭᠡ᠎ᠶᠢᠨ ᠦᠵᠡᠭᠳᠡᠯ ᠪᠠᠢᠳᠠᠯ᠎ᠢ ᠪᠠᠶᠠᠯᠢᠭ᠍ᠵᠢᠭᠤᠯᠵᠤ᠂ ᠨᠠᠰᠤᠲᠠᠢᠴᠤᠳ᠎ᠤᠨ ᠬᠡᠷᠡᠭᠯᠡᠭᠡ᠎ᠶᠢᠨ ᠬᠡᠷᠡᠭᠴᠡᠭᠡ᠎ᠶᠢ ᠨᠡᠩ ᠰᠠᠢᠲᠤᠷ ᠬᠠᠩᠭᠠᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠦᠷᠢᠶᠡᠨ᠎ᠦ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠴᠢᠩᠭ᠎ᠠ ᠠᠳᠬᠤᠵᠤ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢᠨ ᠦᠢᠯᠡᠴᠢᠯᠡᠭᠡᠨ᠎ᠤ ᠲᠦᠪᠰᠢᠨ ᠪᠠᠭᠤᠷᠠᠬᠤ᠂ ᠲᠣᠭᠲᠠᠭᠠᠯ᠎ᠡᠴᠡ ᠵᠥᠷᠢᠴᠡᠨ ᠰᠦᠢᠳᠬᠡᠯ ᠬᠤᠷᠢᠶᠠᠬᠤ ᠵᠡᠷᠭᠡ ᠨᠠᠰᠤᠲᠠᠢᠴᠤᠳ᠎ᠤᠨ ᠡᠷᠬᠡ ᠠᠰᠢᠭ᠋᠎ᠲᠤ ᠬᠠᠯᠳᠠᠭᠰᠠᠨ ᠠᠵᠢᠯᠯᠠᠭ᠎ᠠ᠎ᠶᠢ ᠵᠠᠯᠠᠷᠠᠭᠤᠯᠤᠨ ᠵᠠᠰᠠᠵᠤ᠂ ᠭᠠᠯ ᠰᠡᠷᠭᠡᠢᠯᠡᠵᠦ ᠭᠠᠯ ᠤᠨᠲᠠᠷᠠᠭᠠᠬᠤ᠂ ᠢᠳᠡᠭᠡᠨ᠎ᠦ ᠵᠦᠢᠯ᠂ ᠲᠠᠯᠠᠪᠤᠷ ᠭᠠᠵᠠᠷ᠎ᠤᠨ ᠠᠵᠢᠯᠯᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠲᠦᠰᠢᠭᠯᠡᠨ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢ ᠭᠦᠨᠵᠡᠭᠡᠢᠷᠡᠭᠦᠯᠵᠦ᠂ ᠭᠠᠳᠠᠭᠠᠳᠤ ᠪᠡᠯᠡ᠎ᠶᠢᠨ ᠲᠦᠷᠦᠯ ᠵᠦᠢᠯ᠎ᠦᠨ ᠨᠥᠭᠡᠴᠡ ᠪᠠ ᠦᠷᠭᠦᠯᠵᠢᠯᠡᠨ ᠵᠠᠯᠭᠠᠮᠵᠢᠯᠠᠬᠤ ᠲᠣᠭᠲᠡᠴᠡ᠎ᠶᠢ ᠪᠦᠷᠢᠨᠰᠢᠭᠦᠯᠵᠦ᠂ ᠬᠢᠯᠢ ᠵᠢᠨ ᠪᠣᠭᠣᠮᠲᠠ᠎ᠶᠢᠨ ᠡᠳ᠋ᠰᠢᠭᠦᠯᠦᠯᠲᠡ᠂ ᠬᠢᠯᠢ ᠵᠢᠨ ᠪᠣᠭᠣᠮᠲᠠ᠎ᠶᠢᠨ ᠦᠢᠯᠡᠴᠢᠯᠡᠭᠡ ᠵᠡᠷᠭᠡ ᠠᠵᠤ ᠦᠢᠯᠡᠰ᠎ᠢ ᠰᠢᠨᠵᠢᠯᠡᠬᠦ ᠤᠬᠠᠭᠠᠨᠴᠢ᠎ᠪᠠᠷ ᠪᠠᠢᠷᠢᠰᠢᠭᠤᠯᠵᠤ᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢᠨ ᠡᠷᠬᠡ ᠠᠰᠢᠭ᠋᠎ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠵᠢᠭᠰᠡᠨ ᠬᠠᠤᠯᠢᠵᠢᠭ᠍ᠰᠠᠨ ᠳᠡᠯᠡᠬᠡᠢᠵᠢᠭᠰᠡᠨ ᠲᠡᠷᠢᠭᠦᠨ᠎ᠤ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠠᠪᠤᠳᠤᠭᠠᠷ ᠳᠠᠪᠤᠨ ᠵᠢᠯ〉 ᠤ᠋ᠨ ᠵᠡᠮᠳᠡᠭᠴᠦᠳ᠎ᠦᠨ ᠪᠠᠲᠤᠯᠠᠭ᠎ᠠ ᠪᠠ ᠬᠥᠭᠵᠢᠯᠲᠡ᠎ᠶᠢᠨ ᠲᠥᠯᠦᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠠᠪᠤᠳᠤᠭᠠᠷ ᠳᠠᠪᠤᠨ ᠵᠢᠯ〉 ᠤ᠋ᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶᠢᠨ ᠬᠥᠭᠵᠢᠯᠲᠡ᠎ᠶᠢ ᠲᠦᠷᠭᠡᠳᠬᠡᠨ ᠠᠬᠢᠭᠤᠯᠬᠤ ᠲᠥᠯᠦᠪᠵᠢᠭᠦᠯᠭᠡ》 ᠶ᠋ᠢ ᠬᠢᠨᠠᠨ ᠵᠥᠪᠯᠡᠪᠡ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃