ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-11 10:34:35

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠸᠠᠩ ᠸᠧᠢ ᠵᠦᠩ   ᠪᠤᠤ ᠭᠠᠩ    ᠵᠠᠩ ᠶᠠᠨ ᠺᠦᠨ    ᠱᠢ ᠭᠤᠸᠠᠩ ᠬᠤᠢ ᠨᠠᠷ ᠤᠷᠤᠯᠴᠠᠪᠠ


11 ᠰᠠᠷ᠎ᠠ᠎ᠶᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶᠢᠨ ᠬᠤᠷᠢᠶ᠎ᠠ ᠵᠢᠨ ᠱᠦᠵᠢ ᠱ᠌ᠢ ᠭᠤᠸᠠᠩ ᠬᠤᠢ ᠵᠡᠷᠭᠡ ᠤᠳᠤᠷᠢᠳᠬᠤ ᠨᠥᠬᠥᠳ ᠲᠤᠰ ᠲᠤᠰ ᠬᠥᠬᠡᠬᠣᠲᠠ᠎ᠳᠡᠬᠢ ᠥᠪᠡᠷ ᠥᠪᠡᠷ᠎ᠦᠨ ᠰᠣᠩᠭᠣᠭᠤᠯᠢ᠎ᠶᠢᠨ ᠲᠣᠭᠣᠷᠢᠭ᠎ᠲᠤ᠌ ᠲᠣᠭᠣᠷᠢᠭ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠰᠣᠩᠭᠣᠭᠤᠯᠢ ᠵᠢᠨ ᠪᠢᠯᠧᠲ ᠥᠭᠬᠦ᠎ᠳᠤ ᠣᠷᠣᠯᠴᠠᠪᠠ᠃

ᠰᠠᠶ᠋ᠢᠬᠠᠨ ᠲᠣᠭᠣᠷᠢᠭ᠎ᠤᠨ ᠵᠢᠷᠭᠤᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠰᠣᠩᠭᠣᠭᠤᠯᠢ ᠵᠢᠨ 128 ᠳ᠋ᠤᠭᠠᠷ ᠰᠣᠩᠭᠣᠭᠤᠯᠢ᠎ᠶᠢᠨ ᠲᠣᠭᠣᠷᠢᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠠᠯᠪᠠᠯᠠᠬᠤ ᠲᠣᠭᠣᠷᠢᠭ᠎ᠤᠨ ᠪᠢᠯᠧᠲ ᠥᠭᠬᠦ᠌ ᠦᠷᠳᠡᠬᠡ ᠵᠢᠨ ᠠᠭᠤᠷ ᠠᠮᠢᠰᠬᠤᠯ ᠲᠥᠪ ᠬᠢᠴᠢᠶᠡᠩᠭᠦᠢ ᠪᠦᠭᠡᠳ ᠬᠦᠷ ᠬᠥᠭᠵᠢᠶᠡᠨ ᠲᠠᠢ ᠪᠠᠢᠵᠤ᠂ ᠲᠠᠪᠤᠨ ᠣᠳᠣᠲᠤ᠌ ᠤᠯᠠᠭᠠᠨ ᠲᠤᠭ ᠬᠠᠷᠠᠭ᠎ᠠ ᠪᠤᠯᠢᠶᠠᠵᠤ᠂ ᠤᠯᠤᠰ᠎ᠤᠨ ᠰᠦᠯᠳᠡ ᠰᠢᠭᠢᠳᠬᠡᠭᠰᠡᠨ ᠤᠯᠠᠭᠠᠨ ᠦᠩᠭᠡ᠎ᠵᠢᠨ ᠪᠢᠯᠧᠲ᠎ᠦᠨ ᠬᠠᠶ᠋ᠢᠷᠴᠠᠭ᠎ᠢ ᠭᠣᠣᠯ ᠳᠤᠮᠳᠠ ᠨᠢ ᠲᠠᠯᠪᠢᠵᠤ᠂ ᠪᠢᠯᠧᠲ ᠥᠭᠬᠦ᠌ ᠠᠵᠢᠯ ᠵᠢᠷᠤᠮᠵᠢᠯ᠎ᠲᠠᠶ ᠡᠮᠬᠢ ᠳᠢᠭᠯᠢᠮ᠎ᠲᠡᠶ ᠶᠠᠪᠤᠭᠳᠠᠵᠤ ᠪᠠᠢᠯ᠎ᠠ᠃ ᠦᠳᠡ᠎ᠶᠢᠨ ᠡᠮᠦᠨᠡᠬᠢ 9 ᠴᠠᠭ᠎ᠲᠤ᠌ ᠸᠠᠩ ᠸᠧᠶ ᠵᠥᠩ ᠪᠢᠯᠧᠲ ᠥᠭᠬᠦ᠌ ᠥᠷᠲᠡᠭᠡᠨ᠎ᠳᠦ ᠬᠦᠷᠴᠦ᠍᠂ ᠰᠣᠩᠭᠣᠭᠤᠯᠢ᠎ᠶᠢᠨ ᠬᠣᠯᠪᠣᠭᠳᠠᠯ ᠪᠥᠬᠥᠶ ᠵᠦᠢᠯᠡᠰ᠎ᠢ ᠨᠠᠷᠢᠨ ᠬᠢᠨᠠᠮᠠᠭᠠᠶ ᠣᠶ᠋ᠢᠯᠠᠭᠠᠵᠤ᠂ ᠰᠣᠩᠭᠣᠭᠤᠯᠢ ᠵᠢᠨ ᠠᠷᠠᠳ᠎ᠤᠨ ᠦᠨᠡᠮᠯᠡᠯ᠎ᠢᠶᠡᠨ ᠠᠪᠴᠤ᠌ ᠠᠵᠢᠯᠲᠠᠨ᠎ᠳᠤ ᠲᠤᠰᠢᠶᠠᠨ ᠬᠢᠨᠠᠨ ᠰᠢᠯᠭᠠᠭᠤᠯᠬᠤ᠎ᠶᠢᠨ ᠬᠠᠮᠲᠤ᠌ ᠰᠣᠩᠭᠣᠭᠤᠯᠢ᠎ᠶᠢᠨ ᠪᠢᠯᠧᠲ᠎ᠢᠶᠡᠨ ᠲᠤᠰᠤᠨ ᠠᠪᠴᠤ᠌᠂ ᠪᠢᠯᠧᠲ ᠲᠠᠭᠯᠠᠬᠤ ᠭᠠᠵᠠᠷ᠎ᠲᠤ᠌ ᠨᠠᠷᠢᠨ ᠬᠢᠨᠠᠮᠠᠭᠠᠶ ᠲᠠᠭᠯᠠᠭᠰᠠᠨ᠎ᠤ ᠳᠠᠷᠠᠭ᠎ᠠ ᠪᠢᠯᠧᠲ᠎ᠦᠨ ᠬᠠᠶ᠋ᠢᠷᠴᠠᠭ᠎ᠤᠨ ᠡᠮᠦᠨ᠎ᠡ ᠬᠦᠷᠴᠦ᠍ ᠲᠥᠪ ᠬᠢᠴᠢᠶᠠᠩᠬᠦᠢ᠎ᠪᠠᠷ ᠥᠪᠡᠷ᠎ᠦᠨ ᠪᠢᠯᠧᠲ᠎ᠢᠶᠡᠨ ᠲᠡᠪᠰᠢᠬᠦᠯᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠤᠳᠤᠷᠢᠳᠬᠤ ᠨᠥᠬᠥᠳ᠂ ᠮᠤᠵᠢ᠎ᠶᠢᠨ ᠲᠠᠰ᠎ᠤᠨ ᠠᠵᠢᠯ᠎ᠡᠴᠡ᠎ᠪᠠᠨ ᠠᠮᠠᠷᠠᠭᠰᠠᠨ ᠬᠡᠰᠡᠭ ᠠᠬᠠᠮᠠᠳ ᠨᠥᠬᠥᠳ ᠲᠣᠰ ᠲᠣᠰ ᠥᠪᠡᠷ ᠥᠪᠡᠷ᠎ᠦᠨ ᠰᠣᠩᠭᠣᠭᠤᠯᠢ᠎ᠶᠢᠨ ᠲᠣᠭᠣᠷᠢᠭ᠎ᠲᠤ ᠪᠢᠯᠧᠲ ᠥᠭᠭᠦ᠎ᠳᠤ ᠤᠷᠤᠯᠴᠠᠭᠰᠠᠨ ᠪᠤᠶᠤ ᠪᠤᠰᠤᠳ᠎ᠲᠤ᠌ ᠨᠠᠶ᠋ᠢᠳᠠᠵᠤ ᠪᠢᠯᠧᠲ ᠥᠭᠪᠡ᠃

ᠣᠶ᠋ᠢᠯᠠᠭᠠᠭᠰᠠᠨ᠎ᠢᠶᠠᠷ᠂ 11 ᠰᠠᠷ᠎ᠠ᠎ᠶᠢᠨ ᠰᠡᠭᠦᠯᠴᠢ᠎ᠡᠴᠡ ᠡᠮᠦᠨ᠎ᠡ ᠬᠥᠬᠡᠬᠣᠲᠠ ᠵᠢᠨ ᠬᠢᠨ ᠰᠢᠨ᠎ᠡ ᠨᠢᠭᠡ ᠬᠤᠭᠤᠴᠠᠭᠠᠨ᠎ᠤ ᠬᠣᠰᠢᠭᠤ ᠰᠢᠶᠠᠨ ᠲᠣᠭᠣᠷᠢᠭ᠂ ᠰᠢᠶᠠᠩ ᠪᠠᠯᠭᠠᠰᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠰᠣᠩᠭᠣᠭᠤᠯᠢ ᠵᠢᠨ ᠪᠢᠯᠧᠲ ᠥᠭᠬᠦ ᠠᠵᠢᠯ᠎ᠢ ᠳᠠᠭᠤᠰᠬᠠᠬᠤ ᠪᠣᠯᠤᠨ᠎ᠠ᠃ ᠲᠣᠰ ᠤᠳᠠᠭ᠎ᠠ᠎ᠶᠢᠨ ᠰᠣᠩᠭᠣᠭᠤᠯᠢ᠎ᠳᠤ ᠬᠥᠬᠡᠬᠣᠲᠠ ᠵᠢᠨ ᠬᠢᠨ ᠨᠡᠢᠲᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠰᠣᠩᠭᠣᠭᠤᠯᠢ᠎ᠶᠢᠨ ᠲᠣᠭᠣᠷᠢᠭ᠎ᠢ 989᠂ ᠰᠢᠶᠠᠩ ᠪᠠᠯᠭᠠᠰᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠰᠣᠩᠭᠣᠭᠤᠯᠢ᠎ᠶᠢᠨ ᠲᠣᠭᠣᠷᠢᠭ᠎ᠢ 1245 ᠲᠤᠬᠳᠠᠭᠠᠵᠦ᠂  ᠵᠥᠷᠢᠶ᠎ᠡ ᠲᠣᠭᠠᠳᠤ ᠰᠣᠩᠭᠣᠭᠤᠯᠢ᠎ᠪᠠᠷ ᠳᠡᠮᠵᠢᠨ ᠰᠢᠨ᠎ᠡ ᠨᠢᠭᠡ ᠬᠤᠭᠤᠴᠠᠭᠠᠨ᠎ᠤ ᠰᠢᠶᠠᠨ ᠰᠢᠶᠠᠩ ᠬᠣᠶᠠᠷ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢ 4588 ᠬᠥᠮᠦᠨ᠎ᠢ ᠬᠠᠤᠯᠢ ᠶᠣᠰᠣᠭᠠᠷ ᠰᠣᠩᠭᠣᠨ ᠭᠠᠷᠭᠠᠬᠤ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面