2026-11-12 10:09:53
ᠪᠦᠦ ᠰᠢᠶᠠᠨ ᠬᠤᠸᠠ ᠶᠠᠷᠢᠶ᠎ᠠ ᠲᠠᠯᠪᠢᠪᠠ
11 ᠰᠠᠷ᠎ᠠ᠎ᠶᠢᠨ 11 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠠᠵᠢᠯ᠎ᠤᠨ ᠳᠠᠢᠴᠢᠯᠠᠯᠲᠠ᠎ᠶᠢᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ ᠶᠠᠷᠢᠶ᠎ᠠ ᠲᠠᠯᠪᠢᠪᠠ᠃
ᠪᠦᠦ ᠰᠢᠶᠠᠨ ᠬᠤᠸᠠ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠶᠢ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠡᠨ ᠦᠨᠡᠨ ᠬᠦ᠌ ᠴᠢᠩᠭᠠᠳᠬᠠᠵᠤ᠂ ᠪᠦᠬᠦ ᠲᠠᠯ᠎ᠠ᠎ᠶᠢ ᠬᠠᠮᠤᠷᠤᠭᠰᠠᠨ᠂ ᠬᠡᠯᠪᠡᠷᠢ ᠮᠠᠶᠢᠭ᠋ ᠨᠢ ᠣᠯᠠᠨ ᠶᠠᠩᠵᠤ᠎ᠶᠢᠨ ᠤᠬᠠᠭᠤᠯᠤᠨ ᠲᠠᠢᠯᠪᠤᠷᠢᠯᠠᠯᠳᠠ᠎ᠶᠢ ᠥᠷᠭᠡᠨ ᠳᠡᠯᠭᠡᠷ ᠥᠷᠨᠢᠭᠦᠯᠵᠦ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠣᠳᠣᠷᠬᠠᠢ ᠣᠨᠣᠪᠴᠢᠲᠠᠶ ᠶᠠᠷᠢᠵᠤ᠂ ᠪᠣᠳᠠᠲᠠᠢ ᠲᠤᠭᠤᠰᠢᠲᠠᠢ ᠶᠠᠷᠢᠵᠤ᠂ ᠨᠢᠭᠤᠷᠳᠠᠬᠤ᠂ ᠬᠤᠷᠰᠢᠯᠴᠠᠬᠤ ᠮᠠᠶᠢᠭ᠋᠎ᠤᠨ ᠤᠬᠠᠭᠤᠯᠤᠨ ᠲᠠᠢᠯᠪᠤᠷᠢᠯᠠᠯᠳᠠ᠎ᠶᠢ ᠥᠷᠭᠡᠨ ᠳᠡᠯᠭᠡᠷ ᠥᠷᠨᠢᠭᠦᠯᠵᠦ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠡᠯ᠎ᠡ ᠠᠵᠢᠯ ᠲᠦᠷᠦᠯ᠂ ᠲᠦᠭ ᠲᠦᠮᠡᠨ ᠠᠢᠯ ᠡᠷᠦᠬᠡ᠎ᠳᠦ ᠤᠯᠠᠮᠵᠢᠯᠠᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶᠢ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠨᠢᠭᠡᠳᠬᠡᠬᠦ ᠪᠡᠷ ᠬᠥᠲᠥᠯᠥᠨ ᠳᠠᠭᠠᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠲᠠᠰᠤᠷᠠᠯᠲᠠ ᠦᠭᠡᠢ ᠪᠢᠴᠢᠭᠯᠡᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠳᠠᠢᠴᠢᠯᠠᠯᠲᠠ᠎ᠶᠢᠨ ᠬᠤᠷᠠᠯ᠎ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠨᠠᠷ ᠬᠠᠮᠲᠤ ᠪᠡᠷ ᠬᠢᠴᠢᠶᠡᠯ ᠪᠡᠯᠡᠳᠬᠡᠪᠡ᠃ 11 ᠰᠠᠷ᠎ᠠ᠎ᠶᠢᠨ ᠳᠤᠮᠳᠠᠴᠢ᠎ᠡᠴᠡ ᠡᠬᠢᠯᠡᠨ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠡᠯ᠎ᠡ ᠠᠢᠮᠠᠭ ᠬᠤᠳᠠ ᠵᠡᠷᠭᠡ᠎ᠳᠦ ᠭᠦᠨᠵᠡᠭᠡᠢᠷᠡᠵᠤ ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃