ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-14 13:35:33

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠸᠠᠩ ᠸᠧᠢ ᠵᠥᠩ ᠬᠤᠷᠠᠯ ᠢ᠋ ᠡᠷᠭᠢᠯᠡᠵᠠᠢ


11 ᠰᠠᠷ᠎ᠠ᠎ᠶᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠪᠦᠬᠦ ᠣᠷᠣᠨ᠎ᠤ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ᠎ᠶᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠪᠣᠭᠣᠮᠲᠠ ᠰᠢᠪᠲᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠬᠤᠷᠠᠯ᠎ᠢ ᠡᠷᠭᠢᠯᠡᠵᠠᠢ᠃

ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠩᠭ᠎ᠠ ᠦᠨᠳᠦᠰᠦᠨ ᠬᠦᠭ ᠠᠶᠠᠰ᠎ᠢ ᠭᠤᠢᠪᠢᠰᠢ ᠦᠭᠡᠢ ᠪᠠᠷᠢᠮᠲᠠᠯᠠᠵᠤ᠂ ᠪᠦᠬᠦ ᠬᠦᠴᠦᠨ᠎ᠢᠶᠡᠷ᠎ᠢᠶᠡᠨ ᠪᠣᠭᠣᠮᠲᠠ ᠰᠢᠪᠲᠤᠯᠵᠤ᠂ ᠡᠴᠦᠰ ᠲᠦ᠍ᠨᠢ ᠲᠤᠯᠲᠠᠯ᠎ᠠ ᠠᠳᠬᠤᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ ᠪᠣᠭᠣᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ ᠳ᠋ᠤ ᠨᠡᠩ ᠶᠡᠬᠡ ᠪᠣᠳᠠᠲᠤ ᠦᠷ᠎ᠡ ᠪᠦᠲᠦᠮᠵᠢ ᠣᠯᠬᠤ᠎ᠶᠢ ᠬᠦᠴᠦᠯᠡᠨ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ᠎ᠶᠢ ᠦᠷᠭᠦᠯᠵᠢᠯᠡᠨ ᠪᠤᠳᠠᠳᠠᠢᠵᠢᠭᠤᠯᠤᠨ ᠱᠠᠯᠠᠪᠳᠠᠭᠤᠯᠵᠤ᠂ ᠶᠡᠷᠦᠩᠬᠡᠢᠯᠡᠨ ᠦᠨᠡᠯᠡᠬᠦ᠂ ᠬᠢᠨᠠᠨ ᠵᠢᠯᠤᠭᠣᠳᠴᠤ ᠰᠤᠭᠤᠴᠢᠨ ᠪᠠᠢᠴᠠᠭᠠᠬᠤ᠂ ᠪᠣᠯᠵᠣᠨ ᠶᠠᠷᠢᠯᠴᠠᠵᠤ ᠵᠠᠷᠯᠠᠬᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠵᠡᠷᠭᠡ ᠠᠷᠭ᠎ᠠ ᠪᠠᠷᠢᠯ᠎ᠢ ᠰᠠᠢᠲᠤᠷ ᠬᠡᠷᠡᠭᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠤ᠋ ᠦᠷ᠎ᠡ ᠪᠦᠲᠦᠭᠡᠯ᠎ᠢᠶᠡᠨ ᠪᠡᠬᠢᠵᠢᠭᠦᠯᠬᠦ᠂ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠭᠣᠣᠯᠳᠠᠯᠭ᠎ᠠ᠎ᠶᠢ ᠠᠩᠬᠠᠷᠤᠨ ᠰᠢᠢᠳᠪᠦᠷᠢᠯᠡᠵᠤ᠂ ᠬᠦᠴᠢᠷ ᠶᠠᠪᠤᠳᠠᠯ᠎ᠢ ᠳᠠᠭᠠᠭᠤᠯᠤᠨ ᠰᠢᠢᠳᠪᠦᠷᠢᠯᠡᠵᠦ᠂ ᠡᠷᠭᠡ ᠲᠤᠰᠢᠶᠠᠯᠳᠤ ᠰᠠᠯᠠᠭ᠎ᠠ ᠮᠥᠴᠢᠷ ᠵᠢᠴᠢ ᠠᠢᠮᠠᠭ ᠬᠤᠳᠠ᠂ ᠬᠣᠰᠢᠭᠤ ᠰᠢᠶᠠᠨ᠎ᠤ ᠨᠠᠮ ᠵᠠᠰᠠᠭ᠎ᠤᠨ 《ᠨᠢᠭᠡᠳᠦᠭᠡᠷ ᠬᠠᠷᠢᠭᠤᠴᠠᠯᠭᠠᠳᠠᠨ》 ᠡᠴᠦᠰ ᠲᠦ᠍ᠨᠢ ᠲᠤᠯᠲᠠᠯ᠎ᠠ ᠨᠠᠢᠳᠠᠪᠤᠷᠢᠵᠢᠭᠤᠯᠬᠤ ᠬᠡᠷᠡᠭᠲᠡᠢ᠃ 《4 + 10 + N》 ᠴᠡᠭᠴᠡᠯᠡᠨ ᠵᠠᠰᠠᠬᠤ ᠡᠭᠦᠷᠭᠡ᠎ᠶᠢᠨ ᠪᠣᠳᠠᠲᠠᠢ ᠬᠠᠷᠠᠯᠲᠠ ᠱᠠᠭᠠᠷᠳᠠᠯᠭ᠎ᠠ᠎ᠲᠠᠢ ᠬᠠᠷᠭᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠬᠥᠳᠡᠭᠡ ᠲᠣᠰᠬᠣᠨ᠎ᠤ ᠬᠠᠮᠲᠤ᠎ᠶᠢᠨ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》 ᠤ᠋ᠨ ᠬᠠᠮᠢᠶᠠᠷᠤᠯᠲᠠ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ᠂ ᠡᠮᠴᠢᠯᠡᠭᠡᠨ᠎ᠤ ᠳᠠᠭᠠᠳᠬᠠᠯ᠎ᠤᠨ ᠰᠠᠭᠤᠷᠢ ᠮᠥᠩᠭᠥ᠎ᠶᠢᠨ ᠬᠠᠮᠢᠶᠠᠷᠤᠯᠲᠠ ᠵᠡᠷᠭᠡ ᠬᠦᠷᠢᠶᠡᠨ᠎ᠳᠡᠬᠢ ᠲᠣᠪᠣᠢᠮ᠎ᠠ ᠠᠰᠠᠭᠤᠳᠠᠯ ᠵᠢᠴᠢ ᠡᠯ᠎ᠡ ᠲᠥᠷᠥᠯ᠎ᠦᠨ ᠬᠢᠨᠠᠨ ᠪᠠᠢᠴᠠᠭᠠᠯᠳᠠ ᠵᠢᠨ ᠬᠠᠷᠢᠭᠤ ᠲᠤᠰᠬᠠᠭᠰᠠᠨ ᠠᠰᠠᠭᠤᠳᠠᠯ᠎ᠢ ᠴᠢᠩᠭ᠎ᠠ ᠠᠩᠬᠠᠷᠴᠤ᠂ ᠰᠢᠰᠲᠸᠮ ᠲᠠᠢ  ᠪᠠᠷ ᠵᠢᠭᠠᠨ ᠵᠢᠯᠤᠭᠣᠳᠬᠤ᠎ᠶᠢ ᠴᠢᠩᠭᠠᠳᠬᠠᠵᠤ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠶᠢ ᠲᠦᠷᠭᠡᠳᠬᠡᠵᠦ᠂ ᠬᠠᠨᠳᠤᠯᠭᠠᠳᠤ ᠴᠢᠨᠠᠷᠲᠠᠢ᠎ᠪᠠᠷ ᠳᠤᠲᠠᠭᠤᠳᠠᠯ᠎ᠢ ᠪᠠᠢᠴᠠᠭᠠᠨ ᠳᠤᠲᠠᠭᠤᠳᠠᠯ᠎ᠢ ᠨᠥᠬᠥᠪᠦᠷᠢᠯᠡᠵᠦ᠂ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠨᠢᠭᠡ᠎ᠡᠴᠡ ᠵᠦᠢᠴᠢᠯᠡᠨ ᠨᠥᠭᠥᠭᠡ᠎ᠶᠢ ᠮᠡᠳᠡᠵᠤ᠂ ᠠᠰᠠᠭᠤᠳᠠᠯ᠎ᠢ ᠪᠥᠬᠥ ᠲᠠᠯ᠎ᠠ᠎ᠪᠠᠷ ᠲᠤᠢᠯᠪᠤᠷᠢᠲᠠᠢ ᠴᠡᠭᠴᠡᠯᠡᠨ ᠵᠠᠰᠠᠬᠤ᠎ᠶᠢ ᠪᠠᠲᠤᠯᠠᠬᠤ ᠬᠡᠷᠡᠭᠲᠡᠢ᠃ ᠡᠮᠦᠨ᠎ᠡ ᠹᠷᠣᠨᠲ᠎ᠲᠤ ᠭᠦᠨᠵᠡᠭᠡᠢᠷᠡᠨ ᠤᠯᠠᠨ ᠲᠦᠮᠡᠨ᠎ᠡᠴᠡ ᠦᠷ᠎ᠡ ᠠᠰᠢᠭ᠋ ᠲᠠᠢ ᠡᠰᠡᠬᠦ ᠵᠢ ᠤᠢᠯᠠᠭᠠᠬᠤ᠎ᠶᠢ ᠪᠠᠷᠢᠮᠲᠠᠯᠠᠵᠤ᠂ ᠤᠯᠠᠨ ᠲᠦᠮᠡᠨ᠎ᠦ ᠲᠤᠰᠬᠠᠯ ᠤᠯᠠᠨ ᠪᠠᠢᠭ᠎ᠠ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠳᠤ ᠬᠣᠯᠪᠣᠭᠳᠠᠭᠰᠠᠨ ᠲᠦᠷᠦᠯ ᠵᠦᠢᠯ᠎ᠦᠨ ᠪᠣᠳᠠᠲᠤ ᠬᠡᠷᠡᠭ᠎ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ᠎ᠶᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠤᠯᠠᠨ ᠲᠦᠮᠡᠨ᠎ᠦ ᠬᠠᠨᠤᠮᠵᠢ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ᠎ᠢ ᠰᠢᠢᠳᠪᠦᠷᠢᠯᠡᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠳᠠᠷᠤᠭᠳᠠᠮᠠᠯ ᠬᠡᠷᠡᠭ᠎ᠢ ᠰᠢᠢᠳᠪᠦᠷᠢᠯᠡᠬᠦ ᠡᠷᠴᠢᠮ᠎ᠢᠶᠡᠨ ᠴᠢᠩᠭᠠᠷᠠᠭᠤᠯᠵᠤ᠂ 《ᠬᠣᠶᠠᠷ᠎ᠢ ᠪᠠᠭᠤᠷᠠᠭᠤᠯᠵᠤ ᠨᠢᠭᠡ᠎ᠶᠢ ᠳᠡᠭᠡᠭᠰᠢᠯᠡᠭᠦᠯᠦᠭᠰᠡᠨ》 ᠦᠷ᠎ᠡ ᠪᠦᠲᠦᠭᠡᠯ᠎ᠢ ᠪᠥᠬᠥ ᠬᠦᠴᠦᠨ᠎ᠢᠶᠡᠷ᠎ᠢᠶᠡᠨ ᠪᠡᠬᠢᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠬᠢᠨ ᠱᠠᠯᠠᠪᠳᠠᠭᠤᠯᠬᠤ ᠮᠥᠷᠲᠡᠭᠡᠨ ᠪᠤᠳᠠᠳᠠᠢ ᠠᠵᠢᠯᠯᠠᠵᠤ᠂ ᠬᠦᠴᠦ᠎ᠪᠡᠨ ᠲᠥᠪᠯᠡᠷᠡᠭᠦᠯᠦᠨ ᠬᠡᠷᠡᠭ ᠰᠢᠢᠳᠪᠦᠷᠢᠯᠡᠬᠦ᠎ᠶᠢ ᠴᠢᠩᠭ᠎ᠠ ᠠᠳᠬᠤᠵᠤ᠂ ᠬᠡᠷᠡᠭ᠎ᠢ ᠪᠠᠢᠴᠠᠭᠠᠨ ᠰᠢᠢᠳᠪᠦᠷᠢᠯᠡᠬᠦ ᠪᠦᠬᠦ ᠶᠠᠪᠤᠴᠠ᠎ᠶᠢᠨ ᠬᠠᠮᠢᠶᠠᠷᠤᠯᠲᠠ ᠡᠵᠡᠮᠳᠡᠯ᠎ᠢ ᠴᠢᠩᠭᠠᠳᠬᠠᠵᠤ᠂ ᠬᠡᠷᠡᠭ᠎ᠢ ᠭᠦᠨᠵᠡᠭᠡᠢ ᠲᠤᠭᠤᠰᠢᠲᠠᠢ ᠪᠠᠢᠴᠠᠭᠠᠵᠤ᠂ ᠠᠷᠠᠳ᠎ᠲᠤ ᠠᠰᠢᠭ᠋ ᠬᠦᠷᠲᠡᠭᠡᠬᠦ ᠪᠡᠯᠡ ᠮᠥᠩᠭᠥ ᠳ᠋ᠤ 《ᠭᠤᠷᠢᠯᠠᠬᠰᠠᠨ》᠂ ᠤᠯᠠᠨ ᠲᠦᠮᠡᠨ᠎ᠦ ᠠᠰᠢᠭ᠋ ᠲᠤᠰᠠ ᠳ᠋ᠤ 《ᠬᠠᠷ᠎ᠠ ᠰᠠᠪᠠᠷ᠎ᠢᠶᠠᠨ ᠰᠤᠩᠭᠠᠬᠰᠠᠨ》 ᠬᠥᠮᠥᠨ ᠪᠠ ᠶᠠᠪᠤᠳᠠᠯ ᠳ᠋ᠤ ᠶᠠᠭᠠᠬᠢᠭ᠍ᠰᠠᠨ ᠴᠤ᠌ ᠨᠠᠢᠷ ᠲᠠᠯᠪᠢᠵᠤ ᠪᠣᠯᠬᠤ ᠦᠭᠡᠢ᠂ 《ᠪᠢᠴᠢᠯ ᠱᠠᠮᠰᠢᠯ ᠵᠢᠵᠢᠭ ᠢᠯᠵᠢᠷᠠᠯ》᠎ᠢ᠋ ᠴᠢᠩᠭ᠎ᠠ ᠵᠠᠯᠬᠠᠭᠠᠨ ᠰᠢᠢᠳᠬᠡᠵᠦ᠂ ᠤᠯᠠᠨ ᠲᠦᠮᠡᠨ᠎ᠳᠦ ᠨᠡᠩ ᠤᠯᠠᠨ ᠨᠡᠩ ᠰᠢᠭᠤᠳ ᠬᠦᠷᠲᠡᠮᠵᠢ᠎ᠶᠢᠨ ᠲᠥᠷᠥᠭᠳᠡᠯ ᠣᠯᠭᠣᠬᠤ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠡᠯᠡᠳᠬᠡᠯ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠬᠢᠨᠠᠨ ᠵᠥᠪᠯᠡᠭᠦᠯᠬᠦ ᠪᠡᠷ ᠳᠡᠪᠰᠢᠭᠦᠯᠬᠦ ᠬᠣᠯᠪᠣᠭᠳᠠᠯ ᠪᠦᠬᠦᠢ ᠪᠢᠴᠢᠭ ᠮᠠᠲᠧᠷᠢᠶᠠᠯ᠎ᠢ ᠶᠠᠷᠢᠯᠴᠠᠭᠰᠠᠨ ᠪᠥᠭᠡᠳ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃ ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠳᠦᠷᠢᠮ (ᠲᠥᠰᠥᠯ᠎ᠦᠨ ᠵᠠᠰᠠᠪᠤᠷᠢ ᠣᠷᠣᠭᠤᠯᠤᠭᠰᠠᠨ ᠨᠣᠣᠷᠠᠭ)》 ᠢ᠋ ᠬᠢᠨᠠᠨ ᠵᠥᠪᠯᠡᠪᠡ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面