2026-11-14 13:36:31
ᠸᠠᠩ ᠸᠧᠢ ᠵᠦᠩ ᠰᠤᠷᠤᠯᠴᠠᠯᠭ᠎ᠠ ᠵᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠪᠦᠦ ᠭᠠᠩ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠪᠠ
11 ᠰᠠᠷ᠎ᠠ᠎ᠶᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠶ᠋ᠢᠯᠠᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌᠎ᠪᠡᠷ ᠭᠣᠣᠯ ᠰᠡᠳᠦᠪ ᠪᠣᠯᠭᠠᠵᠤ᠂ 2026 ᠣᠨ᠎ᠤ ᠠᠷᠪᠠᠨ ᠳᠥᠷᠪᠡᠳᠦᠭᠡᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ ᠰᠤᠷᠤᠯᠴᠠᠯᠭ᠎ᠠ ᠵᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
ᠤᠨᠤᠯ ᠰᠤᠷᠤᠯᠴᠠᠬᠤ ᠭᠤᠤᠯ ᠳᠤᠭᠤᠶ᠋ᠢᠯᠠᠩ᠎ᠤᠨ ᠪᠦᠷᠢᠯᠳᠦᠬᠦᠨ ᠨᠠᠷ ᠦᠵᠡᠯ ᠰᠠᠨᠠᠭ᠎ᠠ ᠪᠠ ᠠᠵᠢᠯ᠎ᠤᠨ ᠪᠣᠳᠠᠲᠤ᠌ ᠪᠠᠢᠳᠠᠯ᠎ᠲᠠᠶ ᠪᠡᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠣᠯᠠᠨ᠎ᠢᠶᠠᠷ᠎ᠢᠶᠡᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠡᠴᠡ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠠᠰᠠᠭᠤᠳᠠᠯ᠎ᠢ ᠭᠤᠤᠯᠳᠠᠯᠭ᠎ᠠ᠎ᠲᠠᠶ ᠰᠤᠳᠤᠯᠤᠭᠰᠠᠨ ᠪᠣᠯ ᠨᠠᠮ᠎ᠤᠨ ᠲᠥᠪ ᠬᠣᠷᠢᠶ᠎ᠠ᠎ᠡᠴᠡ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠲᠡᠦᠬᠡᠨ ᠣᠷᠣᠨ ᠪᠠᠶ᠋ᠢᠷᠢ᠎ᠶᠢ ᠡᠵᠡᠮᠳᠡᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠪᠥᠬᠥ᠌ ᠲᠠᠯ᠎ᠠ᠎ᠡᠴᠡ ᠡᠭᠦᠰᠴᠦ᠍᠂ ᠴᠠᠭ᠎ᠢ ᠦᠵᠡᠨ ᠪᠠᠶ᠋ᠢᠳᠠᠯ᠎ᠢ ᠰᠢᠨᠵᠢᠵᠦ᠍᠂ ᠪᠥᠬᠥ᠌ ᠲᠠᠯ᠎ᠠ᠎ᠪᠠᠷ ᠪᠣᠳᠣᠯᠬᠢᠯᠠᠵᠤ ᠲᠤᠬᠳᠠᠭᠠᠬᠰᠡᠨ ᠴᠢᠬᠤᠯᠠ ᠶᠡᠬᠡ ᠰᠢᠢᠳᠪᠦᠷᠢᠲᠦ᠍ ᠪᠣᠳᠣᠯᠭ᠎ᠠ ᠮᠥᠨ᠂ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠤᠯᠠᠮ ᠨᠢᠭᠡ ᠠᠯᠬᠤᠮ ᠡᠭᠦᠳᠬᠦ᠌᠂ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠲᠦ᠎ᠶᠢᠨ ᠵᠢᠯᠣᠭᠣᠳᠬᠤ ᠠᠴᠢ ᠬᠣᠯᠪᠣᠭᠳᠠᠯ᠎ᠲᠠᠶ ᠶᠤᠮ ᠭᠡᠵᠦ᠍ ᠰᠠᠨᠠᠯ ᠨᠢᠭᠡᠲᠡᠶ ᠦᠵᠡᠵᠡᠭᠡᠪᠡ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠦᠷᠭᠦᠯᠵᠢᠯᠡᠨ ᠭᠦᠨᠵᠡᠭᠡᠶ ᠰᠤᠷᠤᠯᠴᠠᠨ ᠨᠠᠷᠢᠨ ᠣᠶ᠋ᠢᠯᠠᠭᠠᠵᠤ᠂ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠰᠠᠶ᠋ᠢᠲᠤᠷ ᠠᠳᠬᠤᠵᠤ ᠂ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠤᠨ᠎ᠠ ᠭᠡᠵᠤ ᠰᠠᠨᠠᠯ ᠨᠢᠭᠡᠳᠠᠢ ᠢᠯᠡᠳᠭᠡᠵᠡᠭᠡᠪᠡ᠃
ᠸᠠᠩ ᠸᠧᠢ ᠵᠦᠩ ᠶᠠᠷᠢᠶᠠᠨ᠎ᠳᠠᠭᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠠᠶ᠋ᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠶ᠋ᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠤᠨ᠎ᠠ᠃ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠲᠦᠷᠦᠭᠦᠯᠡᠨ ᠲᠡᠷᠡ ᠬᠡᠪ᠎ᠢᠶᠡᠷ ᠨᠢ ᠰᠤᠷᠤᠯᠴᠠᠵᠤ᠂ ᠨᠡᠪᠳᠡᠷᠡᠳᠡᠯ᠎ᠡ ᠤᠢᠯᠠᠭᠠᠵᠤ ᠰᠤᠷᠤᠯᠴᠠᠨ᠂ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠵᠤ᠂ ᠤᠳᠬ᠎ᠠ ᠰᠠᠨᠠᠭ᠎ᠠ᠎ᠶᠢ ᠨᠢ ᠮᠡᠳᠡᠬᠦ᠌ ᠪᠥᠭᠡᠳ ᠶᠤᠰᠤ ᠤᠴᠢᠷ᠎ᠢ ᠨᠢ ᠤᠢᠯᠠᠭᠠᠵᠤ᠂ ᠲᠡᠢᠮᠦ ᠭᠡᠬᠦ ᠵᠢ ᠨᠢ ᠮᠡᠳᠡᠬᠦ ᠪᠦᠭᠡᠳ ᠨᠡᠩ ᠴᠤ᠌ ᠴᠤᠬᠤᠮ ᠶᠠᠭᠠᠬᠢᠭᠠᠳ ᠲᠡᠢᠮᠦ ᠪᠤᠯᠬᠤ ᠵᠢ ᠮᠡᠳᠡᠬᠦ ᠬᠡᠷᠡᠭᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠶ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠶ ᠤᠶᠠᠯᠳᠤᠭᠤᠯᠵᠤ᠂ ᠵᠣᠷᠢᠭᠲᠠᠢ ᠬᠠᠮᠢᠶᠠᠷᠴᠤ᠌ ᠵᠣᠷᠢᠭᠲᠠᠢ ᠵᠠᠰᠠᠬᠤ᠂ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠬᠠᠷᠢᠭᠤᠴᠠᠯᠭ᠎ᠠ᠎ᠶᠢ ᠵᠤᠷᠢᠭᠳᠠᠢ ᠡᠭᠦᠷᠭᠡᠯᠡᠬᠦ᠌᠂ ᠬᠠᠷᠢᠭᠤᠴᠠᠯᠭ᠎ᠠ᠎ᠶᠢ ᠦᠢᠯᠡ ᠠᠵᠢᠯᠯᠠᠭ᠎ᠠ ᠳ᠋ᠠᠭᠠᠨ ᠦᠢᠯᠡᠳᠦᠯᠭᠡᠵᠢᠭᠦᠯᠬᠦ ᠠᠵᠢᠯᠯᠠᠭ᠎ᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠴᠢᠨᠠᠷ ᠰᠠᠶ᠋ᠢᠲᠠᠢ ᠨᠠᠮ᠎ᠤᠨ ᠪᠠᠶ᠋ᠢᠭᠤᠯᠤᠯᠲᠠ᠎ᠪᠠᠷ ᠴᠢᠨᠠᠷ ᠰᠠᠶ᠋ᠢᠲᠠᠢ ᠬᠥᠭᠵᠢᠯᠲᠡ᠎ᠶᠢ ᠬᠦᠲᠦᠯᠦᠨ ᠳᠠᠭᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠸᠠᠩ ᠸᠧᠢ ᠵᠦᠩ᠂ ᠨᠠᠮ᠎ᠤᠨ ᠰᠢᠨ᠎ᠡ ᠪᠠᠶ᠋ᠢᠳᠠᠯ ᠳᠣᠣᠷ᠎ᠠ ᠲᠤᠯᠭᠠᠷᠠᠵᠤ ᠪᠠᠶ᠋ᠢᠭ᠎ᠠ 《ᠲᠦᠷᠪᠡᠨ ᠶᠡᠬᠡ ᠥᠷᠢᠰᠥᠯᠳᠦᠭᠡᠨ》 ᠢ᠋ ᠠᠷᠭᠠᠴᠠᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠨᠠᠮ᠎ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠦᠳᠦᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ᠎ᠦᠨ ᠤᠷᠢᠶᠠᠯᠠᠬᠤ ᠬᠦᠴᠦᠨ᠎ᠢ ᠦᠷᠭᠦᠯᠵᠢᠯᠡᠨ ᠴᠢᠩᠭᠠᠳᠬᠠᠬᠤ ᠲᠤᠬᠠᠢ ᠨᠠᠮ ᠤ᠋ᠨ ᠲᠥᠪ ᠬᠤᠷᠢᠶ᠎ᠠ ᠵᠢᠨ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠭᠦᠨᠵᠡᠭᠡᠢ ᠨᠠᠶ᠋ᠢᠳᠠᠪᠤᠷᠢᠵᠢᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠡᠯ᠎ᠡ ᠵᠦᠢᠯ᠎ᠦᠨ ᠡᠭᠦᠷᠭᠡ᠎ᠶᠢᠨ ᠨᠠᠶ᠋ᠢᠳᠠᠪᠤᠷᠢᠵᠢᠭᠤᠯᠤᠯᠲᠠ᠎ᠶᠢ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠰᠠᠶ᠋ᠢᠲᠤᠷ ᠠᠳᠬᠤᠬᠤ ᠬᠡᠷᠡᠭᠲᠡᠢ᠃ ᠨᠠᠮ᠎ᠤᠨ ᠤᠯᠤᠰ ᠲᠥᠷᠥ᠎ᠶᠢᠨ ᠤᠳᠤᠷᠢᠳᠬᠤ ᠬᠦᠴᠦᠨ᠎ᠢ ᠴᠢᠩᠭᠠᠳᠬᠠᠬᠤ᠎ᠶᠢᠨ ᠲᠣᠭᠣᠷᠢᠨ᠎ᠳᠤ᠂ ᠨᠠᠮ᠎ᠤᠨ ᠪᠥᠬᠥ᠌ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶᠢ ᠪᠠᠷᠢᠮᠲᠠᠯᠠᠵᠤ᠂ ᠤᠯᠤᠰ ᠲᠥᠷᠥ᠎ᠶᠢᠨ ᠰᠠᠬᠢᠯᠭ᠎ᠠ ᠪᠠᠲᠤ᠌ ᠪᠠ ᠤᠯᠤᠰ ᠲᠥᠷᠥ᠎ᠶᠢᠨ ᠶᠣᠰᠣ ᠲᠦᠷᠢᠮ᠎ᠢ ᠴᠢᠩᠳᠠᠯᠠᠵᠤ᠂ ᠠᠷᠠᠳᠴᠢᠯᠠᠯ ᠲᠥᠪᠯᠡᠷᠡᠯ᠎ᠦᠨ ᠶᠣᠰᠣ᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠵᠦ᠍᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠵᠤ᠂ ᠣᠷᠣᠨ ᠳᠠᠶᠠᠭᠠᠷ᠎ᠢᠶᠠᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠬᠦ᠌᠎ᠶᠢ ᠬᠥᠲᠥᠯᠥᠨ ᠳᠠᠭᠠᠭᠤᠯᠬᠤ ᠬᠡᠷᠡᠭᠳᠡᠢ᠃ ᠨᠠᠮ᠎ᠤᠨ ᠦᠵᠡᠯ ᠰᠠᠨᠠᠭᠠᠨ᠎ᠤ ᠬᠦᠳᠦᠯᠥᠨ ᠳᠠᠭᠠᠭᠤᠯᠬᠤ ᠬᠦᠴᠦᠨ᠎ᠢ ᠴᠢᠩᠭᠠᠳᠬᠠᠬᠤ᠎ᠶᠢᠨ ᠲᠣᠭᠣᠷᠢᠨ᠎ᠳᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢ᠋ ᠨᠢᠭᠳᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠭᠣᠣᠯ ᠴᠢᠮᠥᠭᠡ ᠴᠢᠬᠤᠯᠠ ᠠᠭᠤᠯᠭ᠎ᠠ᠎ᠶᠢ ᠭᠦᠨᠵᠡᠭᠡᠢ ᠡᠵᠡᠮᠰᠢᠵᠦ᠍᠂ ᠮᠠᠨ᠎ᠤ ᠣᠷᠣᠨ᠎ᠤ ᠨᠠᠮ᠎ᠢ ᠬᠠᠮᠢᠶᠠᠷᠴᠤ᠌ ᠨᠠᠮ᠎ᠢ ᠵᠠᠰᠠᠬᠤ ᠠᠵᠢᠯ᠎ᠳᠤ ᠣᠷᠣᠰᠢᠵᠤ ᠪᠠᠶ᠋ᠢᠭ᠎ᠠ ᠲᠤᠪᠤᠢ᠌ᠮ᠎ᠠ ᠠᠰᠠᠭᠤᠳᠠᠯ᠎ᠢ ᠬᠦᠴᠦᠯᠡᠨ ᠰᠢ᠌ᠳᠪᠦᠷᠢᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠳᠤᠯᠵᠤ᠂ ᠡᠭᠦᠨ᠎ᠢᠶᠡᠷ ᠲᠠᠷᠢᠬᠢ ᠲᠣᠯᠣᠭᠠᠢ᠎ᠪᠠᠨ ᠨᠡᠩ ᠰᠠᠶ᠋ᠢᠲᠤᠷ ᠵᠡᠪᠰᠡᠭᠯᠡᠵᠦ᠍᠂ ᠠᠵᠢᠯ᠎ᠢᠶᠠᠨ ᠨᠡᠩ ᠰᠠᠶ᠋ᠢᠲᠤᠷ ᠵᠢᠯᠣᠭᠣᠳᠤᠭᠤᠯᠬᠤ ᠬᠡᠷᠡᠭᠲᠡᠢ᠃ ᠨᠠᠮ᠎ᠤᠨ ᠣᠯᠠᠨ ᠲᠦᠮᠡᠨ ᠢ᠋ ᠵᠣᠬᠢᠶᠠᠨ ᠪᠠᠶ᠋ᠢᠭᠤᠯᠬᠤ ᠬᠦᠴᠦᠨ᠎ᠢ ᠴᠢᠩᠭᠠᠳᠬᠠᠬᠤ ᠵᠢᠨ ᠲᠤᠭᠤᠷᠢᠨ ᠳ᠋ᠤ᠂ ᠰᠢᠨ᠎ᠡ ᠴᠠᠭ ᠦᠶ᠎ᠡ᠎ᠶᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠰᠠᠶ᠋ᠢᠲᠤᠷ ᠵᠠᠮᠨᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠤᠭᠤᠮ᠎ᠢ ᠲᠤᠭᠤᠰᠢᠯᠠᠭᠤᠯᠬᠤ᠂《ᠳᠥᠷᠪᠡ᠎ᠶᠢ ᠦᠨᠳᠦᠰᠦᠨ ᠱᠠᠲᠤᠨ᠎ᠳᠤ ᠪᠠᠭᠤᠯᠭᠠᠬᠤ》 ᠪᠠ ᠨᠠᠮ᠎ᠤᠨ ᠭᠡᠰᠢᠭᠦᠨ ᠺᠠᠳ᠋ᠷ᠎ᠤᠨ ᠣᠯᠠᠨ ᠲᠦᠮᠡᠨ᠎ᠲᠡᠶ ᠰᠢᠭᠤᠳ ᠬᠠᠷᠢᠯᠴᠠᠵᠤ ᠦᠢᠯᠡᠴᠢᠯᠡᠬᠦ᠌ ᠵᠡᠷᠭᠡ ᠲᠦᠷᠢᠮ᠎ᠢ ᠭᠦᠨᠵᠡᠭᠡᠶ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ᠎ᠶᠢᠨ ᠤᠳᠤᠷᠢᠳᠬᠤ ᠦᠢᠯᠡᠳᠦᠯ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠳᠠᠶ᠋ᠢᠴᠢᠨ ᠪᠡᠬᠢᠯᠡᠯᠲᠡ᠎ᠶᠢᠨ ᠦᠢᠯᠡᠳᠦᠯ ᠪᠠ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠣᠯᠠᠨ ᠲᠦᠮᠡᠨ᠎ᠳᠦ ᠦᠢᠯᠡᠴᠢᠯᠡᠬᠦ᠌ ᠳᠤᠮᠳᠠ ᠣᠯᠠᠨ ᠲᠦᠮᠡᠨ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ᠌᠂ ᠣᠯᠠᠨ ᠲᠦᠮᠡᠨ᠎ᠢ ᠳᠠᠭᠠᠭᠤᠯᠤᠨ ᠤᠷᠤᠭᠰᠢᠯᠠᠬᠤ ᠬᠡᠷᠡᠭᠳᠡᠢ᠃ ᠨᠠᠮ᠎ᠤᠨ ᠨᠡᠶ᠋ᠢᠭᠡᠮ᠎ᠦᠨ ᠤᠷᠢᠶᠠᠯᠠᠬᠤ ᠬᠦᠴᠦᠨ᠎ᠢ ᠴᠢᠩᠭᠠᠳᠬᠠᠬᠤ᠎ᠶᠢᠨ ᠲᠣᠭᠣᠷᠢᠨ᠎ᠳᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠦᠷᠦᠭᠦᠯᠡᠨ ᠪᠠᠲᠤ᠌ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠵᠤ᠂ ᠲᠠᠪᠤᠨ ᠶᠡᠬᠡ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠶ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠲᠡᠷᠢᠭᠦᠨ᠎ᠦ ᠬᠢ᠎ᠶᠢ ᠡᠭᠦᠳᠴᠦ᠍ ᠰᠢᠯᠢᠳᠡᠭ ᠪᠣᠯᠬᠤ᠎ᠪᠠᠷ ᠴᠢᠷᠮᠠᠶ᠋ᠢᠵᠤ᠂ ᠴᠦᠬᠦᠷᠡᠰᠢ ᠦᠭᠡᠢ ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠵᠤ᠂ ᠰᠦᠨ ᠱᠤᠤ ᠴᠧᠩ᠎ᠦᠨ ᠬᠡᠷᠡᠭ᠂ ᠸᠠᠩ ᠯᠢ ᠰᠢᠶᠠ᠎ᠶᠢᠨ ᠬᠡᠷᠡᠭ᠎ᠦᠨ ᠬᠤᠤᠷ ᠪᠠ ᠮᠠᠭᠤ ᠨᠥᠯᠥᠭᠡ ᠵᠢ ᠲᠤᠶ᠋ᠢᠯᠪᠤᠷᠢᠲᠠᠢ ᠠᠷᠢᠯᠭᠠᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠪᠠᠶ᠋ᠢᠩᠭᠤ ᠴᠡᠭᠴᠡᠯᠡᠨ ᠵᠠᠰᠠᠵᠤ᠂ ᠪᠦᠬᠦ᠌ ᠨᠡᠶ᠋ᠢᠭᠡᠮ᠎ᠢ ᠬᠥᠲᠥᠯᠥᠨ ᠳᠠᠭᠠᠭᠤᠯᠵᠤ ᠨᠠᠮ᠎ᠢ ᠨᠠᠩ ᠢᠯᠡᠭᠦᠦ ᠢᠲᠡᠭᠡᠬᠦ᠂ ᠨᠠᠩ ᠢᠯᠡᠭᠦᠦ ᠬᠠᠶ᠋ᠢᠷᠠᠯᠠᠬᠤ᠂ ᠨᠡᠩ ᠢᠯᠡᠭᠦᠦ ᠬᠦᠷᠢᠶᠡᠯᠡᠬᠦ ᠪᠤᠯᠭᠠᠵᠤ᠂ ᠬᠡᠵᠢᠶᠡᠳᠡ ᠨᠠᠮ᠎ᠤᠨ ᠦᠭᠡ᠎ᠶᠢ ᠰᠣᠨᠣᠰᠴᠤ᠂ ᠨᠠᠮ᠎ᠤ᠋ᠨ ᠠᠴᠢ ᠳ᠋ᠤ ᠲᠠᠯᠠᠷᠬᠠᠵᠤ᠂ ᠨᠠᠮ᠎ᠢᠶᠠᠨ ᠳᠠᠭᠠᠬᠤ ᠪᠤᠯᠭᠠᠬᠤ ᠭᠡᠷᠡᠭᠳᠠᠢ ᠭᠡᠵᠤ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃