ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-16 11:33:02

ᠵᠣᠬᠢᠶᠠᠭ᠍ᠴᠢ᠄ ​ᠰᠢᠤᠢ ᠵᠢᠩ ᠰᠦᠩ ᠵᠢᠶᠠ ᠣᠩᠱᠢᠭ᠍ᠰᠠᠨ ᠣᠳᠠᠭ᠎ᠠ᠄ 3

                ᠢᠦᠢ ᠯᠢ ᠰᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ


11 ᠰᠠᠷ᠎ᠠ᠎ᠶᠢᠨ 15 ᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠲᠥᠯᠥᠭᠡᠯᠡᠭᠴᠢᠳ᠎ᠦᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ ᠡᠴᠡ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠣᠷᠣᠯᠴᠠᠬᠤ ᠲᠥᠯᠥᠭᠡᠯᠡᠭᠴᠢᠳ ᠢ᠋ ᠰᠣᠩᠭᠣᠨ ᠭᠠᠷᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠠᠷᠢᠨ ᠪᠢᠴᠢᠭ᠎ᠦᠨ ᠳᠠᠷᠤᠭ᠎ᠠ᠂ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ ᠤ᠋ᠨ ᠬᠤᠷᠢᠶ᠎ᠠ᠎ᠶᠢᠨ ᠱᠦᠵᠢ ᠢᠦᠢ ᠯᠢ ᠰᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃

ᠬᠤᠷᠠᠯ ᠡᠴᠡ᠂ ᠤᠳᠠᠯ ᠦᠭᠡᠢ ᠬᠤᠷᠠᠯᠳᠤᠬᠤ᠎ᠪᠠᠷ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠂  《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠳᠡ ᠵᠢᠨ ᠤᠨ ᠳ᠋ᠤ ᠬᠤᠷᠠᠯᠳᠤᠬᠤ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ᠃ ᠬᠤᠷᠠᠯ᠎ᠳᠤ ᠣᠷᠣᠯᠴᠠᠬᠤ ᠲᠥᠯᠥᠭᠡᠯᠡᠭᠴᠢᠳ ᠤᠯᠤᠰ ᠲᠥᠷᠥ᠎ᠶᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠵᠣᠬᠢᠶᠠᠨ ᠪᠠᠢᠭᠤᠯᠤᠯᠲᠠ᠎ᠶᠢᠨ ᠵᠠᠷᠴᠢᠮ᠎ᠢ ᠴᠢᠩᠭ᠎ᠠ ᠪᠠᠷᠢᠮᠳᠠᠯᠠᠵᠤ᠂ ᠰᠠᠬᠢᠯᠭ᠎ᠠ ᠪᠠᠲᠤ ᠶᠣᠰᠣ᠌ ᠳᠦᠷᠢᠮ᠎ᠢ ᠴᠢᠩᠳᠠᠯᠠᠵᠤ᠂ ᠰᠣᠩᠭᠣᠨ ᠭᠠᠷᠭᠠᠭᠰᠠᠨ ᠲᠥᠯᠥᠭᠡᠯᠡᠭᠴᠢᠳ ᠤᠯᠤᠰ ᠲᠥᠷᠥ᠎ᠶᠢᠨ ᠲᠠᠯ᠎ᠠ᠎ᠪᠠᠷ ᠪᠠᠲᠤ ᠴᠢᠩᠭ᠎ᠠ ᠪᠠᠢᠵᠤ᠂ ᠣᠯᠠᠨ ᠲᠦᠮᠡᠨ ᠳ᠋ᠤ ᠮᠡᠳᠡᠷᠡᠭᠳᠡᠨ ᠬᠦᠷᠢᠶᠡᠯᠡᠭᠳᠡᠭᠰᠡᠨ᠂ ᠪᠠᠷᠢᠮᠵᠢᠶ᠎ᠠ᠎ᠳᠤ ᠨᠡᠢᠴᠡᠬᠦ᠎ᠶᠢ ᠦᠨᠡᠨ ᠬᠦ᠌ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠠᠯᠳᠠ᠎ᠲᠠᠢ ᠬᠤᠷᠠᠯᠳᠤᠬᠤ᠎ᠶᠢ ᠤᠭᠲᠤᠬᠤ ᠬᠡᠷᠡᠭᠲᠡᠢ ᠬᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面