ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-17 10:09:39

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

(2026 ᠣᠨ᠎ᠤ 11 ᠰᠠᠷ᠎ᠠ᠎ᠶᠢᠨ 16᠎ᠤ᠋ ᠡᠳᠦᠷ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠥᠪᠦᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ  ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠳᠣᠯᠣᠳᠤᠭᠠᠷ ᠪᠦᠭᠦᠳᠡ ᠬᠤᠷᠠᠯ ᠡᠴᠡ ᠪᠠᠲᠤᠯᠠᠪᠠ)

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠳᠣᠯᠣᠳᠤᠭᠠᠷ ᠪᠦᠭᠦᠳᠡ ᠬᠤᠷᠠᠯ 2026 ᠣᠨ᠎ᠤ 11 ᠰᠠᠷ᠎ᠠ᠎ᠶᠢᠨ 16᠎ᠤ᠋ ᠡᠳᠦᠷ ᠭᠦᠭᠡᠬᠣᠲᠠ᠎ᠳᠤ ᠬᠤᠷᠠᠯᠳᠤᠪᠠ᠃ ᠡᠨᠡ ᠤᠳᠠᠭ᠎ᠠ᠎ᠶᠢᠨ ᠪᠦᠭᠦᠳᠡ ᠬᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠭᠡᠰᠢᠭᠦᠨ 40 ᠬᠦᠮᠦᠨ ᠣᠷᠣᠯᠴᠠᠵᠤ᠂ 74 ᠬᠥᠮᠥᠨ ᠰᠤᠯᠠ ᠣᠷᠣᠯᠴᠠᠪᠠ᠃

ᠪᠦᠭᠦᠳᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠣᠷᠣᠯᠠᠭ᠍ᠴᠢ ᠡᠷᠭᠢᠯᠡᠭᠴᠢ ᠸᠠᠩ ᠽᠢ ᠯᠢᠶᠠᠨ ᠶᠠᠷᠢᠶ᠎ᠠ ᠲᠠᠯᠪᠢᠪᠠ᠃

ᠪᠦᠭᠦᠳᠡ ᠬᠤᠷᠠᠯ ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠬᠦ ᠠᠵᠢᠯ᠎ᠤᠨ ᠮᠡᠳᠡᠭᠦᠯᠦᠯᠲᠡ᠎ᠶᠢ ᠬᠢᠨᠠᠨ ᠵᠥᠪᠯᠡᠵᠦ ᠪᠠᠲᠤᠯᠠᠭᠠᠳ᠂ ᠮᠡᠳᠡᠭᠦᠯᠦᠯᠲᠡ᠎ᠶᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠷᠪᠠᠨ ᠭᠤᠷᠪᠠᠳᠤᠭᠠᠷ ᠪᠦᠭᠦᠳᠡ ᠬᠤᠷᠠᠯ ᠳ᠋ᠤ ᠳᠡᠪᠰᠢᠭᠦᠯᠦᠨ ᠬᠢᠨᠡᠨ ᠵᠦᠪᠯᠡᠬᠦᠯᠬᠦ ᠪᠡᠷ ᠵᠦᠪᠰᠢᠶᠡᠷᠡᠪᠡ᠃

ᠪᠦᠭᠦᠳᠡ ᠬᠤᠷᠠᠯ ᠡᠴᠡ᠂ ᠪᠦᠭᠦ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶᠢᠨ ᠭᠢᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ ᠤ᠋ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢ ᠵᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠳᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠬᠰᠠᠨ》᠎ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠨᠨ ᠴᠢᠩᠭᠠᠳᠬᠠᠵᠤ᠂ 《ᠳᠥᠷᠪᠡᠨ ᠢᠲᠡᠭᠡᠯ》 ᠵᠢᠨᠨ ᠪᠠᠲᠤᠳᠬᠠᠵᠤ ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠂ ᠭᠣᠣᠯᠳᠠᠯᠭ᠎ᠠ᠎ᠶᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠲᠣᠬᠢᠷᠠᠭᠤᠯᠤᠯᠲᠠ ᠪᠠᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ ᠎ᠤᠨ ᠪᠠᠢᠷᠢᠯᠠᠭᠤᠯᠤᠯᠲᠠ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ᠎ᠪᠡᠷ ᠭᠣᠣᠯ ᠰᠢᠵᠢᠮ ᠪᠤᠯᠭᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠦ᠂ ᠴᠢᠩᠭ᠎ᠠ ᠭᠦᠭ ᠠᠶᠠᠰ᠎ᠢ ᠭᠤᠢᠪᠢᠰᠢ ᠦᠭᠡᠢ ᠪᠠᠷᠢᠮᠲᠠᠯᠠᠵᠤ᠂ ᠨᠠᠮ᠎ᠢ ᠪᠦᠬᠦ ᠳᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠵᠤ᠂ ᠡᠷᠡᠰ ᠭᠤᠢᠪᠢᠰᠢ ᠦᠭᠡᠢ ᠪᠡᠷ ᠤᠯᠤᠰ ᠲᠦᠷᠦ᠎ᠶᠢᠨ ᠬᠢᠨᠠᠯᠲᠠ ᠲᠠᠯᠪᠢᠯᠲᠠ᠎ᠶᠢ ᠴᠢᠩᠭᠠᠳᠬᠠᠵᠤ᠂ ᠤᠯᠤᠰ ᠲᠦᠷᠦ᠎ᠶᠢᠨ ᠲᠣᠭᠣᠷᠢᠨ ᠪᠠᠢᠴᠠᠭᠠᠯᠲᠠ᠎ᠶᠢ ᠭᠦᠨᠵᠡᠭᠡᠢᠷᠡᠭᠦᠯᠵᠦ᠂ ᠴᠦᠬᠦᠷᠡᠰᠢ ᠦᠭᠡᠢ ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠵᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠪᠠᠢᠩᠭᠤᠵᠢᠭᠤᠯᠤᠨ ᠴᠡᠭᠴᠡᠯᠡᠨ ᠵᠠᠰᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠢᠷᠦᠮᠵᠢᠯᠲᠡ ᠬᠠᠤᠯᠢᠵᠢᠯᠳᠠ ᠵᠢᠩᠬᠢᠨᠢᠴᠢᠯᠡᠯᠲᠡ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面