ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-17 10:23:48

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 16 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ  ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠠᠵᠢᠯ᠎ᠢ ᠰᠤᠳᠤᠯᠵᠤ᠂ ᠪᠥᠬᠥ᠌ ᠣᠷᠣᠨ᠎ᠤ 《ᠵᠢᠷᠭᠤᠭᠠᠨ ᠲᠤᠤᠷ》 ᠤ᠋ᠨ ᠲᠥᠯᠥᠪᠵᠢᠭᠦᠯᠭᠡ ᠪᠥᠲᠥᠭᠡᠨ ᠪᠠᠶ᠋ᠢᠭᠤᠯᠤᠯᠲᠠ᠎ᠶᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠪᠠ᠃

ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠶ᠋ᠢᠴᠠᠭᠠᠬᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《4 + 10 + N》 ᠭᠤᠤᠯᠳᠠᠯᠭ᠎ᠠ᠎ᠲᠠᠶ ᠡᠭᠦᠷᠭᠡ ᠬᠠᠷᠠᠯᠲᠠ ᠪᠣᠯᠤᠨ ᠡᠯ᠎ᠡ ᠲᠥᠷᠥᠯ᠎ᠦᠨ ᠬᠢᠨᠡᠨ ᠪᠠᠶ᠋ᠢᠴᠠᠭᠠᠵᠤ ᠬᠠᠷᠢᠭᠤ ᠲᠤᠰᠬᠠᠭᠰᠠᠨ ᠰᠠᠨᠠᠯ᠎ᠲᠠᠢ ᠨᠢᠬᠳᠠ ᠤᠶᠠᠯᠳᠤᠭᠤᠯᠵᠤ᠂  ᠰᠢᠨ᠎ᠡ᠎ᠪᠡᠷ ᠢᠯᠡᠷᠡᠭᠦᠯᠦᠭᠰᠡᠨ ᠪᠠ ᠳᠠᠬᠢᠨ ᠳᠠᠪᠲᠠᠨ ᠡᠭᠦᠰᠬᠦ ᠠᠰᠠᠭᠤᠳᠠᠯ᠎ᠢ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠶ᠋ᠢᠭᠠᠳ ᠦᠨᠳᠦᠰᠦᠨ᠎ᠡᠴᠡ᠎ᠨᠢ ᠰᠢᠢᠳᠪᠦᠷᠢᠯᠡᠵᠦ᠍᠂ ᠵᠢᠯ᠎ᠦᠨ ᠡᠴᠦᠰ᠎ᠲᠦ᠍ ᠣᠯᠠᠨ ᠲᠦᠮᠡᠨ᠎ᠳᠦ ᠲᠠᠭᠠᠰᠢᠶᠠᠭᠳᠠᠭᠰᠠᠨ ᠦᠷ᠎ᠡ ᠪᠦᠲᠦᠮᠵᠢ ᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠶᠢᠨ ᠬᠦᠷᠢᠶ᠎ᠡ ᠴᠠᠷᠠᠭ᠎ᠠ ᠳ᠋ᠤ ᠲᠥᠷᠥᠯ ᠵᠦᠢᠯ᠎ᠦᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ᠌ ᠬᠠᠮᠢᠶᠠᠷᠤᠯᠲᠠ᠂ ᠪᠠᠯᠠ ᠮᠥᠩᠭᠥ᠌ ᠪᠠᠭᠤᠯᠭᠠᠬᠤ᠂ ᠪᠠᠷᠢᠯᠭ᠎ᠠ᠎ᠶᠢ ᠰᠢᠯᠭᠠᠨ ᠠᠪᠬᠤ᠂ ᠶᠠᠰᠤ ᠴᠢᠨᠠᠷ᠎ᠲᠤ᠌ ᠬᠢᠨᠠᠯᠲᠠ ᠲᠠᠯᠪᠢᠬᠤ᠂ ᠰᠡᠭᠦᠯᠴᠢ᠎ᠶᠢᠨ ᠬᠤᠭᠤᠴᠠᠭᠠᠨ᠎ᠤ ᠬᠠᠮᠢᠶᠠᠷᠴᠤ᠌ ᠬᠠᠮᠠᠭᠠᠯᠠᠬᠤ᠎ᠶᠢ ᠨᠢᠭᠡ ᠴᠣᠠᠠᠴᠠᠵᠢᠭᠤᠯᠥᠨ ᠵᠣᠯᠭᠠᠭᠤᠯᠬᠤ᠂ ᠪᠢᠲᠡᠭᠦᠦ ᠭᠤᠭᠴᠤᠭ᠎ᠠ ᠪᠡᠷ ᠠᠵᠢᠯᠯᠠᠭᠤᠯᠬᠤ ᠵᠢ ᠠᠬᠢᠭᠤᠯᠵᠤ᠂ ᠬᠡᠪ᠎ᠦᠨ ᠪᠤᠰᠤ ᠪᠡᠷ ᠳᠠᠭᠠᠭᠠᠴᠢᠯᠠᠯᠲᠠ ᠤᠯᠬᠤ᠂ ᠰᠢᠬᠠᠨ ᠡᠵᠡᠯᠡᠵᠦ᠍ ᠨᠡᠭᠦᠯᠭᠡᠨ ᠬᠡᠷᠡᠭᠯᠡᠬᠦ᠌᠂ ᠪᠠᠷᠢᠯᠭ᠎ᠠ᠎ᠶᠢᠨ ᠶᠠᠰᠤ ᠴᠢᠨᠠᠷ ᠪᠠᠷᠢᠮᠵᠢᠶ᠎ᠠ᠎ᠳᠤ ᠥᠯᠥ᠍ ᠬᠥᠷᠬᠥ᠌ ᠵᠡᠷᠭᠡ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ ᠭᠡᠷᠡᠭᠳᠠᠢ᠃ ᠬᠥᠳᠡᠭᠡ ᠲᠣᠰᠬᠣᠨ᠎ᠤ ᠬᠠᠮᠲᠤ᠎ᠶᠢᠨ 《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》 ᠤ᠋ᠨ ᠬᠠᠮᠢᠶᠠᠷᠤᠯᠲᠠ᠎ᠶᠢᠨ ᠬᠦᠷᠢᠶ᠎ᠡ ᠴᠠᠷᠠᠭ᠎ᠠ ᠳ᠋ᠤ ᠤᠯᠤᠰ᠎ᠤᠨ ᠬᠤᠯᠪᠤᠬᠳᠠᠯ ᠪᠥᠬᠥᠶ ᠬᠢᠨᠠᠯᠲᠠ ᠬᠠᠮᠢᠶᠠᠷᠤᠯᠲᠠ᠎ᠶᠢᠨ ᠲᠠᠪᠴᠠᠩ ᠢ᠋ ᠢᠳᠡᠪᠬᠢᠲᠡᠶ ᠵᠠᠯᠭᠠᠨ ᠣᠷᠣᠭᠤᠯᠵᠤ᠂ ᠲᠠᠷᠢᠶᠠᠯᠠᠩ᠎ᠳᠤ ᠬᠣᠯᠪᠣᠭᠳᠠᠬᠤ ᠪᠠᠯᠠ ᠮᠥᠩᠭᠥ᠎ᠶᠢᠨ ᠨᠥᠬᠥᠪᠥᠷᠢ᠂ ᠴᠢᠬᠤᠯᠠ ᠶᠡᠬᠡ ᠡᠳ᠋ ᠬᠥᠷᠥᠩᠭᠡ᠎ᠶᠢ ᠰᠢᠢᠳᠪᠦᠷᠢᠯᠡᠬᠦ᠌᠂ ᠡᠬᠢ ᠪᠠᠶᠠᠯᠢᠭ᠎ᠢ ᠳᠠᠭᠠᠭᠠᠴᠢᠯᠠᠭᠤᠯᠤᠨ ᠡᠷᠭᠢᠯᠳᠦᠭᠦᠯᠬᠦ᠌ ᠵᠡᠷᠭᠡ ᠭᠣᠭᠴᠣᠭᠠᠨ᠎ᠳᠠᠬᠢ ᠬᠠᠷᠢᠭᠤᠴᠠᠯᠭ᠎ᠠ ᠨᠡᠬᠡᠮᠵᠢᠯᠡᠵᠦ᠍ ᠬᠢᠵᠠᠭᠠᠷᠯᠠᠬᠤ ᠲᠣᠭᠲᠠᠴᠠ᠎ᠶᠢ ᠪᠦᠷᠢᠨᠰᠢᠬᠦᠯᠥᠨ᠂《ᠳᠥᠷᠪᠡ᠎ᠶᠢ ᠵᠥᠪᠯᠡᠵᠦ᠍ ᠬᠣᠶᠠᠷ᠎ᠢ ᠢᠯᠡ ᠪᠣᠯᠭᠠᠬᠤ》 ᠲᠦᠷᠢᠮ᠎ᠢ ᠴᠢᠩᠭ᠎ᠠ ᠬᠡᠷᠡᠭᠵᠢᠭᠦᠯᠵᠦ᠍᠂ ᠭᠤᠤᠯᠳᠠᠯᠭ᠎ᠠ᠎ᠲᠠᠶ ᠭᠠᠴᠠᠭ᠎ᠠ ᠲᠣᠰᠬᠣᠨ᠎ᠢ᠋ ᠲᠡᠰ ᠲᠠᠪᠰᠢᠬᠦᠯᠤᠨ ᠬᠢᠨᠠᠯᠲᠠ ᠲᠠᠯᠪᠢᠵᠤ᠂ ᠲᠤᠰᠬᠠᠶ ᠬᠢᠨᠠᠨ ᠪᠤᠳᠤᠯᠳᠠ ᠬᠢᠬᠦ ᠬᠡᠷᠡᠭᠲᠡᠶ᠃ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠬᠦᠷᠢᠶᠡᠨ᠎ᠳᠦ ᠬᠢᠨᠠᠯᠲᠠ ᠬᠠᠮᠢᠶᠠᠷᠤᠯᠲᠠ᠎ᠶᠢᠨ ᠪᠠᠷᠢᠮᠵᠢᠶ᠎ᠠ᠎ᠶᠢ ᠬᠠᠷᠢᠯᠴᠠᠨ ᠨᠡᠪᠲᠡᠷᠡᠭᠦᠯᠬᠦ᠌᠂ ᠪᠠᠶ᠋ᠢᠴᠠᠭᠠᠯᠲᠠ᠎ᠶᠢᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ᠌ ᠵᠢ ᠨᠠᠢᠳᠠᠪᠤᠷᠢᠵᠢᠭᠤᠯᠵᠤ᠂ ᠦᠢᠯᠡᠴᠢᠯᠡᠭᠡ᠎ᠶᠢ ᠪᠠᠭᠠᠰᠬᠠᠬᠤ᠂ ᠲᠣᠭᠲᠠᠭᠠᠯ᠎ᠡᠴᠡ ᠵᠥᠷᠢᠴᠡᠨ ᠰᠦᠢᠳᠬᠡᠯ ᠬᠤᠷᠢᠶᠠᠬᠤ ᠵᠡᠷᠭᠡ ᠨᠠᠰᠤᠲᠠᠶ᠋ᠢᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ᠌ ᠬᠠᠯᠳᠠᠭᠰᠠᠨ ᠠᠰᠠᠭᠤᠳᠠᠯ᠎ᠢ ᠵᠠᠰᠠᠨ ᠵᠠᠯᠠᠷᠠᠭᠤᠯᠵᠤ᠂ ᠭᠠᠯ ᠰᠡᠷᠭᠡᠢᠯᠡᠵᠤ ᠭᠠᠯ ᠤᠨᠲᠠᠷᠠᠭᠠᠬᠤ᠂ ᠢᠳᠡᠭᠡᠨ᠂ ᠲᠠᠯᠠᠪᠤᠷ ᠭᠠᠵᠠᠷ᠎ᠤᠨ ᠠᠵᠢᠯᠯᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠰᠠᠬᠢᠬᠤ ᠬᠡᠷᠡᠭᠲᠡᠶ᠃ ᠡᠮᠴᠢᠯᠡᠭᠡᠨ ᠤ᠋ ᠳᠠᠭᠠᠳᠬᠠᠯ᠎ᠤᠨ ᠰᠠᠭᠤᠷᠢ ᠮᠥᠩᠭᠥ᠎ᠶᠢᠨ ᠬᠠᠮᠢᠶᠠᠷᠤᠯᠲᠠ᠎ᠶᠢᠨ ᠬᠦᠷᠢᠶ᠎ᠡ ᠴᠠᠷᠠᠭ᠎ᠠ᠎ᠳᠤ ᠲᠣᠭᠠᠴᠠᠭ᠎ᠠ ᠬᠢᠬᠦ᠌ ᠪᠠᠷᠢᠮᠵᠢᠶ᠎ᠠ᠎ᠶᠢ ᠰᠢᠨᠵᠢᠯᠡᠬᠦ᠌ ᠤᠬᠠᠭᠠᠨᠴᠢ᠎ᠪᠠᠷ ᠰᠤᠳᠤᠯᠤᠨ ᠳ᠋ᠦᠩᠨᠡᠵᠤ ᠰᠢᠯᠢᠳᠡᠭᠵᠢᠭᠦᠯᠦᠨ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶ᠋ᠢᠲ᠋ᠠ᠎ᠶᠢ ᠬᠡᠷᠡᠭᠯᠡᠨ ᠲᠦᠭᠰᠢᠭᠦᠷᠢ᠎ᠶᠢ ᠢᠯᠭᠠᠨ ᠲᠠᠨᠢᠬᠤ ᠴᠢᠳᠠᠪᠤᠷᠢ᠎ᠶᠢ ᠳᠡᠭᠡᠭᠰᠢᠯᠡᠭᠦᠯᠵᠦ᠍᠂ ᠲᠣᠭᠲᠠᠭᠠᠯ᠎ᠡᠴᠡ ᠵᠥᠷᠢᠴᠡᠭᠰᠡᠨ ᠬᠠᠤᠯᠢ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠢᠯᠡᠴᠢᠯᠡᠬᠦ᠌᠂ ᠵᠠᠯᠬᠠᠭᠠᠨ ᠴᠡᠭᠡᠷᠯᠡᠭᠦᠯᠬᠦ᠌ ᠪᠠ ᠵᠠᠰᠠᠭ ᠵᠠᠬᠢᠷᠭᠠᠨ ᠤ᠋ ᠬᠠᠤᠯᠢ ᠭᠡᠷᠡᠭᠵᠢᠬᠦᠯᠬᠦ ᠡᠷᠡᠬᠦᠤ ᠵᠢᠨ ᠭᠡᠷᠡᠭ ᠤ᠋ᠨ ᠬᠠᠤᠯᠢ ᠪᠠᠷᠢᠬᠤ ᠰᠠᠬᠢᠯᠭ᠎ᠠ ᠪᠠᠳᠤ ᠪᠠᠢᠴᠠᠭᠠᠬᠤ ᠬᠢᠨᠡᠨ ᠪᠠᠢᠴᠠᠭᠠᠬᠤ ᠵᠢ ᠵᠣᠯᠭᠠᠭᠤᠯᠬᠤ ᠡᠷᠴᠢᠮ᠎ᠢᠶᠡᠨ ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ᠎ᠶᠢᠨ ᠬᠡᠯᠬᠢᠶ᠎ᠡ᠎ᠳᠦ ᠣᠷᠣᠰᠢᠵᠤ ᠪᠠᠶ᠋ᠢᠭ᠎ᠠ ᠨᠢᠭᠤᠭᠳᠠᠮᠠᠯ ᠭᠠᠵᠠᠷ᠂ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠨᠢ ᠭᠦᠢᠴᠡᠳ ᠥᠬᠡᠶ᠂ ᠣᠶᠤᠨᠳᠤ ᠬᠢᠨᠠᠯᠲᠠ ᠬᠠᠮᠢᠶᠠᠷᠤᠯᠲᠠ᠎ᠶᠢᠨ ᠠᠷᠭ᠎ᠠ ᠪᠠᠷᠢᠯ᠎ᠨᠢ ᠬᠦᠷᠦᠯᠴᠡᠬᠦ᠌ ᠥᠬᠡᠶ ᠵᠡᠷᠭᠡ ᠠᠰᠠᠭᠤᠳᠠᠯ᠎ᠢ ᠲᠦᠷᠭᠡᠳᠭᠡᠨ ᠰᠢᠢᠳᠪᠦᠷᠢᠯᠡᠬᠦ᠌ ᠬᠡᠷᠡᠭᠲᠡᠶ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠵᠡᠷᠭᠡ ᠠᠷᠠᠳ᠎ᠤᠨ ᠠᠮᠢᠳᠤᠷᠠᠯ᠎ᠤᠨ 10 ᠴᠢᠬᠤᠯᠠ ᠶᠡᠬᠡ ᠪᠣᠳᠠᠲᠤ᠌ ᠶᠠᠪᠤᠳᠠᠯ᠎ᠢ ᠬᠠᠨᠳᠤᠯᠭᠠᠳᠤ ᠴᠢᠨᠠᠷᠲᠠᠶ᠎ᠪᠠᠷ ᠪᠣᠭᠣᠮᠲᠠ ᠰᠢᠪᠲᠤᠯᠵᠤ᠂ ᠪᠠᠶ᠋ᠢᠭᠠᠯᠢ᠎ᠶᠢᠨ ᠡᠬᠢ ᠪᠠᠶᠠᠯᠢᠭ᠂ ᠬᠥᠳᠡᠯᠮᠦᠷᠢ ᠨᠡᠶ᠋ᠢᠭᠡᠮ᠎ᠦᠨ ᠪᠠᠲᠤᠯᠠᠭ᠎ᠠ᠂ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ ᠵᠡᠷᠭᠡ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ ᠲᠥᠪᠯᠡᠷᠡᠭᠰᠡᠨ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ᠂ ᠬᠥᠯᠥᠰᠥᠨ ᠲᠠᠷᠢᠶᠠᠴᠢᠨ᠎ᠤ ᠴᠠᠯᠢᠩ᠎ᠢ ᠥᠷᠢᠲᠦᠵᠦ᠍ ᠪᠠᠶ᠋ᠢᠭ᠎ᠠ᠂ ᠠᠳᠠᠯ ᠠᠬᠤᠶ᠎ᠶᠢᠨ ᠦᠢᠯᠡᠴᠢᠯᠡᠭᠡᠨ᠎ᠦ ᠶᠠᠰᠤ ᠴᠢᠨᠠᠷ ᠦᠨ᠎ᠡ ᠬᠠᠩᠰᠢ᠎ᠨᠢ ᠨᠡᠶ᠋ᠢᠴᠡᠬᠦ᠌ ᠥᠬᠡᠶ᠂ ᠰᠦᠯᠵᠢᠶᠡᠨ᠎ᠦ ᠬᠤᠭᠤᠯᠠ ᠤᠮᠳᠠ ᠢᠳᠡᠭᠡᠨ ᠤ᠋ ᠵᠦᠢᠯᠡᠰ᠎ᠦᠨ ᠠᠮᠤᠷ ᠲᠦᠪᠰᠢᠨ ᠵᠡᠷᠭᠡ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠍᠂ 《ᠬᠣᠶᠠᠷ᠎ᠢ ᠪᠠᠭᠤᠷᠠᠭᠤᠯᠵᠤ ᠨᠢᠭᠡ᠎ᠶᠢ ᠳᠡᠭᠡᠭᠰᠢᠯᠡᠭᠦᠯᠦᠭᠰᠡᠨ》 ᠦᠷ᠎ᠡ ᠪᠦᠲᠦᠭᠡᠯ᠎ᠢ ᠪᠡᠬᠢᠵᠢᠭᠦᠯᠬᠦ᠌ ᠬᠡᠷᠡᠭᠲᠡᠶ᠃ ᠬᠡᠷᠡᠭ᠎ᠢᠶᠡᠷ ᠴᠡᠭᠴᠡᠯᠡᠨ ᠰᠠᠢᠵᠢᠷᠠᠭᠤᠯᠤᠯᠳᠠ ᠵᠢ ᠠᠬᠢᠭᠤᠯᠵᠤ ᠵᠠᠰᠠᠯᠲᠠ᠎ᠶᠢ ᠠᠬᠢᠭᠤᠯᠬᠤ᠎ᠶᠢ ᠪᠠᠷᠢᠮᠲᠠᠯᠠᠵᠤ᠂ ᠠᠰᠠᠭᠤᠳᠠᠯ ᠠᠮᠠᠷᠬᠠᠨ ᠡᠭᠦᠰᠬᠦ᠌ ᠤᠯᠠᠨ ᠡᠭᠦᠰᠬᠦ᠌ ᠬᠦᠷᠢᠶ᠎ᠡ ᠪᠣᠯᠤᠨ ᠭᠣᠭᠴᠣᠭ᠎ᠠ᠎ᠶᠢ ᠴᠢᠩᠭ᠎ᠠ ᠠᠩᠬᠠᠷᠴᠤ᠌᠂ ᠠᠵᠢᠯ᠎ᠤᠨ ᠶᠠᠪᠤᠴᠠ᠂ ᠪᠡᠯᠡ ᠮᠥᠩᠭᠥᠨ᠎ᠦ ᠬᠢᠨᠠᠯᠲᠠ ᠬᠠᠮᠢᠶᠠᠷᠤᠯᠲᠠ᠂ ᠡᠳᠦᠷ ᠲᠤᠳᠤᠮ᠎ᠤᠨ ᠬᠢᠨᠠᠯᠲᠠ ᠵᠡᠷᠭᠡ ᠲᠠᠯ᠎ᠠ᠎ᠪᠠᠷ ᠲᠣᠭᠲᠠᠴᠠ ᠪᠠᠶ᠋ᠢᠭᠤᠯᠵᠤ᠂ ᠠᠯᠳᠠᠰᠢ ᠭᠠᠷᠬᠤ᠎ᠶᠢ ᠬᠣᠷᠢᠭᠯᠠᠵᠤ᠂ ᠲᠦᠷᠢᠮ᠎ᠢᠶᠡᠷ ᠬᠥᠮᠦᠨ᠎ᠢ ᠬᠠᠮᠢᠶᠠᠷᠴᠤ᠌ ᠤᠴᠢᠷ ᠶᠠᠪᠤᠳᠠᠯ᠎ᠢ ᠬᠠᠮᠢᠶᠠᠷᠬᠤ᠎ᠶᠢ ᠪᠡᠶᠡᠯᠡᠭᠦᠯᠬᠦ᠌ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ 《ᠵᠢᠷᠭᠤᠭᠠᠨ ᠲᠣᠣᠷ》 ᠢ᠋ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ ᠨᠠᠮ᠎ᠤᠨ ᠲᠥᠪ ᠬᠣᠷᠢᠶ᠎ᠠ᠎ᠡᠴᠡ ᠭᠠᠷᠭᠠᠭᠰᠠᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠰᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠪᠥᠲᠥᠭᠡᠨ ᠪᠠᠶ᠋ᠢᠭᠤᠯᠬᠤ ᠣᠶ᠋ᠢᠯᠠᠭᠠᠭᠳᠠᠬᠤᠨ᠎ᠢ ᠪᠠᠷᠢᠮᠲᠠᠯᠠᠨ᠂ ᠣᠯᠠᠨ ᠲᠤᠤᠷ ᠤ᠋ᠨ ᠬᠣᠭᠣᠷᠣᠨᠳᠣᠬᠢ ᠬᠠᠮᠵᠢᠯᠴᠠᠬᠤ ᠴᠢᠨᠠᠷ᠂ ᠨᠡᠪᠲᠡᠷᠡᠯᠴᠡᠬᠦ᠌ ᠴᠢᠨᠠᠷ᠎ᠢ ᠴᠢᠬᠤᠯᠠᠴᠢᠯᠠᠵᠤ᠂ ᠲᠥᠷᠥᠯ ᠵᠦᠢᠯ᠎ᠦᠨ ᠣᠷᠣᠨ ᠵᠠᠶ᠎ᠶᠢᠨ ᠪᠠᠶ᠋ᠢᠷᠢᠰᠢᠭᠤᠯᠤᠯᠲᠠ ᠪᠣᠯᠤᠨ ᠪᠥᠲᠥᠭᠡᠨ ᠪᠠᠶ᠋ᠢᠭᠤᠯᠤᠯᠲᠠ᠎ᠶᠢᠨ ᠴᠠᠭ᠎ᠤᠨ ᠳᠠᠷᠠᠭᠠᠯᠠᠯ᠎ᠢ ᠰᠢᠯᠢᠳᠡᠭᠵᠢᠭᠦᠯᠦᠨ᠂ ᠲᠣᠰ ᠲᠣᠰ᠎ᠲᠠᠭᠠᠨ ᠠᠵᠢᠯᠯᠠᠵᠤ᠂ ᠳᠠᠪᠬᠤᠷᠳᠠᠭᠤᠯᠤᠨ ᠪᠥᠲᠥᠭᠡᠨ ᠪᠠᠶ᠋ᠢᠭᠤᠯᠬᠤ ᠵᠢ ᠡᠬᠢ ᠡᠭᠦᠰᠦᠯ᠎ᠡᠴᠡ ᠨᠢ ᠰᠡᠷᠭᠡᠢᠯᠡᠬᠦ ᠬᠡᠷᠡᠭᠲᠡᠶ᠃ ᠲᠦᠷᠦᠯ ᠵᠦᠢᠯ ᠢ᠋ ᠬᠦᠳᠡᠯᠦᠩᠭᠦᠢ ᠪᠡᠷ ᠨᠥᠭᠡᠴᠡᠯᠡᠬᠦ᠌᠂ ᠦᠷᠭᠦᠯᠵᠢᠯᠡᠨ ᠠᠬᠢᠭᠤᠯᠬᠤ ᠲᠣᠭᠲᠠᠴᠠ᠎ᠶᠢ ᠪᠦᠷᠢᠨᠰᠢᠬᠦᠯᠵᠤ᠂ ᠪᠦᠬᠦ᠌ ᠬᠡᠯᠬᠢᠶᠡᠨ᠎ᠦ ᠡᠯᠧᠮᠧᠨ᠋ᠲ᠎ᠦᠨ ᠪᠠᠲᠤᠯᠠᠭ᠎ᠠ᠎ᠶᠢ ᠴᠢᠩᠭᠠᠳᠬᠠᠵᠤ᠂ ᠪᠣᠳᠠᠲᠠᠢ ᠪᠠᠴᠢᠮ ᠬᠡᠷᠡᠭᠰᠡᠬᠦ᠌᠂ ᠨᠥᠬᠥᠴᠡᠯ ᠪᠣᠯᠪᠠᠰᠤᠷᠠᠩᠭᠤᠢ ᠪᠣᠯᠤᠭᠰᠠᠨ ᠲᠦᠷᠦᠯ ᠵᠦᠢᠯ᠎ᠢ ᠲᠦᠷᠭᠡᠨ ᠬᠡᠷᠡᠭᠵᠢᠭᠦᠯᠵᠦ᠍᠂ ᠨᠡᠩ ᠤᠯᠠᠨ ᠰᠢᠯᠢᠳᠡᠭ ᠲᠦᠷᠦᠯ ᠵᠦᠢᠯ᠎ᠢ ᠤᠬᠠᠭᠠᠯᠠᠨ ᠲᠦᠯᠦᠪᠯᠡᠵᠤ ᠨᠥᠭᠡᠴᠡᠯᠡᠬᠦ᠌ ᠬᠡᠷᠡᠭᠲᠡᠢ᠃ ᠤᠯᠤᠰ᠎ᠤᠨ ᠭᠡᠳᠤ ᠣᠷᠳᠣ ᠬᠤᠭᠤᠴᠠᠭᠠᠳᠤ ᠣᠨᠴᠠᠭᠠᠶ ᠵᠢᠭᠡᠯᠡᠯᠭᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠢᠭᠡᠯᠡᠯᠭᠡ᠂ ᠲᠥᠪ᠎ᠦᠨ ᠲᠥᠰᠦᠪ᠎ᠦᠨ ᠳᠣᠲᠣᠷᠠᠬᠢ ᠪᠠᠯᠠ ᠮᠥᠩᠭᠥ᠌ ᠵᠡᠷᠭᠡ ᠡᠯ᠎ᠡ ᠲᠥᠷᠥᠯ᠎ᠦᠨ ᠲᠥᠷᠥ᠎ᠶᠢᠨ ᠪᠣᠳᠣᠯᠭ᠎ᠠ᠎ᠶᠢᠨ ᠪᠠᠯᠠ ᠮᠥᠩᠭᠥ᠌ ᠵᠢᠨ ᠲᠤᠭᠠᠴᠠᠭ᠎ᠠ ᠬᠢᠬᠦ ᠠᠬᠢᠴᠠ᠎ᠶᠢ ᠲᠦᠷᠭᠡᠳᠬᠡᠵᠦ᠍᠂ ᠲᠥᠷᠥ᠎ᠶᠢᠨ ᠪᠣᠳᠣᠯᠭ᠎ᠠ᠎ᠶᠢᠨ ᠴᠢᠨᠠᠷᠲᠠᠶ ᠮᠥᠩᠭᠥᠨ ᠭᠦᠢᠯᠭᠡᠭᠡᠨ᠎ᠦ ᠪᠠᠭᠠᠵᠢ᠎ᠶᠢᠨ ᠬᠥᠰᠢᠭᠦᠷᠭᠡ᠎ᠶᠢᠨ ᠦᠢᠯᠡᠳᠦᠯ᠎ᠢ ᠰᠠᠶ᠋ᠢᠲᠤᠷ ᠪᠠᠳᠠᠷᠠᠭᠤᠯᠵᠤ᠂ ᠮᠥᠩᠭᠥᠨ ᠭᠦᠢᠯᠭᠡᠭᠡᠨ᠎ᠦ ᠪᠠᠶ᠋ᠢᠭᠤᠯᠤᠮᠵᠢ ᠪᠣᠯᠤᠨ ᠨᠡᠶ᠋ᠢᠭᠡᠮ᠎ᠦᠨ ᠬᠥᠷᠥᠩᠭᠡ᠎ᠶᠢᠨ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠳ᠋ᠤ ᠣᠷᠣᠯᠴᠠᠬᠤ᠎ᠶᠢ ᠬᠥᠲᠥᠯᠥᠨ ᠵᠢᠯᠣᠭᠣᠳᠬᠤ ᠬᠡᠷᠡᠭᠲᠡᠶ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠨᠡ ᠬᠦ᠌ ᠬᠥᠪᠴᠢ᠎ᠶᠢ ᠴᠠᠭ ᠢᠮᠠᠭᠲᠠ ᠴᠢᠩᠭᠠᠯᠠᠵᠤ᠂ ᠢᠨᠵᠧᠨᠧᠷᠢᠩ᠎ᠦᠨ ᠶᠠᠰᠤ ᠴᠢᠨᠠᠷ᠎ᠤᠨ ᠪᠣᠭᠣᠮᠲᠠ᠎ᠶᠢ ᠴᠢᠩᠭ᠎ᠠ ᠰᠠᠬᠢᠵᠤ᠂ ᠲᠦᠷᠦᠯ ᠵᠦᠢᠯ᠎ᠦᠨ ᠪᠦᠬᠦ᠌ ᠶᠠᠪᠤᠴᠠ᠎ᠶᠢᠨ ᠠᠶᠤᠯᠭᠦᠢ ᠦᠢᠯᠡᠳᠪᠦᠷᠢᠯᠡᠯ᠎ᠢ ᠪᠣᠳᠠᠲᠠᠢ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ 《ᠥᠪᠥᠷ ᠮᠣᠩᠭᠣᠯ᠎ᠤᠨ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠠᠷᠪᠠᠨ ᠬᠣᠶᠠᠷ ᠵᠤᠷᠪᠤᠰ ᠠᠷᠭ᠎ᠠ ᠬᠡᠮᠵᠢᠶ᠎ᠡ》 ᠵᠢ ᠬᠢᠨᠠᠨ ᠵᠥᠪᠯᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面