2026-11-18 11:56:12
11 ᠰᠠᠷ᠎ᠠ᠎ᠶᠢᠨ 17 ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢᠨ ᠠᠷᠪᠠᠨ ᠭᠤᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠂ ᠬᠤᠷᠠᠯ ᠨᠢ 1 ᠡᠳᠦᠷ ᠬᠠᠭᠠᠰ ᠶᠠᠪᠤᠬᠲᠠᠨᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ ᠠᠩᠬᠠᠳᠤᠭᠠᠷ ᠪᠦᠭᠦᠳᠡ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠡᠮᠦᠨ᠎ᠡ᠎ᠡᠴᠡ ᠪᠥᠬᠥᠳᠡ ᠬᠤᠷᠠᠯ᠎ᠳᠤ ᠠᠵᠢᠯ᠎ᠢᠶᠠᠨ ᠮᠡᠳᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠬᠤᠯᠪᠤᠭᠳᠠᠯ ᠪᠦᠬᠦᠢ 《ᠲᠣᠭᠲᠠᠭᠠᠯ》 ᠤ᠋ᠨ ᠡᠬᠡ ᠨᠣᠣᠷᠠᠭ ᠪᠣᠯᠣᠨ ᠮᠡᠳᠡᠭᠦᠯᠦᠯᠳᠡ ᠵᠢᠨ ᠡᠬᠡ ᠨᠣᠣᠷᠠᠭ᠎ᠲᠤ ᠲᠣᠳᠣᠷᠬᠠᠢᠯᠠᠯᠲᠠ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠳᠤ ᠣᠷᠣᠯᠴᠠᠪᠠ᠃
ᠡᠨᠡ ᠤᠳᠠᠭ᠎ᠠ᠎ᠶᠢᠨ ᠪᠥᠬᠥᠳᠡ ᠬᠤᠷᠠᠯ᠎ᠤᠨ ᠭᠣᠣᠯ ᠡᠭᠦᠷᠭᠡ ᠪᠣᠯ᠄ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠂ ᠲᠠᠪᠤᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠵᠢ ᠬᠢᠨᠠᠮᠠᠭᠠᠢ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠢ ᠰᠣᠨᠣᠰᠴᠤ ᠶᠠᠷᠢᠯᠴᠠᠨ᠂ 《ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭᠠᠯ (ᠶᠠᠷᠢᠯᠴᠠᠬᠤ ᠨᠣᠣᠷᠠᠭ)》᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭᠠᠯ (ᠶᠠᠷᠢᠯᠴᠠᠬᠤ ᠨᠣᠣᠷᠠᠭ)》 ᠢ᠋ ᠬᠢᠨᠡᠨ ᠵᠦᠪᠯᠡᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠬᠦ ᠮᠡᠳᠡᠭᠦᠯᠦᠯᠳᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠬᠦ ᠠᠵᠢᠯ᠎ᠤᠨ ᠮᠡᠳᠡᠭᠦᠯᠦᠯᠲᠡ ᠵᠢ ᠶᠠᠷᠢᠯᠴᠠᠵᠤ᠂ ᠲᠠᠷᠠᠭᠠᠴᠢ᠎ᠶᠢᠨ ᠱᠠᠲᠤᠨ᠎ᠤ ᠠᠵᠢᠯ᠎ᠤᠨ ᠡᠭᠦᠷᠭᠡ᠎ᠶᠢ ᠲᠣᠬᠢᠷᠠᠭᠤᠯᠤᠨ ᠪᠠᠢᠷᠢᠯᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃