2026-11-20 09:44:48
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠭᠤᠴᠢᠨ ᠬᠣᠶᠠᠳᠤᠭᠠᠷ ᠬᠤᠷᠠᠯ ᠢ 12 ᠰᠠᠷ᠎ᠠ᠎ᠶᠢᠨ 1 ᠡᠴᠡ 3᠎ᠤ᠋ ᠡᠳᠦᠷ ᠪᠣᠯᠲᠠᠯ᠎ᠠ ᠬᠤᠷᠠᠯᠳᠤᠭᠤᠯᠬᠤ᠎ᠪᠠᠷ ᠲᠣᠭᠲᠠᠵᠠᠢ
11 ᠰᠠᠷ᠎ᠠ᠎ᠶᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ 100 ᠳ᠋ᠤᠭᠠᠷ ᠤᠳᠠᠭ᠎ᠠ᠎ᠶᠢᠨ ᠡᠷᠬᠢᠯᠡᠭᠴᠢᠳ᠎ᠦᠨ ᠬᠤᠷᠠᠯ ᠬᠢᠪᠡ᠃ ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠭᠤᠴᠢᠨ ᠬᠣᠶᠠᠳᠤᠭᠠᠷ ᠬᠤᠷᠠᠯ ᠢ 12 ᠰᠠᠷ᠎ᠠ᠎ᠶᠢᠨ 1᠎ᠡᠴᠡ 3 ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭᠲᠠᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠎ᠦᠨ ᠨᠠᠶ᠋ᠢᠳᠠᠯᠭ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠪᠠᠢᠩᠭᠤ᠎ᠶᠢᠨ ᠳᠡᠳ᠋ ᠡᠷᠬᠢᠯᠡᠭᠴᠢ ᠵᠠᠩ ᠱᠤᠤ ᠴᠦᠨ ᠬᠤᠷᠠᠯ ᠢ ᠡᠷᠬᠢᠯᠡᠪᠡ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠭᠤᠴᠢᠨ ᠬᠣᠶᠠᠳᠤᠭᠠᠷ ᠬᠤᠷᠠᠯ᠎ᠤᠨ ᠵᠥᠪᠯᠡᠬᠦ ᠵᠦᠢᠯᠡᠰ᠎ᠦᠨ ᠲᠥᠰᠥᠯ ᠢ ᠬᠢᠨᠠᠨ ᠵᠥᠪᠯᠡᠪᠡ᠃ ᠡᠷᠬᠢᠯᠡᠭᠴᠢᠳ ᠤ᠋ᠨ ᠬᠤᠷᠠᠯ᠎ᠤᠨ ᠰᠠᠨᠠᠭᠤᠯᠭ᠎ᠠ᠎ᠶᠢ ᠦᠨᠳᠦᠰᠦᠯᠡᠪᠡᠯ ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠭᠤᠴᠢᠨ ᠬᠣᠶᠠᠳᠤᠭᠠᠷ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠳᠦᠷᠢᠮ᠎ᠦᠨ ᠲᠥᠰᠥᠯ᠎ᠳ᠋ᠤ ᠵᠠᠰᠠᠪᠤᠷᠢ ᠣᠷᠣᠭᠤᠯᠬᠤ ᠨᠣᠣᠷᠠᠭ᠂ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤᠨ᠎ᠤ ᠳᠦᠷᠢᠮ᠎ᠦᠨ ᠲᠥᠰᠥᠯ ᠳ᠋ᠤ ᠵᠠᠰᠠᠪᠤᠷᠢ ᠣᠷᠣᠭᠤᠯᠬᠤ ᠨᠣᠣᠷᠠᠭ᠂ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠳᠦᠷᠢᠮ᠎ᠦᠨ ᠲᠥᠰᠥᠯ᠎ᠳᠦ ᠵᠠᠰᠠᠪᠤᠷᠢ ᠣᠷᠣᠭᠤᠯᠬᠤ ᠨᠣᠣᠷᠠᠭ᠂ ᠰᠤᠷᠭᠠᠭᠤᠯᠢ᠎ᠶᠢᠨ ᠠᠮᠤᠷ ᠲᠦᠪᠰᠢᠨ᠎ᠦ ᠳᠦᠷᠢᠮ᠎ᠦᠨ ᠲᠥᠰᠥᠯ᠎ᠳᠦ ᠵᠠᠰᠠᠪᠤᠷᠢ ᠣᠷᠣᠭᠤᠯᠬᠤ ᠨᠣᠣᠷᠠᠭ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠳᠦᠷᠢᠮ ᠤ᠋ᠨ ᠵᠠᠰᠠᠪᠤᠷᠢ ᠣᠷᠣᠭᠤᠯᠤᠬᠰᠠᠨ ᠲᠥᠰᠥᠯ᠎ᠳ᠋ᠤ ᠵᠠᠰᠠᠪᠤᠷᠢ ᠣᠷᠣᠭᠤᠯᠬᠤ ᠨᠣᠣᠷᠠᠭ᠂ ᠬᠥᠯᠥᠨ ᠨᠠᠭᠤᠷ᠎ᠤᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠳᠦᠷᠢᠮ ᠤ᠋ᠨ ᠵᠠᠰᠠᠪᠤᠷᠢ ᠣᠷᠣᠭᠤᠯᠤᠬᠰᠠᠨ ᠲᠥᠰᠥᠯ ᠳ᠋ᠤ ᠵᠠᠰᠠᠪᠤᠷᠢ ᠣᠷᠣᠭᠤᠯᠬᠤ ᠨᠣᠣᠷᠠᠭ᠂ ᠨᠡᠭᠡᠭᠡᠯᠳᠡ ᠵᠢᠨ ᠲᠤᠭᠤᠷᠢᠭ ᠤ᠋ᠨ ᠪᠦᠲᠦᠭᠡᠨ ᠪᠠᠢᠭᠤᠯᠤᠯᠲᠠ ᠬᠠᠮᠢᠶᠠᠷᠤᠯᠲᠠ᠎ᠶᠢᠨ ᠳᠦᠷᠢᠮ᠎ᠦᠨ ᠲᠥᠰᠥᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠳᠦᠷᠢᠮ᠎ᠦᠨ ᠲᠥᠰᠥᠯ᠂ ᠬᠥᠳᠡᠯᠮᠦᠷᠢ᠎ᠶᠢᠨ ᠪᠠᠲᠤᠯᠠᠪᠦᠷᠢ᠎ᠶᠢᠨ ᠬᠢᠨᠠᠨ ᠪᠠᠢᠴᠠᠭᠠᠬᠤ ᠳᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠥᠯ᠂ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠳᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠥᠯ ᠢ᠋ ᠬᠢᠨᠠᠨ ᠵᠦᠪᠯᠡᠨ᠎ᠠ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠳᠦᠷᠢᠮ᠎ᠦᠨ ᠲᠥᠰᠥᠯ᠎ᠢ ᠬᠢᠨᠠᠨ ᠵᠥᠪᠯᠡᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ᠎ᠶᠢᠨ ᠠᠮᠢᠳᠤᠷᠠᠯ᠎ᠤᠨ ᠬᠣᠭ ᠨᠣᠪᠰᠢ᠎ᠶᠢᠨ ᠬᠠᠮᠢᠶᠠᠷᠤᠯᠲᠠ᠎ᠶᠢᠨ ᠳᠦᠷᠢᠮ᠎ᠢ ᠬᠦᠴᠦᠨ ᠦᠭᠡᠢ ᠪᠣᠯᠭᠠᠬᠤ᠎ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ᠎ᠶᠢ ᠬᠢᠨᠠᠨ ᠵᠥᠪᠯᠡᠨ᠎ᠡ᠃
ᠬᠤᠷᠠᠯ᠎ᠠᠴᠠ ᠬᠥᠬᠡᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠬᠥᠬᠡᠬᠣᠲᠠ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠳᠦᠷᠢᠮ》 ᠢ᠋ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ᠂ ᠬᠥᠯᠥᠨ ᠪᠣᠶ᠋ᠢᠷ ᠬᠣᠲᠠ᠎ᠶᠢᠨ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠵᠠᠰᠠᠯᠳᠠ ᠵᠢᠨ ᠳᠦᠷᠢᠮ᠂ ᠬᠥᠯᠥᠨ ᠪᠣᠶ᠋ᠢᠷ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ 《ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶᠢᠨ ᠬᠠᠨᠮᠠ᠎ᠶᠢᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠳᠦᠷᠢᠮ》 ᠢ᠋ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ᠂ ᠲᠦᠩᠯᠢᠶᠣᠣ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠲᠦᠩᠯᠢᠶᠣᠣ ᠬᠣᠲᠠ᠎ᠶᠢᠨ ᠬᠣᠲᠠ᠎ᠶᠢᠨ ᠦᠵᠡᠮᠵᠢ ᠪᠠ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠬᠠᠮᠢᠶᠠᠷᠤᠯᠲᠠ᠎ᠶᠢᠨ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 2 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠣᠷᠳᠣᠰ ᠬᠣᠲᠠ᠎ᠶᠢᠨ ᠰᠢᠨ᠎ᠡ ᠡᠨᠧᠷᠭᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ᠂ ᠣᠷᠳᠣᠰ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ《ᠣᠷᠳᠣᠰ ᠬᠣᠲᠠ᠎ᠶᠢᠨ ᠠᠷᠠᠳ᠎ᠤ᠋ᠨ ᠡᠵᠡᠩᠨᠡᠯᠳᠡ ᠵᠢᠨ ᠠᠵᠤ ᠠᠬᠤᠢ᠎ᠶᠢ ᠠᠬᠢᠭᠤᠯᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 3 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠪᠠᠶᠠᠨᠨᠠᠭᠤᠷ ᠬᠣᠲᠠ᠎ᠶᠢᠨ ᠬᠣᠲᠠ᠎ᠶᠢᠨ ᠦᠵᠡᠮᠵᠢ ᠪᠠ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠬᠠᠮᠢᠶᠠᠷᠤᠯᠲᠠ᠎ᠶᠢᠨ ᠳᠦᠷᠢᠮ᠂ ᠦᠬᠠᠢ ᠬᠣᠲᠠ᠎ᠶᠢᠨ ᠪᠣᠯᠪᠠᠰᠤᠨ ᠦᠢᠯᠡ ᠠᠵᠢᠯᠯᠠᠭ᠎ᠠ᠎ᠶᠢ ᠠᠬᠢᠭᠤᠯᠬᠤ ᠳᠦᠷᠢᠮ᠂ ᠦᠬᠠᠢ ᠬᠣᠲᠠ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠢ ᠶᠡᠷᠦᠩᠬᠡᠢᠯᠡᠨ ᠵᠠᠰᠠᠬᠤ ᠳᠦᠷᠢᠮ ᠵᠡᠷᠭᠡ ᠵᠢ ᠬᠢᠨᠠᠨ ᠪᠠᠢᠴᠠᠭᠠᠨ᠎ᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢᠳ ᠤ᠋ᠨ ᠬᠤᠷᠠᠯ᠎ᠡᠴᠨ ᠳᠡᠪᠰᠢᠭᠦᠯᠬᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠡᠴᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠦ ᠲᠡᠪᠰᠢᠬᠦᠯᠦᠭᠰᠡᠨ 《ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ ᠳᠤᠮᠳᠠᠬᠢ ᠠᠮᠢ ᠠᠬᠤᠢ ᠣᠷᠴᠢᠨ ᠲᠣᠭᠣᠷᠢᠨ᠎ᠤ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠮᠡᠳᠡᠭᠦᠯᠦᠯᠲᠡ》 ᠵᠢ ᠬᠦᠴᠦᠨ ᠦᠭᠡᠢ ᠪᠣᠯᠭᠠᠬᠤ ᠲᠤᠬᠠᠢ ᠰᠠᠨᠠᠯ ᠵᠥᠪᠯᠡᠯᠭᠡ᠎ᠶᠢᠨ ᠰᠠᠨᠠᠯ ᠵᠦᠪᠯᠡᠯᠭᠡ ᠵᠢ ᠬᠢᠨᠠᠨ ᠵᠥᠪᠯᠡᠨ᠎ᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠢ ᠬᠤᠷᠠᠯᠳᠤᠭᠤᠯᠬᠤ ᠲᠤᠬᠠᠢ ᠲᠣᠭᠲᠠᠭᠠᠯ᠎ᠤᠨ ᠲᠥᠰᠥᠯ᠎ᠢ ᠬᠢᠨᠠᠨ ᠵᠥᠪᠯᠡᠨ᠎ᠡ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠠᠤᠯᠢ ᠬᠡᠷᠡᠭᠵᠢᠭᠦᠯᠦᠯᠲᠡ᠎ᠶᠢ ᠪᠠᠢᠴᠠᠭᠠᠬᠤ ᠳᠤᠭᠤᠢᠯᠠᠩ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠬᠦ᠎ᠶᠢ ᠠᠬᠢᠭᠤᠯᠬᠤ ᠳᠦᠷᠢᠮ᠎ᠢ ᠬᠡᠷᠡᠭᠵᠢᠭᠦᠯᠦᠭᠰᠡᠨ ᠪᠠᠢᠳᠠᠯ᠎ᠢ ᠪᠠᠢᠴᠠᠭᠠᠭᠰᠠᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠦᠳᠦᠭᠡᠨ ᠪᠠᠢᠭᠤᠯᠬᠤ ᠵᠢ ᠠᠬᠢᠭᠤᠯᠬᠤ ᠳᠦᠷᠢᠮ᠎ᠢ ᠬᠡᠷᠡᠭᠵᠢᠭᠦᠯᠦᠭᠰᠡᠨ ᠪᠠᠢᠳᠠᠯ᠎ᠢ ᠪᠠᠢᠴᠠᠭᠠᠭᠰᠠᠨ ᠲᠤᠬᠠᠢ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤ᠋ᠨ ᠣᠷᠳᠣᠨ᠎ᠤ ᠦᠨᠳᠦᠰᠦᠨ ᠨᠠᠰᠤᠵᠢᠯ᠎ᠤᠨ ᠦᠢᠯᠡᠴᠢᠯᠡᠭᠡᠨ᠎ᠦ ᠰᠢᠰᠲᠧᠮ᠎ᠢ ᠰᠢᠯᠢᠳᠡᠭᠵᠢᠭᠦᠯᠬᠦ ᠢᠨᠵᠧᠨᠧᠷᠢᠩ᠎ᠢ ᠬᠡᠷᠡᠭᠵᠢᠭᠦᠯᠦᠭᠰᠡᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠬᠦ᠎ᠶᠢᠨ ᠬᠠᠮᠲᠤ ᠲᠤᠰᠬᠠᠢ ᠰᠡᠳᠦᠪ ᠵᠢᠡᠷ ᠯᠠᠪᠯᠠᠨ ᠠᠰᠠᠭᠤᠨ᠎ᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤ᠋ᠨ ᠣᠷᠳᠣᠨ᠎ᠤ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠵᠣᠬᠢᠴᠠᠭᠤᠯᠤᠨ ᠠᠬᠢᠭᠤᠯᠤᠭᠰᠠᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠂ ᠲᠠᠷᠢᠶᠠᠯᠠᠩ ᠮᠠᠯ ᠠᠵᠤ ᠠᠬᠤᠢ᠎ᠶᠢᠨ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢᠨ ᠪᠠᠢᠳᠠᠯ᠎ᠤᠨ ᠲᠤᠬᠠᠢ ᠮᠡᠳᠡᠭᠦᠯᠦᠯᠲᠡ᠂ ᠪᠣᠬᠢᠷᠲᠤᠯ ᠦᠭᠡᠢ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠨᠠᠢᠳᠠᠪᠤᠷᠢᠵᠢᠭᠤᠯᠤᠨ 2026 ᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠬᠡᠷᠡᠭᠵᠢᠭᠦᠯᠦᠭᠰᠡᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠥᠪ᠎ᠢ ᠭᠦᠢᠴᠡᠳᠬᠡᠭᠰᠡᠨ ᠪᠠ ᠪᠤᠰᠤᠳ ᠡᠳ᠋᠎ᠦᠨ ᠵᠠᠰᠠᠭ᠎ᠤᠨ ᠣᠷᠣᠯᠭ᠎ᠠ ᠵᠠᠷᠤᠯᠭ᠎ᠠ᠎ᠶᠢᠨ ᠬᠢᠨᠠᠨ ᠪᠣᠳᠣᠯᠲᠠ᠎ᠪᠠᠷ ᠪᠠᠢᠴᠠᠭᠠᠨ ᠭᠠᠷᠭᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠤᠭᠰᠠᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠬᠦ᠎ᠶᠢᠨ ᠬᠠᠮᠲᠤ ᠬᠠᠨᠤᠮᠵᠢ᠎ᠶᠢᠨ ᠬᠡᠮᠵᠢᠶ᠎ᠡ᠎ᠶᠢ ᠲᠣᠰ ᠲᠣᠰ ᠰᠢᠯᠭᠠᠨ ᠦᠨᠡᠯᠡᠨᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠲᠥᠯᠥᠭᠡᠯᠡᠭᠴᠢᠳ᠎ᠦᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠥᠯᠥᠭᠡᠯᠡᠭᠴᠢᠳ᠎ᠦᠨ ᠰᠠᠨᠠᠭᠤᠯᠭ᠎ᠠ ᠂ ᠰᠢᠭᠦᠮᠵᠢᠯᠡᠯ ᠪᠠ ᠰᠠᠨᠠᠯ᠎ᠢ ᠰᠢᠢᠳᠪᠦᠷᠢᠯᠡᠭᠰᠡᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠲᠣᠰ ᠲᠣᠰ ᠰᠣᠨᠣᠰᠴᠤ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠤᠰᠤ ᠠᠷᠪᠢᠯᠠᠬᠤ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶᠢ ᠬᠢᠨᠠᠨ ᠵᠥᠪᠯᠡᠭᠰᠡᠨ ᠰᠠᠨᠠᠯ᠎ᠢ ᠨᠠᠢᠳᠠᠪᠤᠷᠢᠵᠢᠭᠤᠯᠤᠭᠰᠠᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠬᠢᠨᠠᠨ ᠵᠥᠪᠯᠡᠨ᠎ᠡ᠃
ᠬᠤᠷᠠᠯ᠎ᠠᠴᠠ ᠪᠠᠰᠠ ᠪᠤᠰᠤᠳ ᠵᠤᠢᠯᠡᠰ᠎ᠢ ᠬᠢᠨᠠᠨ ᠵᠥᠪᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠳᠡᠳ᠋ ᠡᠷᠬᠢᠯᠡᠭᠴᠢ ᠵᠧᠩ ᠬᠣᠩ ᠹᠠᠨ᠂ ᠳ᠋ᠢᠩ ᠰᠢᠤ ᠹᠧᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃