ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-25 11:31:56

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3


    ᠪᠤᠤ ᠭᠠᠩ  ᠪᠠᠶ᠋ᠢᠷᠢᠯᠠᠭᠤᠯᠤᠯᠲᠠ᠎ᠬᠢᠪᠡ


ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢᠨ ᠲᠥᠯᠥᠭᠡ᠂ 11 ᠰᠠᠷ᠎ᠠ᠎ᠶᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠠᠵᠤ ᠠᠬᠤᠢ᠎ᠶᠢᠨ ᠪᠠᠶ᠋ᠢᠳᠠᠯ ᠳ᠋ᠤ ᠵᠠᠳᠠᠯᠤᠯᠳᠠ ᠬᠢᠬᠦ ᠬᠤᠷᠠᠯ᠎ᠢ ᠡᠷᠬᠢᠯᠡᠨ ᠬᠤᠷᠠᠯᠳᠤᠭᠤᠯᠵᠤ᠂ 12 ᠠᠶ᠋ᠢᠮᠠᠭ ᠬᠤᠳᠠ᠎ᠶᠢᠨ ᠠᠵᠤ ᠠᠬᠤᠢ᠎ᠶᠢᠨ ᠡᠷᠭᠢᠯᠲᠡ᠎ᠶᠢᠨ ᠪᠠᠶ᠋ᠢᠳᠠᠯ ᠪᠣᠯᠤᠨ 2027 ᠣᠨ᠎ᠤ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠦᠯᠦᠪᠯᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠨᠢᠭᠡᠳ ᠨᠢᠭᠡ᠎ᠪᠡᠷ ᠰᠣᠨᠣᠰᠴᠤ᠌᠂ ᠳᠠᠷᠠᠭᠠᠴᠢ᠎ᠶᠢᠨ ᠠᠯᠬᠤᠮ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃

ᠬᠤᠷᠠᠯ᠎ᠡᠴᠡ᠂ ᠪᠦᠬᠦ᠌ ᠵᠢᠯ᠎ᠦᠨ ᠬᠠᠷᠠᠯᠲᠠ ᠡᠭᠦᠷᠭᠡ᠎ᠶᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠨᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢ ᠬᠡᠷᠡᠭᠵᠢᠭᠦᠯᠬᠦ᠌ ᠪᠦᠬᠦᠢᠯᠡ ᠠᠬᠢᠴᠠ ᠪᠣᠯᠤᠨ ᠦᠷ᠎ᠡ ᠪᠦᠲᠦᠮᠵᠢ᠎ᠶᠢ ᠰᠢᠭᠤᠳ ᠨᠥᠯᠥᠭᠡᠯᠡᠨ᠎ᠡ᠃ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》  ᠵᠢ ᠪᠥᠲᠥᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠎ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠶ ᠠᠵᠢᠯ ᠎ᠤᠨ ᠪᠠᠶ᠋ᠢᠷᠢᠯᠠᠭᠤᠯᠤᠯᠲᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠠᠵᠤ ᠠᠬᠤᠶ᠎ᠶᠢᠨ ᠡᠷᠬᠢᠯᠲᠡ ᠵᠢᠨ ᠲᠤᠬᠠᠢ ᠵᠠᠳᠠᠯᠤᠯᠲᠠ ᠬᠢᠬᠦ᠎ᠶᠢ ᠴᠢᠩᠭᠠᠳᠬᠠᠵᠤ᠂ ᠣᠶᠤᠨ ᠴᠢᠳᠠᠯ ᠎ᠢᠶᠠᠨ ᠲᠥᠪᠯᠡᠷᠡᠭᠦᠯᠦᠨ ᠲᠦᠭᠵᠢᠷᠡᠯ ᠴᠡᠭ ᠬᠦᠴᠢᠷᠳᠠᠯ ᠠᠰᠠᠭᠤᠳᠠᠯ᠎ᠢ ᠰᠢᠢᠳᠪᠦᠷᠢᠯᠡᠨ᠂ ᠡᠯ᠎ᠡ ᠠᠶ᠋ᠢᠮᠠᠭ ᠬᠣᠲᠠ ᠡᠯ᠎ᠡ ᠰᠠᠯᠠᠭ᠎ᠠ ᠮᠥᠴᠢᠷ ᠨᠢᠭᠡ ᠬᠥᠯᠭᠡ ᠰᠢᠲᠠᠷ᠎ᠠ ᠮᠡᠲᠦ᠍ ᠪᠠᠶ᠋ᠢᠵᠤ᠂ ᠡᠯ᠎ᠡ ᠠᠵᠢᠯ ᠲᠥᠷᠥᠯ ᠡᠯ᠎ᠡ ᠠᠵᠤ ᠠᠬᠤᠶ᠋ᠢᠯᠠᠯ ᠵᠡᠷᠭᠡ ᠪᠡᠷ ᠬᠦᠴᠦᠯᠡᠬᠦ ᠵᠢ ᠪᠡᠶᠡᠯᠡᠭᠦᠯᠵᠦ᠂ ᠪᠥᠬᠥ᠌ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌ ᠎ᠶᠢ ᠦᠨᠡᠨ ᠬᠦ᠌ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠶ᠋ᠢᠨ ᠰᠠᠶ᠋ᠢᠬᠠᠨ ᠡᠬᠢᠯᠡᠯᠲᠡ᠎ᠶᠢ ᠪᠡᠶᠡᠯᠡᠭᠦᠯᠬᠦ᠌ ᠬᠡᠷᠡᠭᠲᠡᠶ᠃ ᠠᠮᠤ ᠪᠤᠳᠠᠭᠠᠨ᠎ᠤ ᠤᠨᠠᠯᠲᠠ ᠨᠡᠮᠡᠭᠳᠡᠵᠦ᠍ ᠡᠯᠪᠡᠭ ᠬᠤᠷᠢᠶᠠᠯᠲᠠ ᠤᠯᠬᠤ᠂ ᠮᠠᠯ᠎ᠤᠨ ᠭᠠᠷᠭᠠᠯᠲᠠ ᠪᠠ᠎ᠲᠤᠭ᠎ᠠ ᠲᠤᠯᠤᠭᠠᠢ ᠵᠢ ᠨᠥᠬᠥᠪᠥᠷᠢᠯᠡᠬᠦ᠌᠂ ᠮᠠᠯ ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ ᠪᠣᠷᠣᠯᠠᠭᠤᠯᠭ᠎ᠠ᠎ᠶᠢ ᠵᠣᠯᠭᠠᠭᠤᠯᠬᠤ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠬᠦ᠌ ᠨᠥᠬᠥᠪᠥᠷᠢ ᠥᠭᠬᠦ᠌ ᠵᠡᠷᠭᠡ ᠠᠵᠢᠯ᠎ᠢ ᠪᠣᠳᠠᠲᠠᠶ ᠠᠳᠬᠤᠵᠤ᠂ ᠠᠷᠭ᠎ᠠ ᠪᠦᠬᠦᠨ᠎ᠢ ᠰᠦᠪᠡᠭᠴᠢᠯᠡᠨ ᠮᠠᠯᠴᠢᠨ ᠲᠠᠷᠢᠶᠠᠴᠢᠨ ᠎ᠤ ᠣᠷᠣᠯᠭ᠎ᠠ᠎ᠶᠢᠨ ᠨᠡᠮᠡᠭᠳᠡᠯ᠎ᠢ ᠠᠬᠢᠭᠤᠯᠬᠤ ᠬᠡᠷᠡᠭᠲᠡᠶ᠃ ᠠᠵᠤ ᠦᠢᠯᠡᠳᠪᠦᠷᠢ᠎ᠶᠢᠨ ᠠᠵᠤ ᠠᠬᠤᠢ᠎ᠶᠢᠨ 《ᠲᠤᠭᠲᠠᠪᠦᠷᠢᠵᠢᠭᠤᠯᠤᠭᠴᠢ》 ᠵᠢᠨ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠵᠠᠬᠢᠶᠠᠯᠠᠭ᠎ᠠ᠎ᠲᠠᠶ᠂ ᠵᠠᠬ᠎ᠠ ᠳᠡᠯᠭᠡᠭᠦᠷ᠎ᠲᠡᠶ᠂ ᠦᠷ᠎ᠡ ᠠᠰᠢᠭ᠎ᠢᠶᠡᠷ ᠰᠠᠶ᠋ᠢᠨ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ᠌ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ ᠲᠣᠭᠲᠠᠭᠤᠨ ᠬᠡᠮᠵᠢᠶ᠎ᠡ ᠪᠡᠷ ᠦᠢᠯᠡᠳᠪᠦᠷᠢᠯᠡᠵᠦ᠍᠂ ᠠᠵᠤ ᠠᠬᠤᠶ᠋ᠢᠯᠠᠯ᠎ᠤᠨ ᠮᠡᠷᠭᠡᠵᠢᠯ᠎ᠦᠨ ᠥᠭᠡᠷᠡᠴᠢᠯᠡᠯᠲᠡ᠎ᠶᠢᠨ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠬᠤ᠎ᠶᠢ ᠳᠠᠮᠵᠢᠵᠤ᠂ ᠦᠨᠡᠨ ᠰᠡᠳᠬᠢᠯ᠎ᠡᠴᠡ᠎ᠪᠡᠨ ᠠᠵᠤ ᠠᠬᠤᠶ᠋ᠢᠯᠠᠯ᠎ᠢ ᠬᠠᠪᠰᠤᠷᠤᠨ ᠪᠣᠳᠠᠲᠠᠢ ᠬᠦᠴᠢᠷᠳᠡᠯ᠎ᠢ᠎ᠨᠢ ᠰᠢ᠌ᠳᠪᠦᠷᠢᠯᠡᠵᠦ᠍ ᠥᠭᠬᠦ᠌ ᠬᠡᠷᠡᠭᠲᠡᠢ᠃ ᠦᠢᠯᠡᠴᠢᠯᠡᠭᠡᠨ᠎ᠦ ᠦᠢᠯᠡᠰ᠎ᠦᠨ ᠬᠠᠩᠭᠠᠯᠭ᠎ᠠ ᠵᠢᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠵᠦ᠍᠂ ᠣᠲᠣ ᠦᠶ᠎ᠡ᠎ᠶᠢᠨ ᠪᠠᠷᠠᠭᠠᠨ᠎ᠤ ᠭᠦᠢᠯᠭᠡᠭᠡ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡ᠂ ᠰᠢᠯᠭᠠᠨ ᠪᠠᠶ᠋ᠢᠴᠠᠭᠠᠬᠤ ᠰᠢᠯᠭᠠᠨ ᠬᠡᠮᠵᠢᠬᠦ᠌ ᠵᠡᠷᠭᠡ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ ᠎ᠦ ᠦᠢᠯᠡᠰ᠎ᠢ ᠪᠤᠵᠠᠭᠠᠶ᠋ᠢᠷᠠᠭᠤᠯᠵᠤ᠂ ᠰᠣᠶᠣᠯ ᠵᠢᠭᠤᠯᠴᠢᠯᠠᠯ᠂ ᠨᠠᠰᠤᠵᠢᠯ᠎ᠤᠨ ᠠᠰᠠᠷᠠᠮᠵᠢ ᠨᠠᠶ᠋ᠢᠳᠠᠨ ᠬᠥᠮᠦᠵᠢᠭᠦᠯᠬᠦ᠌᠂ ᠡᠷᠡᠭᠦᠯ ᠮᠡᠨᠳᠦ᠎ᠶᠢᠨ ᠦᠢᠯᠡᠴᠢᠯᠡᠭᠡ ᠵᠡᠷᠭᠡ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠦ ᠦᠢᠯᠡᠰ ᠎ᠢ ᠲᠦᠷᠭᠡᠳᠬᠡᠨ ᠬᠥᠭᠵᠢᠭᠦᠯᠵᠦ᠍᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠶᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠨᠢᠭᠡ ᠪᠦᠯᠦᠭ ᠤᠨᠴᠠᠯᠢᠬᠳᠤ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠭᠤᠤᠯ ᠰᠡᠳᠦᠪᠲᠦ᠍ ᠠᠵᠢᠯᠯᠠᠭ᠎ᠠ᠎ᠶᠢ ᠤᠬᠠᠭᠠᠯᠠᠨ ᠲᠦᠯᠦᠪᠯᠡᠵᠦ᠂ ᠦᠢᠯᠡᠴᠢᠯᠡᠭᠡᠨ᠎ᠦ ᠦᠢᠯᠡᠰ᠎ᠦᠨ ᠠᠵᠤ ᠠᠬᠤᠶ᠎ᠶᠢᠨ ᠬᠥᠭᠵᠢᠯᠲᠡ᠎ᠳᠦ ᠬᠤᠪᠢ ᠨᠡᠮᠡᠷᠢ ᠦᠵᠡᠭᠦᠯᠬᠦ᠌ ᠬᠡᠮᠵᠢᠶ᠎ᠡ ᠎ᠶᠢ ᠶᠡᠬᠡ᠎ᠪᠡᠷ ᠳᠡᠭᠡᠭᠰᠢᠯᠡᠭᠦᠯᠬᠦ᠌ ᠬᠡᠷᠡᠭᠲᠡᠶ᠃《ᠡᠪᠦᠯ ᠎ᠦᠨ ᠤᠯᠠᠷᠢᠯ᠎ᠳᠤ ᠶᠠᠪᠤᠬᠳᠠᠭᠤᠯᠬᠤ ᠢᠨᠵᠧᠨᠧᠷᠢᠩ》 ᠢ᠋ ᠨᠠᠷᠢᠨ ᠨᠢᠮᠪᠠᠶ ᠰᠠᠢᠳᠤᠷ ᠵᠣᠬᠢᠶᠠᠨ ᠪᠠᠶ᠋ᠢᠭᠤᠯᠵᠤ᠂ ᠨᠢᠭᠡ ᠲᠥᠷᠥᠯ ᠵᠦᠢᠯ᠎ᠳᠤ ᠨᠢᠭᠡ ᠲᠥᠰᠦᠯ᠎ᠢ ᠬᠡᠷᠡᠭᠵᠢᠬᠦᠯᠦᠨ ᠠᠵᠢᠯᠴᠢᠨ ᠬᠡᠷᠡᠭᠯᠡᠬᠦ᠌᠂ ᠮᠠᠲ᠋ᠧᠷᠢᠶᠠᠯ ᠬᠡᠷᠡᠭᠯᠡᠬᠦ᠌᠂ ᠪᠠᠯᠠ ᠮᠥᠩᠭᠥ᠌ ᠵᠡᠷᠭᠡ ᠪᠥᠲᠥᠭᠡᠨ ᠪᠠᠶ᠋ᠢᠭᠤᠯᠤᠯᠲᠠ᠎ᠶᠢᠨ ᠴᠢᠬᠤᠯᠠ ᠡᠯᠧᠮᠧᠨ᠋ᠲ ᠎ᠦᠨ ᠪᠠᠲᠤᠯᠠᠭ᠎ᠠ ᠎ᠶᠢ ᠰᠠᠶ᠋ᠢᠲᠤᠷ ᠬᠢᠵᠦ᠍᠂ ᠢᠯᠠᠩᠭᠤᠶ᠎ᠠ ᠤᠯᠤᠰ᠎ᠡᠴᠡ ᠵᠦᠪᠰᠢᠶᠡᠷᠡᠨ ᠴᠣᠬᠣᠯᠠᠪᠤᠷᠢᠯᠠᠭᠰᠠᠨ ᠪᠤᠳᠤᠯᠲᠠ ᠵᠢᠨ ᠬᠦᠴᠦᠨ᠎ᠦ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠠᠬᠢᠴᠠ᠎ᠶᠢ ᠲᠦᠷᠭᠡᠳᠬᠡᠵᠦ᠍᠂ ᠪᠥᠬᠥ᠌ ᠵᠢᠯ᠎ᠦᠨ ᠬᠠᠷᠠᠯᠲᠠ ᠵᠢ ᠪᠡᠶᠡᠯᠡᠭᠦᠯᠬᠦ  ᠪᠡᠷ ᠰᠢᠪᠲᠤᠯᠤᠯᠳᠠ ᠭᠢᠬᠦ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ᠌ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ᠂ ᠲᠦᠷᠦᠯ ᠵᠦᠢᠯ᠎ᠢ ᠠᠳᠬᠤᠬᠤ ᠪᠣᠯ ᠳᠠᠷᠤᠢ ᠬᠥᠭᠵᠢᠯᠲᠡ᠎ᠶᠢ ᠠᠳᠬᠤᠵᠤ ᠪᠠᠢᠭ᠎ᠠ ᠶᠠᠪᠤᠳᠠᠯ ᠮᠥᠨ᠂ ᠲᠦᠷᠦᠯ ᠵᠦᠢᠯ᠎ᠢ ᠤᠬᠠᠭᠠᠯᠠᠨ ᠲᠦᠯᠦᠪᠯᠡᠬᠦ ᠪᠣᠯ ᠳᠠᠷᠤᠢ ᠢᠷᠡᠭᠡᠳᠦᠢ᠎ᠶᠢᠨ ᠲᠦᠯᠦᠬᠡ ᠪᠣᠳᠣᠯᠬᠢᠯᠠᠵᠤ ᠪᠠᠢᠭ᠎ᠠ ᠶᠠᠪᠤᠳᠠᠯ ᠮᠥᠨ᠃ ᠢᠷᠡᠬᠦ ᠵᠢᠯ᠎ᠦᠨ ᠴᠢᠬᠤᠯᠠ ᠶᠡᠬᠡ ᠲᠦᠷᠦᠯ ᠵᠦᠢᠯ᠎ᠢ ᠰᠠᠢᠲᠤᠷ ᠤᠬᠠᠭᠠᠯᠠᠨ ᠲᠦᠯᠦᠪᠯᠡᠬᠦ᠎ᠶᠢ ᠣᠳᠣᠬᠠᠨ ᠎ᠤ ᠨᠢᠭᠡᠨ ᠴᠢᠬᠤᠯᠠ ᠠᠵᠢᠯ ᠪᠣᠯᠭᠠᠵᠤ᠂ ᠡᠷᠲᠡ᠎ᠡᠴᠡ ᠭᠠᠷ ᠬᠥᠳᠡᠯᠵᠦ᠂ ᠪᠣᠷᠣᠭᠠᠨ᠎ᠡᠴᠡ ᠡᠮᠦᠨ᠎ᠡ ᠪᠡᠯᠡᠳᠬᠡᠯ ᠬᠢᠵᠦ᠂ ᠭᠦᠨᠵᠡᠭᠡᠢ ᠪᠥᠭᠡᠳ ᠪᠣᠳᠠᠲᠠᠢ ᠪᠡᠷ ᠤᠬᠠᠭᠠᠯᠠᠨ ᠲᠦᠯᠦᠪᠯᠡᠵᠤ᠂《ᠨᠢᠭᠡ ᠪᠦᠯᠦᠭ᠎ᠢ ᠤᠬᠠᠭᠠᠯᠠᠨ ᠲᠦᠯᠦᠪᠯᠡᠵᠤ᠂ ᠨᠢᠭᠡ ᠪᠦᠯᠦᠭ᠎ᠢ ᠨᠥᠭᠡᠴᠡᠯᠡᠵᠦ᠂ ᠨᠢᠭᠡ ᠪᠦᠯᠦᠭ ᠲᠦᠷᠦᠯ ᠵᠦᠢᠯ᠎ᠤᠨ ᠡᠮᠦᠨᠡᠬᠢ ᠱᠠᠳᠤᠨ᠎ᠤ ᠠᠵᠢᠯ᠎ᠢ ᠬᠦᠢᠴᠡᠳᠬᠡᠵᠤ᠂ ᠨᠢᠭᠡ ᠪᠦᠯᠦᠭ᠎ᠢ ᠬᠡᠷᠡᠭᠵᠢᠭᠦᠯᠬᠦ》 ᠲᠦᠷᠦᠯ ᠵᠦᠢᠯ᠎ᠢ ᠱᠠᠲᠤᠯᠢᠭ ᠮᠠᠶᠢᠭ᠎ᠢᠶᠡᠷ ᠠᠬᠢᠭᠤᠯᠬᠤ ᠪᠠᠢᠷᠢᠰᠢᠯ ᠎ᠢ  ᠪᠦᠷᠢᠯᠳᠦᠭᠦᠯᠬᠦ ᠬᠡᠷᠡᠭᠲᠡᠢ᠃ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠶᠢ ᠪᠠᠷᠢᠮᠲᠠᠯᠠᠵᠤ᠂ 《ᠨᠢᠭᠡ ᠭᠤᠤᠯᠳᠠᠯᠭ᠎ᠠ ᠨᠢᠭᠡ ᠴᠢᠬᠤᠯᠠ》᠂ 《ᠵᠢᠷᠭᠤᠭᠠᠨ ᠲᠣᠣᠷ》᠂ ᠬᠣᠲᠠ ᠎ᠶᠢ ᠰᠢᠨᠡᠳᠬᠡᠬᠦ ᠵᠡᠷᠭᠡ ᠤᠯᠤᠰ᠎ᠤᠨ ᠭᠣᠣᠯᠳᠠᠯᠭ᠎ᠠ᠎ᠲᠠᠢ ᠳᠡᠮᠵᠢᠬᠦ ᠬᠦᠷᠢᠶ᠎ᠡ ᠴᠠᠷᠠᠭ᠎ᠠ ᠪᠠ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠂ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠵᠡᠷᠭᠡ ᠥᠪᠡᠷᠲᠡᠭᠡᠨ ᠵᠠᠰᠠᠬᠤ ᠣᠷᠣᠨ᠎ᠤ ᠣᠨᠴᠠᠯᠢᠭᠲᠦ ᠳᠠᠪᠠᠭᠤᠯᠢᠬᠲᠦ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ᠂ ᠳᠠᠬᠢᠨ ᠨᠢᠭᠡ ᠪᠦᠯᠦᠭ ᠲᠣᠮᠣ᠌ ᠲᠥᠷᠥᠯ ᠵᠦᠢᠯ ᠰᠠᠢᠨ ᠲᠥᠷᠥᠯ ᠵᠦᠢᠯ᠎ᠢ ᠤᠬᠠᠭᠠᠯᠠᠨ ᠲᠦᠯᠦᠪᠯᠡᠬᠦ ᠬᠡᠷᠡᠭᠲᠡᠢ᠂ ᠭᠡᠪᠡᠴᠦ ᠲᠥᠷᠥ᠎ᠶᠢᠨ ᠪᠣᠳᠣᠯᠭ᠎ᠠ᠎ᠶᠢᠨ ᠤᠯᠠᠭᠠᠨ ᠱᠤᠭᠤᠮ ᠎ᠢ ᠵᠥᠷᠢᠴᠡᠵᠦ ᠪᠣᠯᠬᠤ ᠦᠭᠡᠢ᠂ ᠨᠠᠩ ᠴᠤ᠌ ᠰᠣᠬᠣᠷ ᠪᠠᠯᠠᠢ᠎ᠪᠠᠷ ᠪᠤᠰᠤᠳ᠎ᠢ ᠳᠠᠭᠠᠵᠤ ᠳᠡᠷᠪᠡᠵᠤ ᠪᠣᠯᠬᠤ ᠦᠭᠡᠢ᠃ ᠭᠠᠵᠠᠷ ᠣᠷᠣᠨ ᠎ᠤ ᠪᠠᠢᠳᠠᠯ᠎ᠳᠠᠭᠠᠨ ᠲᠣᠬᠢᠷᠠᠭᠤᠯᠤᠨ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ᠎ᠶᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠠᠵᠤ ᠦᠢᠯᠡᠰ᠎ᠦᠨ ᠠᠮᠢ ᠠᠬᠤᠢ᠎ᠶᠢ ᠪᠣᠢᠵᠢᠭᠤᠯᠬᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠬᠤ᠎ᠪᠠᠷ ᠭᠣᠣᠯᠳᠠᠯᠭ᠎ᠠ ᠪᠣᠯᠭᠠᠵᠤ᠂ ᠡᠳ᠋᠎ᠦᠨ ᠵᠠᠰᠠᠭ᠂ ᠭᠠᠢᠯᠢ ᠰᠦᠢᠳᠬᠡᠯ ᠪᠠ ᠭᠠᠵᠠᠷ ᠰᠢᠷᠦᠢ ᠬᠡᠷᠡᠭᠯᠡᠬᠦ ᠲᠠᠯ᠎ᠠ ᠵᠢᠨ ᠬᠠᠷᠠᠭᠠᠯᠵᠠᠯ ᠦᠵᠡᠬᠦᠯᠬᠦ᠎ᠵᠢ ᠲᠣᠭᠲᠠᠭᠠᠯ᠎ᠡᠴᠡ ᠵᠥᠷᠢᠴᠡᠨ ᠬᠡᠷᠡᠭᠵᠢᠭᠦᠯᠬᠦ᠎ᠶᠢ ᠴᠢᠩᠭ᠎ᠠ ᠴᠠᠭᠠᠵᠠᠯᠠᠵᠤ᠂ ᠣᠷᠴᠢᠨ ᠲᠤᠭᠤᠷᠢᠨ ᠡᠬᠢ ᠪᠠᠶᠠᠯᠢᠭ᠋᠎ᠤᠨ ᠳᠦᠷᠢᠮ᠎ᠢ ᠡᠪᠳᠡᠬᠦ᠂ ᠲᠣᠭᠲᠠᠭᠠᠯ᠎ᠡᠴᠡ ᠵᠥᠷᠢᠴᠡᠨ ᠵᠢᠭᠡᠯᠡᠯᠭᠡ ᠠᠪᠴᠤ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠵᠡᠷᠭᠡ ᠦᠢᠯᠡ ᠠᠵᠢᠯᠯᠠᠭ᠎ᠠ᠎ᠶᠢ ᠡᠷᠡᠰ ᠰᠡᠷᠭᠡᠢᠯᠡᠬᠦ ᠬᠡᠷᠡᠭᠲᠡᠢ᠃ ᠴᠢᠬᠤᠯᠠ ᠶᠡᠬᠡ ᠲᠦᠷᠦᠯ ᠵᠦᠢᠯ᠎ᠦᠨ ᠬᠠᠮᠲᠤᠷᠠᠨ ᠬᠢᠨᠠᠨ ᠵᠥᠪᠰᠢᠶᠡᠷᠡᠬᠦ ᠲᠣᠭᠲᠡᠴᠡ᠎ᠶᠢ ᠰᠠᠢᠲᠤᠷ ᠠᠰᠢᠭ᠍ᠯᠠᠵᠤ᠂ ᠳᠡᠭᠡᠳᠦ ᠳᠣᠣᠷᠠᠳᠤ ᠱᠠᠲᠤ᠎ᠪᠠᠷ᠎ᠢᠶᠠᠨ ᠬᠤᠯᠪᠤᠭᠠᠯᠠᠨ ᠬᠦᠳᠡᠯᠦᠯᠴᠡᠵᠤ᠂ ᠰᠠᠯᠠᠭ᠎ᠠ ᠮᠥᠴᠢᠷ ᠬᠤᠭᠤᠷᠤᠨᠳᠤ ᠪᠡᠨ ᠬᠠᠮᠵᠢᠯᠴᠠᠵᠤ᠂ ᠲᠦᠷᠦᠯ ᠵᠦᠢᠯ᠎ᠦᠨ ᠪᠣᠯᠪᠠᠰᠤᠷᠠᠩᠭᠤᠢ ᠪᠤᠯᠤᠬᠰᠠᠨ ᠬᠡᠮᠵᠢᠶ᠎ᠡ᠎ᠶᠢ ᠦᠨᠡᠨ ᠬᠦ᠌ ᠳᠡᠭᠡᠭᠰᠢᠯᠡᠭᠦᠯᠵᠦ᠂ ᠲᠦᠷᠦᠯ ᠵᠦᠢᠯ᠎ᠢ ᠡᠷᠲᠡ ᠨᠠᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠦᠷ᠎ᠡ ᠪᠦᠲᠦᠮᠵᠢ ᠣᠯᠬᠤ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠨᠡ ᠬᠦ᠌ ᠬᠥᠪᠴᠢ᠎ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠬᠤᠵᠤ᠂ ᠡᠳ᠋ ᠎ᠦᠨ ᠵᠠᠰᠠᠭ ᠮᠥᠩᠭᠥᠨ ᠭᠦᠢᠯᠭᠡᠭᠡᠨ ᠎ᠦ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠨᠡᠢᠭᠡᠮ᠎ᠦᠨ ᠶᠡᠬᠡ ᠲᠠᠯ᠎ᠠ᠎ᠶᠢᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠠᠯᠲᠠ ᠲᠡᠢ ᠬᠤᠷᠠᠯᠳᠤᠬᠤ᠎ᠳᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ ᠭᠡᠵᠤ ᠱᠠᠭᠠᠷᠳᠠᠪᠠ᠃

  ᠸᠠᠩ ᠪᠸᠨ ᠴᠢᠶᠠᠩ᠂ ᠴᠢ᠊ ᠪᠠᠲᠤ᠂ ᠵᠧᠩ ᠭᠤᠸᠠᠩ ᠵᠤᠤ᠂ ᠳᠠᠢ᠍ᠢᠴᠢᠨ᠂ ᠰᠦᠨ ᠵᠢᠶᠦ᠋ᠨ ᠴᠢᠩ᠂ ᠰᠦᠬᠡ ᠬᠤᠷᠠᠯ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面