ᠲᠡᠷᠢᠭᠦᠨ ᠨᠢᠭᠤᠷ>ᠴᠠᠭ ᠲᠦᠷᠦ>ᠣᠷᠣᠨ᠎ᠤ ᠣᠳᠣᠷᠢᠳᠣᠯᠭ᠎ᠠ

2026-11-26 10:35:43

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠌ᠷ᠎ᠠ᠎ᠶᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠤᠨ ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ ᠵᠢ ᠰᠤᠳᠤᠯᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ᠎ᠤᠨ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠳᠠᠬᠢ ᠨᠠᠮ᠎ᠤᠨ ᠪᠥᠬᠥ᠌ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠵᠤ᠂ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ᠎ᠪᠠᠷ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠬᠥᠲᠥᠯᠥᠨ ᠳᠠᠭᠠᠭᠤᠯᠬᠤ ᠬᠡᠷᠡᠭᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠪᠡᠷ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠥᠭᠡᠷᠡᠴᠢᠯᠡᠯᠲᠡ᠎ᠶᠢ ᠨᠠᠶ᠋ᠢᠳᠠᠪᠤᠷᠢᠵᠢᠭᠤᠯᠬᠤ᠎ᠶᠢ ᠰᠠᠶ᠋ᠢᠲᠤᠷ ᠠᠳᠬᠤᠵᠤ᠂ ᠤᠳᠤ ᠦᠶ᠎ᠡ᠎ᠶᠢᠨ ᠠᠵᠤ ᠠᠬᠤᠶ᠋ᠢᠯᠠᠯ᠎ᠤᠨ ᠲᠦᠷᠢᠮ᠎ᠢ ᠪᠦᠷᠢᠨᠰᠢᠬᠦᠯᠤᠨ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠲᠦᠷᠢᠮ᠎ᠢ ᠪᠣᠳᠠᠲᠠᠢ ᠠᠳᠬᠤᠵᠤ᠂ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠂ ᠭᠣᠣᠯ ᠪᠤᠰᠤ ᠠᠵᠢᠯ᠂ ᠳᠠᠪᠠᠭᠤᠯᠢᠭ ᠪᠤᠰᠤ ᠲᠤᠬᠠᠶ᠋ᠢᠯᠠᠭᠰᠠᠨ ᠠᠵᠢᠯ᠎ᠢ ᠢᠯᠭᠠᠷᠠᠭᠤᠯᠤᠨ ᠠᠷᠢᠯᠭᠠᠬᠤ ᠪᠠ ᠢᠵᠢᠯᠢᠰᠢᠭᠰᠡᠨ ᠲᠤᠬᠠᠶ᠋ᠢᠯᠠᠭᠰᠠᠨ ᠠᠵᠢᠯ᠎ᠢ ᠲᠠᠬᠢᠨ ᠵᠣᠬᠢᠶᠠᠨ ᠪᠠᠶ᠋ᠢᠭᠤᠯᠵᠤ ᠨᠡᠢᠳᠭᠡᠬᠦ ᠵᠢ ᠠᠬᠢᠭᠤᠯᠵᠤ᠂ ᠨᠢᠭᠡ ᠠᠵᠤ ᠠᠬᠤᠶ᠋ᠢᠯᠠᠯ᠎ᠳᠤ ᠨᠢᠭᠡ ᠲᠦᠷᠦ᠎ᠶᠢᠨ ᠪᠤᠳᠤᠯᠭ᠎ᠠ ᠵᠢ ᠬᠡᠷᠡᠭᠵᠢᠬᠦᠯᠵᠤ ᠠᠯᠳᠠᠭᠳᠠᠯ᠎ᠲᠠᠶ ᠪᠠᠶ᠋ᠢᠭᠰᠠᠨ᠎ᠡᠴᠡ ᠣᠯᠵᠠᠪᠤᠷᠢ᠎ᠲᠠᠶ ᠪᠣᠯᠬᠤ ᠠᠷᠭ᠎ᠠ ᠬᠡᠮᠵᠢᠶ᠎ᠡ᠎ᠶᠢ ᠰᠤᠳᠤᠯᠵᠤ᠂ ᠤᠯᠤᠰ᠎ᠤᠨ ᠥᠮᠴᠢᠯᠡᠯ᠎ᠦᠨ ᠬᠦᠷᠦᠨᠭᠭᠡ ᠪᠣᠯᠤᠨ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ᠌᠎ᠶᠢ ᠪᠦᠬᠦ᠌ ᠬᠦᠴᠦᠨ᠎ᠢᠶᠡᠷ ᠵᠢᠡᠨ  ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠎ᠡᠴᠡ ᠂ ᠥᠪᠡᠷᠲᠡᠭᠡᠨ  ᠵᠠᠰᠠᠬᠤ  ᠣᠷᠣᠨ ᠎ᠤ  ᠨᠠᠮ  ᠎ᠤᠨ   ᠬᠤᠷᠢᠶ᠎ᠠ  ᠵᠢᠨ  ᠠᠷᠪᠠᠨ ᠨᠢᠭᠡᠳᠦᠭᠡᠷ  ᠬᠤᠭᠤᠴᠠᠭᠠᠨ ᠎ᠤ   ᠠᠷᠪᠠᠨ  ᠭᠤᠷᠪᠠᠳᠤᠭᠠᠷ  ᠤᠳᠠᠭ᠎ᠠ   ᠵᠢᠨ  ᠪᠥᠬᠥᠳᠡ  ᠬᠤᠷᠠᠯ   ᠡᠴᠡ   ᠶᠡᠷᠦᠩᠬᠡᠶ   ᠱᠦᠵᠢ  ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠲᠣᠭᠲᠠᠭᠠᠯ᠎ᠢ ᠭᠠᠷᠭᠠᠪᠠ᠂ ᠵᠠᠰᠠᠭ᠎ᠤᠨ ᠣᠷᠳᠣᠨ᠎ᠤ ᠬᠢᠨ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠥᠶ ᠬᠠᠮᠠᠭᠠᠯᠠᠯᠲᠠ᠎ᠶᠢ ᠰᠠᠶ᠋ᠢᠲᠤᠷ ᠨᠢᠭᠡᠳᠦᠯᠲᠡᠶ ᠲᠥᠯᠥᠪᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠬᠤ ᠬᠡᠷᠡᠭᠲᠡᠶ; ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠰᠢᠨ᠎ᠦ ᠱᠠᠭᠠᠷᠳᠠᠯᠭ᠎ᠠ ᠶᠣᠰᠣᠭᠠᠷ᠂ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢ ᠢᠳᠡᠪᠬᠢᠲᠡᠶ ᠠᠬᠢᠭᠤᠯᠵᠤ᠂ ᠪᠤᠳᠤᠯᠲᠠ ᠵᠢᠨ ᠬᠦᠴᠦᠨ᠎ᠦ ᠳᠠᠪᠠᠭᠤᠯᠢᠭ᠎ᠢ ᠬᠥᠭᠵᠢᠯᠲᠡ᠎ᠶᠢᠨ ᠳᠠᠪᠠᠭᠤᠯᠢᠭ ᠪᠣᠯᠭᠠᠨ ᠲᠠᠰᠤᠷᠠᠯᠲᠠ ᠥᠬᠡᠶ ᠤᠯᠠᠷᠢᠭᠤᠯᠬᠤ ᠬᠡᠷᠡᠭᠲᠡᠢ; ᠭᠠᠷᠤᠯᠲᠠ ᠵᠢᠨ ᠬᠡᠮᠵᠢᠶ᠎ᠡ ᠪᠠ ᠦᠢᠯᠡᠳᠪᠦᠷᠢᠯᠡᠯ᠎ᠤᠨ ᠴᠢᠳᠠᠪᠤᠷᠢ᠂ ᠦᠢᠯᠡᠳᠪᠦᠷᠢᠯᠡᠯ ᠠᠮᠢ ᠠᠬᠤᠢ᠂ ᠤᠨᠠᠯᠳᠠ ᠪᠠ ᠣᠷᠣᠯᠭ᠎ᠠ᠎ᠶᠢ ᠨᠡᠮᠡᠭᠳᠡᠭᠦᠯᠬᠦ᠌᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠨᠡᠩ ᠰᠠᠶ᠋ᠢᠲᠤᠷ ᠪᠠᠲᠤᠯᠠᠵᠤ᠂ ᠮᠠᠯᠴᠢᠨ ᠲᠠᠷᠢᠶᠠᠴᠢᠨ᠎ᠢ ᠳᠠᠢ᠌ᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠨᠠᠮ ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠵᠢᠨ ᠴᠢᠬᠤᠯᠠ ᠴᠢᠨᠠᠷ ᠲᠤᠯᠭᠠᠮ ᠴᠢᠨᠠᠷ ᠎ᠤᠨ ᠲᠤᠬᠠᠢ ᠲᠠᠨᠢᠯᠲᠠ᠎ᠪᠠᠨ ᠴᠢᠨᠠᠭᠰᠢᠳᠠ ᠳᠡᠭᠡᠭᠰᠢᠯᠡᠭᠦᠯᠵᠦ᠍᠂ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠲᠤᠰ ᠪᠡᠶ᠎ᠡ᠎ᠶᠢᠨ ᠪᠠᠶ᠋ᠢᠭᠤᠯᠤᠯᠲᠠ ᠪᠠᠨ ᠴᠢᠩᠭᠠᠳᠬᠠᠵᠤ᠂ ᠨᠠᠮ᠎ᠤᠨ ᠤᠳᠤᠷᠢᠳᠤᠯᠭ᠎ᠠ᠎ᠶᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠬᠤ᠎ᠶᠢ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠠᠵᠢᠯ᠎ᠲᠠᠶ ᠬᠠᠮᠲᠤ᠎ᠪᠠᠷ ᠤᠬᠠᠭᠠᠯᠠᠨ ᠲᠦᠯᠦᠪᠯᠡᠵᠦ᠂ ᠵᠡᠷᠭᠡ᠎ᠳ᠋ᠤᠨᠢ ᠪᠠᠶ᠋ᠢᠷᠢᠯᠠᠭᠤᠯᠵᠤ᠂ ᠵᠡᠷᠭᠡ᠎ᠪᠡᠷ ᠠᠬᠢᠭᠤᠯᠬᠤ᠎ᠶᠢ ᠪᠡᠶᠡᠯᠡᠭᠦᠯᠬᠦ᠌ ᠬᠡᠷᠡᠭᠲᠡᠢ᠃ ᠡᠨᠧᠷᠭᠢ ᠵᠢᠨ ᠡᠬᠢ ᠪᠠᠶᠠᠯᠢᠭ᠂ ᠤᠯᠤᠰ᠎ᠤᠨ ᠥᠮᠴᠢᠯᠡᠯ ᠎ᠦᠨ ᠡᠳ᠋ ᠬᠦᠷᠦᠩᠭᠡ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠂ ᠲᠦᠷᠦᠯ ᠵᠦᠢᠯ᠎ᠢ ᠬᠢᠨᠠᠨ ᠵᠥᠪᠰᠢᠶᠡᠷᠡᠬᠦ᠌᠂ ᠪᠡᠯᠡ ᠮᠥᠩᠭᠥ᠌ ᠵᠢ ᠬᠤᠪᠢᠶᠠᠷᠢᠯᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠵᠡᠷᠭᠡ ᠭᠣᠣᠯᠳᠠᠯᠭ᠎ᠠ᠎ᠲᠠᠶ ᠬᠦᠷᠢᠢ᠎ᠡ ᠴᠠᠷᠠᠭ᠎ᠠ ᠪᠣᠯᠤᠨ ᠵᠠᠩᠭᠢᠯᠠᠭ᠎ᠠ᠎ᠶᠢᠨ ᠭᠣᠭᠴᠣᠭ᠎ᠠ᠎ᠶᠢ ᠴᠢᠩᠭ᠎ᠠ ᠠᠩᠬᠠᠷᠴᠤ᠌᠂ ᠡᠷᠬᠡ᠎ᠶᠢᠨ ᠠᠵᠢᠯᠯᠠᠭᠠᠨ᠎ᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠪᠠᠶ᠋ᠢᠩᠭᠤ ᠴᠡᠭᠴᠡᠯᠡᠨ ᠵᠠᠰᠠᠵᠤ᠂ ᠲᠦᠷᠢᠮ᠎ᠦᠨ ᠳᠤᠲᠠᠭᠤᠳᠠᠯ᠎ᠢ ᠨᠥᠬᠥᠪᠥᠷᠢᠯᠡᠵᠦ᠍᠂ ᠬᠢᠨᠠᠯᠲᠠ ᠬᠠᠮᠢᠶᠠᠷᠤᠯᠲᠠ᠎ᠶᠢᠨ ᠲᠠᠯ᠎ᠠ ᠵᠢᠨ ᠠᠯᠳᠠᠭᠳᠠᠯ᠎ᠢ᠎ᠨᠥᠬᠥᠪᠥᠷᠢᠯᠡᠵᠦ᠍᠂ ᠲᠥᠪ ᠭᠣᠣᠯᠴᠢ᠎ᠪᠠᠷ ᠡᠷᠬᠡ᠎ᠪᠡᠨ ᠬᠡᠷᠡᠭᠯᠡᠬᠦ᠌᠂ ᠬᠠᠤᠯᠢ ᠶᠣᠰᠣᠭᠠᠷ ᠡᠷᠬᠡ᠎ᠪᠡᠨ ᠬᠡᠷᠡᠭᠯᠡᠬᠦ᠌᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠯᠡᠬᠦ᠌᠎ᠶᠢ ᠪᠡᠶᠡᠯᠡᠭᠦᠯᠬᠦ᠌ ᠬᠡᠷᠡᠭᠲᠡᠢ᠃ ᠡᠨᠡ ᠵᠢᠯ᠎ᠦᠨ ᠰᠡᠭᠦᠯᠴᠢ ᠢᠷᠡᠬᠦ ᠵᠢᠯ᠎ᠦᠨ ᠡᠬᠢᠨ᠎ᠦ ᠡᠯ᠎ᠡ ᠵᠦᠢᠯ᠎ᠦᠨ ᠠᠵᠢᠯ᠎ᠢ ᠰᠠᠶ᠋ᠢᠲᠤᠷ ᠬᠢᠵᠦ᠍᠂ ᠠᠵᠤ ᠠᠬᠤᠢ᠎ᠶᠢᠨ ᠡᠷᠭᠢᠯᠲᠡ᠎ᠶᠢᠨ ᠲᠤᠬᠠᠢ ᠵᠠᠳᠠᠯᠤᠯᠲᠠ ᠬᠢᠬᠦ᠎ᠶᠢ ᠴᠢᠩᠭᠠᠳᠬᠠᠵᠤ᠂ ᠠᠵᠤ ᠠᠬᠤᠶ᠋ᠢᠯᠠᠯ᠎ᠢ ᠰᠠᠨᠠᠭᠠᠴᠢᠯᠠᠭ᠎ᠠ᠎ᠡᠴᠡ᠎ᠪᠠᠨ ᠬᠠᠪᠰᠤᠷᠤᠨ ᠬᠦᠴᠢᠷ ᠠᠰᠠᠭᠤᠳᠠᠯ᠎ᠢ ᠨᠢ ᠰᠢ᠌ᠳᠪᠦᠷᠢᠯᠡᠨ ᠪᠣᠳᠠᠲᠤ᠌ ᠶᠠᠪᠤᠳᠠᠯ ᠬᠢᠵᠦ᠍ ᠥᠭᠴᠦ᠍᠂ ᠨᠢᠭᠡ ᠪᠦᠯᠦᠭ ᠥᠪᠡᠷᠮᠢᠴᠡ ᠣᠨᠴᠠᠯᠢᠭ᠎ᠲᠠᠶ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ᠎ᠶᠢ ᠤᠬᠠᠭᠠᠯᠠᠨ ᠲᠦᠯᠦᠪᠯᠡᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠣᠯᠤᠨ ᠠᠮᠤᠷ ᠲᠦᠪᠰᠢᠨ ᠲᠣᠭᠲᠠᠭᠤᠨ᠎ᠢ ᠪᠣᠳᠠᠲᠠᠢ ᠠᠳᠬᠤᠨ ᠨᠠᠷᠢᠯᠢᠭ ᠠᠳᠬᠤᠵᠤ᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠶᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠶ᠋ᠢᠬᠠᠨ ᠡᠬᠢᠯᠡᠯᠲᠡ᠎ᠶᠢ ᠪᠡᠶᠡᠯᠡᠭᠦᠯᠬᠦ᠌ ᠬᠡᠷᠡᠭᠲᠡᠢ ᠭᠡᠵᠦ᠍ ᠵᠢᠭᠠᠵᠤ ᠭᠠᠷᠭᠠᠪᠠ᠃

 ᠬᠤᠷᠠᠯ᠎ᠡᠴᠡ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠂ 《ᠬᠦᠯᠦᠨ ᠨᠠᠭᠤᠷ ᠤᠯᠠᠭᠠᠨᠰᠤᠬᠠᠢ ᠲᠠᠭ᠎ᠠ ᠵᠢᠨ ᠨᠠᠭᠤᠷ》᠂ ᠴᠠᠭᠠᠨᠨᠠᠭᠤᠷ᠎ᠤᠨ ᠠᠮᠢ ᠠᠬᠤᠶ᠎ᠶᠢᠨ ᠬᠠᠮᠠᠭᠠᠯᠠᠯᠲᠠ ᠵᠠᠰᠠᠯᠲᠠ ᠵᠢᠴᠢ ᠲᠥᠪ᠎ᠦᠨ ᠲᠣᠭᠣᠷᠢᠨ ᠪᠠᠶ᠋ᠢᠴᠠᠭᠠᠯᠲᠠ᠂ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠶ᠋ᠢᠴᠠᠭᠠᠯᠲᠠ᠎ᠳᠤ ᠵᠢᠭᠠᠵᠤ ᠭᠠᠷᠭᠠᠭᠰᠠᠨ ᠬᠠᠮᠢᠶ᠎ᠠ ᠪᠦᠬᠦᠢ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠎ᠤᠨ ᠬᠠᠷᠢᠭᠤ ᠮᠡᠳᠡᠭᠦᠯᠦᠯᠲᠡ ᠵᠢ ᠰᠤᠨᠤᠰᠴᠤ᠂ ᠬᠢᠬᠢᠷᠢ ᠵᠢᠨ ᠨᠠᠭᠤᠷ᠎ᠤᠨ ᠠᠮᠢ ᠠᠬᠤᠶ᠎ᠶᠢᠨ ᠰᠢᠰᠲ᠋ᠧᠮ ᠎ᠢ ᠠᠶᠠᠨᠳᠠᠭᠠᠨ ᠰᠡᠷᠭᠦᠭᠡᠨ ᠳᠡᠭᠡᠭᠰᠢᠯᠡᠭᠦᠯᠬᠦ᠌ ᠠᠵᠢᠯ᠎ᠢ ᠰᠤᠳᠤᠯᠵᠤ᠂ ᠢᠮᠠᠭᠲᠠ ᠤᠯᠤᠰ ᠲᠦᠷᠦ᠎ᠶᠢ ᠡᠷᠬᠢᠮᠯᠡᠬᠦ᠌ ᠦᠨᠳᠦᠷᠴᠡ ᠡᠴᠡ ᠴᠡᠭᠴᠡᠯᠡᠨ ᠰᠠᠶ᠋ᠢᠵᠢᠷᠠᠭᠤᠯᠬᠤ᠎ᠶᠢ ᠠᠳᠬᠤᠵᠤ᠂ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠴᠢᠨᠠᠭᠰᠢᠳᠠ ᠴᠢᠩᠭᠠᠷᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠎ᠶᠢ ᠨᠠᠷᠢᠯᠢᠬᠵᠢᠭᠤᠯᠵᠤ᠂ ᠴᠡᠭᠴᠡᠯᠡᠨ ᠰᠠᠶ᠋ᠢᠵᠢᠷᠠᠭᠤᠯᠬᠤ ᠶᠠᠰᠤ ᠴᠢᠨᠠᠷ᠎ᠢ ᠦᠨᠡᠨ ᠬᠦ᠌ ᠪᠠᠲᠤᠯᠠᠵᠤ᠂ ᠲᠦᠷᠭᠡᠨ ᠬᠢᠵᠦ ᠲᠡᠢᠯᠬᠦ ᠵᠢ ᠨᠢ ᠤᠳᠠᠭᠠᠰᠢᠷᠠᠭᠤᠯᠵᠤ ᠪᠣᠯᠬᠤ ᠦᠭᠡᠢ᠂ ᠴᠠᠭ᠎ᠤᠨ ᠬᠢᠵᠠᠭᠠᠷ᠎ᠢ ᠦᠯᠦ᠍ ᠬᠤᠢᠰᠢᠯᠠᠭᠤᠯᠬᠤ᠂ ᠪᠠᠷᠢᠮᠵᠢᠶ᠎ᠠ ᠵᠢ ᠪᠠᠭᠤᠷᠠᠭᠤᠯᠬᠤ ᠦᠭᠡᠢ᠂ ᠢᠯᠡᠷᠡᠭᠰᠡᠨ ᠠᠰᠠᠭᠤᠳᠠᠯ᠎ᠢ ᠰᠢᠢᠳᠪᠦᠷᠢᠯᠡᠨ ᠲᠠᠭᠤᠰᠬᠠᠬᠤ ᠵᠢ ᠪᠡᠶᠡᠯᠡᠭᠦᠯᠵᠦ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠲᠠᠯ᠎ᠠ ᠪᠡᠷ ᠬᠠᠷᠢᠭᠤᠴᠠᠯᠭ᠎ᠠ ᠦᠯᠦ ᠡᠭᠦᠷᠭᠡᠯᠡᠬᠦ᠌᠂ ᠠᠵᠢᠯ ᠦᠯᠦ ᠬᠢᠬᠦ᠂ ᠤᠳᠠᠭᠠᠨ ᠬᠢᠬᠦ ᠪᠠ ᠴᠡᠭᠴᠡᠯᠡᠨ ᠰᠠᠢᠵᠢᠷᠠᠭᠤᠯᠬᠤ ᠠᠵᠢᠯ᠎ᠢ  ᠬᠠᠭᠤᠷᠮᠠᠭᠯᠠᠨ ᠵᠣᠬᠢᠶᠠᠬᠤ ᠵᠡᠷᠭᠡ ᠠᠰᠠᠭᠤᠳᠠᠯ᠎ᠳᠤ ᠲᠦᠷᠢᠮ ᠲᠣᠭᠲᠠᠭᠠᠯ ᠰᠠᠬᠢᠯᠭ᠎ᠠ ᠪᠠᠲᠤ᠌ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠨᠡᠶ᠋ᠢᠲᠡᠴᠢ ᠴᠢᠨᠠᠷᠲᠠᠶ ᠠᠰᠠᠭᠤᠳᠠᠯ᠂ ᠭᠦᠨ ᠳᠠᠪᠬᠤᠷᠭ᠎ᠠ ᠎ᠶᠢᠨ ᠠᠰᠠᠭᠤᠳᠠᠯ ᠎ᠤᠨ ᠡᠭᠦᠰᠦᠭᠰᠡᠨ ᠦᠨᠳᠦᠰᠦ ᠰᠤᠷᠪᠤᠯᠵᠢ᠎ᠶᠢ ᠭᠦᠨᠵᠡᠭᠡᠶ ᠠᠭᠤᠳᠠᠯᠵᠤ᠂ ᠨᠢᠭᠡ᠎ᠡᠴᠡ ᠵᠦᠢᠴᠢᠯᠡᠨ ᠨᠥᠭᠥᠭᠡ᠎ᠶᠢ ᠮᠡᠳᠡᠵᠦ᠍᠂ ᠬᠠᠨᠳᠤᠯᠭᠠᠲᠤ᠌ ᠴᠢᠨᠠᠷᠲᠠᠶ᠎ᠪᠠᠷ ᠣᠷᠳᠣ ᠬᠤᠭᠤᠴᠠᠭᠠᠨ᠎ᠤ ᠪᠦᠲᠦᠮᠵᠢᠲᠤ ᠲᠣᠭᠲᠠᠴᠠ ᠎ᠶᠢ ᠪᠦᠷᠢᠨᠰᠢᠬᠦᠯᠵᠦ᠍᠂ ᠮᠠᠨ ᠎ᠤ ᠣᠷᠣᠨ ᠎ᠤ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠶᠢᠨ ᠰᠢᠰᠲ᠋ᠧᠮ ᠪᠣᠯᠤᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠪᠥᠬᠥ᠌ ᠲᠠᠯ᠎ᠠ᠎ᠪᠠᠷ ᠳᠡᠭᠡᠭᠰᠢᠯᠡᠭᠦᠯᠬᠦ᠌ ᠬᠡᠷᠡᠭᠲᠡᠶ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面