2026-11-29 00:11:40
11 ᠰᠠᠷ᠎ᠠ᠎ᠶᠢᠨ 28 ᠤ᠋ ᠦᠳᠡ᠎ᠶᠢᠨ ᠬᠣᠢᠨ᠎ᠠ᠂ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠤᠯᠠᠭᠠᠨᠬᠠᠳᠠ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠶᠠᠷᠢᠯᠴᠠᠬᠤ᠎ᠳᠤ ᠣᠷᠣᠯᠴᠠᠪᠠ᠃ ᠲᠡᠷᠡ᠂ ᠤᠯᠠᠭᠠᠨᠬᠠᠳᠠ ᠬᠣᠲᠠ ᠵᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠬᠠᠷᠠᠯᠲᠠ ᠡᠭᠦᠷᠭᠡ᠎ᠪᠡᠨ ᠪᠠᠳᠤ ᠡᠵᠡᠮᠳᠡᠵᠤ᠂ ᠢᠯᠠᠯᠲᠠ᠎ᠶᠢᠨ ᠡᠷᠴᠢᠨ ᠳᠡᠭᠡᠷ᠎ᠡ ᠪᠣᠭᠣᠮᠲᠠ ᠰᠢᠪᠲᠤᠯᠤᠨ ᠤᠷᠤᠭᠰᠢᠯᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ ᠪᠣᠯᠣᠨ ᠨᠠᠮ᠎ᠤᠨ ᠪᠠᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠢ ᠯᠠᠪᠳᠠᠭᠤᠨ ᠬᠦᠴᠦᠲᠡᠢ ᠰᠠᠢᠲᠤᠷ ᠬᠢᠵᠦ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ ᠢ᠋ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃

11 ᠰᠠᠷ᠎ᠠ᠎ᠶᠢᠨ 28 ᠤ᠋ ᠦᠳᠡ᠎ᠶᠢᠨ ᠬᠣᠢᠨ᠎ᠠ᠂ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠤᠯᠠᠭᠠᠨᠬᠠᠳᠠ ᠬᠤᠳᠠ ᠶᠢᠨ ᠲᠥᠯᠥᠭᠡᠯᠡᠭᠴᠢᠳ ᠦ᠋ᠨ ᠪᠦᠯᠬᠦᠮ᠎ᠦᠨ ᠶᠠᠷᠢᠯᠴᠠᠬᠤ᠎ᠳᠤ ᠣᠷᠣᠯᠴᠠᠪᠠ᠃
ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠤᠯᠠᠭᠠᠨᠬᠠᠳᠠ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ ᠤ᠋ᠨ ᠺᠠᠩ ᠶᠦᠩ ᠴᠢᠶᠠᠩ᠂ ᠰᠢᠦᠢ ᠯᠢ ᠵᠢᠶᠦ᠋ᠨ᠂ ᠵᠠᠩ ᠸᠸᠨ ᠽᠧ᠂ ᠰᠥᠩ ᠵᠠᠨ ᠶᠢᠩ᠂ ᠼᠠᠢ ᠢᠦᠢ ᠴᠧᠩ ᠵᠡᠷᠭᠡ ᠲᠥᠯᠥᠭᠡᠯᠡᠭᠴᠢ ᠤᠷᠢᠳ ᠬᠣᠵᠢᠳ ᠦᠭᠡ ᠬᠡᠯᠡᠪᠡ᠃ ᠸᠠᠩ ᠸᠧᠢ ᠵᠦᠩ ᠲᠥᠯᠥᠭᠡᠯᠡᠭᠴᠢᠳ᠎ᠦᠨ ᠬᠡᠯᠡᠬᠦ᠎ᠶᠢ ᠨᠠᠷᠢᠨ ᠬᠢᠨᠠᠮᠠᠭᠠᠢ ᠰᠣᠨᠣᠰᠴᠤ᠂ ᠪᠠᠢᠨ ᠪᠠᠢᠨ ᠠᠰᠠᠭᠤᠯᠳᠠ ᠠᠰᠠᠭᠤᠵᠤ᠂ ᠤᠯᠠᠨ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
ᠸᠠᠩ ᠸᠧᠢ ᠵᠦᠩ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠡᠳᠬᠡᠯ᠎ᠳᠦ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠡᠴᠡ ᠨᠠᠭᠠᠰᠢᠬᠢ ᠠᠵᠢᠯ᠎ᠤᠨ ᠠᠮᠵᠢᠯᠲᠠ ᠪᠦᠲᠦᠮᠵᠢ᠎ᠶᠢ ᠡᠷᠭᠢᠴᠡᠭᠦᠯᠵᠦ᠂ ᠬᠣᠢᠰᠢᠳᠠ᠎ᠶᠢᠨ ᠲᠠᠪᠤᠨ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠲᠡᠮᠡᠴᠡᠬᠦ ᠬᠠᠷᠠᠯᠲᠠ ᠪᠣᠯᠣᠨ ᠭᠣᠣᠯᠳᠠᠯᠭ᠎ᠠ᠎ᠲᠠᠢ ᠡᠭᠦᠷᠭᠡ᠎ᠶᠢ ᠵᠢᠷᠤᠭᠯᠠᠪᠠ᠃ ᠥᠩᠭᠡᠷᠡᠭᠰᠡᠨ ᠲᠠᠪᠤᠨ ᠵᠢᠯ᠎ᠳᠦ᠂ ᠤᠯᠠᠭᠠᠨᠬᠠᠳᠠ ᠬᠣᠲᠠ᠎ᠶᠢᠨ ᠡᠯ᠎ᠡ ᠲᠥᠷᠥᠯ᠎ᠦᠨ ᠠᠵᠢᠯ ᠪᠠᠶᠠᠷᠯᠠᠭᠤᠰᠢᠲᠠᠢ ᠠᠮᠵᠢᠯᠲᠠ ᠣᠯᠪᠠ᠃ ᠤᠯᠠᠭᠠᠨᠬᠠᠳᠠ ᠪᠣᠯ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠢᠬᠤᠯᠠ ᠭᠠᠵᠠᠷ ᠤᠷᠤᠨ ᠮᠥᠨ᠂ ᠪᠥᠬᠥ ᠬᠣᠲᠠ᠎ᠶᠢᠨ ᠡᠯ᠎ᠡ ᠱᠠᠲᠤᠨ᠎ᠤ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠪᠥᠬᠥ ᠣᠷᠣᠨ᠎ᠤ ᠬᠥᠭᠵᠢᠯᠲᠡ᠎ᠳᠦ ᠬᠡᠷᠡᠯ ᠭᠢᠯᠪᠠᠭ᠎ᠠ ᠨᠡᠮᠡᠷᠢᠯᠡᠬᠦ᠎ᠪᠡᠷ ᠴᠢᠷᠮᠠᠢᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠪᠦᠬᠦ ᠤᠯᠤᠰ ᠤ᠋ᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠬᠣᠲᠠ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠳᠦᠷᠢᠮ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠬᠠᠮᠲᠤ᠎ᠪᠠᠷ ᠪᠦᠯᠬᠦᠮᠳᠡᠨ ᠲᠡᠮᠡᠴᠡᠵᠤ᠂ ᠬᠠᠮᠲᠤ᠎ᠪᠠᠷ ᠴᠡᠴᠡᠭᠯᠡᠨ ᠬᠥᠭᠵᠢᠵᠤ᠂ ᠬᠤᠩᠱᠠᠨ ᠰᠣᠶᠣᠯ᠎ᠢ ᠰᠤᠳᠤᠯᠤᠨ ᠲᠠᠢᠯᠪᠤᠷᠢᠯᠠᠬᠤ ᠪᠠ ᠤᠬᠠᠭᠤᠯᠤᠨ ᠲᠠᠨᠢᠯᠴᠠᠭᠤᠯᠬᠤ᠎ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ᠎ᠲᠤ ᠬᠠᠨᠳᠤᠭᠤᠯᠤᠭᠰᠠᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠡᠯᠭᠡᠨ ᠦᠵᠡᠭᠦᠯᠬᠦ ᠬᠥᠮᠦᠵᠢᠯ᠎ᠢ ᠰᠠᠢᠲᠤᠷ ᠠᠳᠬᠤᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ 《ᠲᠠᠪᠤᠨ ᠬᠠᠮᠳᠤ ᠵᠢᠨ ᠲᠠᠨᠢᠯᠳᠠ》 ᠵᠢ ᠲᠠᠰᠤᠷᠠᠯᠲᠠ ᠦᠭᠡᠢ ᠨᠡᠮᠡᠭᠳᠡᠭᠦᠯᠵᠤ᠂ ᠨᠡᠩ ᠤᠬᠠᠮᠰᠠᠷ ᠡᠴᠡ ᠪᠠᠨ ᠶᠡᠷᠦᠩᠬᠡᠢ ᠱᠦᠵᠢ ᠰᠢ ᠵᠢᠨ ᠫᠢᠩ᠎ᠤᠨ ᠵᠢᠭᠠᠬᠰᠠᠨ ᠴᠢᠭᠯᠡᠯ᠎ᠢᠶᠡᠷ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠌ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠵᠤ᠂ ᠰᠢ ᠵᠢᠨ ᠫᠢᠩ᠎ᠦᠨ ᠠᠮᠢ ᠠᠬᠤᠶ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠶ ᠦᠢᠯᠡᠳᠦᠯᠭᠡᠵᠢᠭᠦᠯᠵᠦ᠍᠂ ᠨᠡᠭᠦᠷᠡᠰᠦᠲᠦ᠋ᠷᠥᠭᠴᠢᠶᠢ ᠪᠠᠭᠠᠰᠬᠠᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠌᠂ ᠨᠡᠮᠡᠭᠳᠡᠯ᠎ᠢ ᠪᠠᠶᠠᠯᠡᠬᠦᠯᠬᠦ ᠵᠢ ᠬᠠᠮᠵᠢᠯᠴᠠᠭᠤᠯᠤᠨ ᠠᠬᠢᠭᠤᠯᠵᠤ᠂ ᠪᠣᠬᠢᠷᠲᠤᠯ ᠥᠬᠡᠶ ᠵᠢᠨ ᠮᠡᠷᠭᠡᠵᠢᠯ ᠬᠢᠭᠡᠳ ᠣᠲᠣ ᠦᠶ᠎ᠡ᠎ᠶᠢᠨ ᠮᠠᠯ ᠠᠵᠤ ᠠᠬᠤᠶ ᠲᠠᠷᠢᠶᠠᠯᠠᠩ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠭᠤᠷᠬᠠᠶ ᠮᠠᠯᠲᠠᠬᠤ᠂ ᠲᠡᠮᠦᠷᠯᠢᠭ ᠬᠠᠢᠯᠤᠭᠤᠯᠬᠤ ᠵᠡᠷᠭᠡ ᠭᠤᠤᠯᠳᠠᠯᠭ᠎ᠠ᠎ᠲᠠᠶ ᠠᠵᠤ ᠦᠢᠯᠡᠰ᠎ᠦᠨ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠌᠎ᠶᠢ ᠠᠬᠢᠭᠤᠯᠵᠤ᠂ ᠪᠥᠬᠥ᠌ ᠤᠯᠤᠰ᠎ᠤᠨ ᠴᠢᠬᠤᠯᠠ ᠳᠡᠭᠡᠳᠦ ᠲᠠᠰ᠎ᠤᠨ ᠥᠩᠭᠡᠲᠦ᠍ ᠲᠡᠮᠦᠷᠯᠢᠭ᠎ᠦᠨ ᠠᠵᠤ ᠦᠢᠯᠡᠰ᠎ᠦᠨ ᠲᠥᠪᠯᠡᠷᠡᠭᠰᠡᠨ ᠣᠷᠣᠨ᠎ᠢ ᠬᠦᠴᠦᠯᠡᠨ ᠴᠣᠭᠴᠠᠯᠠᠵᠤ᠂ ᠪᠣᠬᠢᠷᠲᠤᠯ ᠥᠬᠡᠶ ᠤᠰᠤᠲᠦ᠋ᠷᠥᠭᠴᠢ ᠰᠢᠪᠲᠦᠷ ᠠᠯᠺᠣᠣᠯ ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠤᠵᠠᠭᠠᠶ᠋ᠢᠷᠠᠭᠤᠯᠵᠤ᠂ ᠤᠰᠤᠲᠦ᠋ᠷᠥᠭᠴᠢ ᠡᠨᠧᠷᠭᠢ᠎ᠶᠢᠨ ᠮᠢᠩᠭᠠᠨ ᠳ᠋ᠦᠩᠰᠢᠭᠤᠷ ᠲᠠᠰ᠎ᠤᠨ ᠠᠵᠤ ᠦᠢᠯᠡᠰ᠎ᠦᠨ ᠬᠡᠯᠬᠢᠶ᠎ᠡ᠎ᠶᠢ ᠬᠦᠴᠦᠯᠡᠨ ᠴᠣᠭᠴᠠᠯᠠᠬᠤ ᠬᠡᠷᠡᠭᠲᠡᠶ᠃ ᠠᠮᠢ ᠠᠬᠤᠶ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ᠂ ᠮᠠᠯ ᠪᠡᠯᠴᠢᠭᠡᠷ᠎ᠢ ᠲᠡᠩᠴᠡᠭᠦᠷᠢ ᠲᠡᠶ ᠪᠠᠶ᠋ᠢᠯᠭᠠᠬᠤ ᠪᠠ ᠪᠡᠯᠴᠢᠭᠡᠷᠯᠡᠭᠦᠯᠬᠦ᠌᠎ᠶᠢ ᠴᠠᠭᠠᠵᠠᠯᠠᠵᠤ ᠪᠡᠯᠴᠢᠭᠡᠷ᠎ᠢ ᠠᠮᠠᠷᠠᠭᠤᠯᠬᠤ ᠵᠡᠷᠭᠡ ᠲᠦᠷᠢᠮ᠎ᠢ ᠴᠢᠩᠭ᠎ᠠ ᠬᠡᠷᠡᠭᠵᠢᠭᠦᠯᠵᠦ᠍᠂ ᠬᠣᠷᠴᠢᠨ᠎ᠤ ᠡᠯᠡᠰᠦᠷᠭᠡᠭ ᠭᠠᠵᠠᠷ ᠪᠠ ᠬᠤᠯᠠᠨ ᠰᠢᠷᠭ᠎ᠠ ᠲᠠᠭ᠎ᠠ᠎ᠶᠢᠨ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠲᠡᠶ᠋ᠢᠯᠠᠯᠳᠤᠭᠠᠨ ᠤ᠋ ᠢᠯᠠᠯᠲᠠ᠎ᠶᠢ ᠡᠷᠡᠰ ᠲᠡᠮᠡᠴᠡᠨ ᠣᠯᠵᠤ᠂ ᠯᠤᠤᠬ᠎ᠠ᠎ᠶᠢᠨ ᠭᠤᠤᠯ᠂ ᠲᠡᠯᠡᠢᠨᠠᠭᠤᠷ ᠵᠡᠷᠭᠡ ᠵᠢᠨ ᠵᠠᠰᠠᠯᠲᠠ᠎ᠶᠢ ᠴᠢᠩᠭᠠᠳᠬᠠᠵᠤ᠂ ᠭᠠᠵᠠᠷ ᠳᠤᠤᠷᠠᠬᠢ ᠤᠰᠤ᠎ᠶᠢ ᠬᠡᠲᠦᠷᠡᠲᠡᠯ᠎ᠡ ᠲᠠᠲᠠᠬᠤ᠎ᠶᠢ ᠶᠡᠷᠦᠩᠬᠡᠶ᠋ᠢᠯᠡᠨ ᠵᠠᠰᠠᠬᠤ ᠪᠠ ᠤᠰᠤ ᠠᠷᠪᠢᠯᠠᠬᠤ ᠮᠡᠷᠭᠡᠵᠢᠯ᠎ᠦᠨ ᠬᠡᠷᠡᠭᠯᠡᠯᠲᠡ᠎ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠬᠥᠮᠦᠰ᠎ᠦᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠶᠢ ᠭᠦᠨᠵᠡᠭᠡᠶ᠋ᠢᠷᠡᠭᠦᠯᠬᠦ ᠭᠡᠷᠡᠭᠳᠠᠢ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠵᠤ᠂ ᠺᠠᠳ᠋ᠷ᠎ᠤᠨ ᠡᠩᠨᠡᠭᠡᠨ᠎ᠦ ᠪᠠᠶ᠋ᠢᠭᠤᠯᠤᠯᠲᠠ᠎ᠶᠢ ᠴᠢᠩᠭᠠᠳᠬᠠᠵᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠬᠤ᠎ᠶᠢ ᠵᠣᠷᠢᠭᠵᠢᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠍᠂ ᠴᠥᠬᠥᠷᠡᠰᠢ ᠦᠭᠡᠢ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ᠂ ᠢᠯᠵᠢᠷᠡᠬᠦ᠎ᠡᠴᠡ ᠵᠢᠷᠦᠬᠡᠰᠢᠶᠡᠬᠦ᠌ ᠢᠯᠵᠢᠷᠠᠵᠤ ᠪᠣᠯᠬᠤ ᠦᠭᠡᠢ ᠢᠯᠵᠢᠷᠡᠬᠦ᠎ᠶᠢ ᠪᠤᠳᠤᠬᠤ ᠦᠭᠡᠢ ᠪᠠᠶ᠋ᠢᠬᠤ᠎ᠶᠢ ᠨᠢᠭᠡ ᠴᠤᠬᠴᠠᠵᠢᠭᠤᠯᠤᠨ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ ᠪᠣᠭᠣᠮᠲᠠ ᠰᠢᠪᠲᠤᠯᠬᠤ ᠰᠢ᠌ᠳᠪᠦᠷᠢᠲᠦ᠍ ᠳᠠᠶ᠋ᠢᠯᠠᠯᠳᠤᠭᠠᠨ ᠢ᠋ ᠰᠠᠶ᠋ᠢᠲᠤᠷ ᠬᠢᠵᠦ᠍ ᠢᠯᠠᠯᠲᠠ ᠣᠯᠵᠤ᠂ ᠰᠢᠨ᠎ᠡ ᠴᠠᠭ ᠦᠶ᠎ᠡ᠎ᠶᠢᠨ ᠠᠷᠢᠭᠤᠨ ᠴᠢᠬᠡᠴᠢ ᠵᠢᠨ ᠰᠣᠶᠣᠯ᠎ᠤᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠭᠡᠰᠢᠭᠦᠨ ᠺᠠᠳ᠋ᠷ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠤᠬᠳᠤ ᠰᠤᠯᠠᠷᠠᠭᠤᠯᠤᠯ ᠦᠭᠡᠢ ᠴᠢᠩᠭᠠᠳᠬᠠᠵᠤ᠂ ᠨᠠᠮ᠎ᠤᠨ ᠰᠢᠨ᠎ᠡ ᠡᠬᠦᠳᠤᠯᠳᠠ ᠵᠢᠨ ᠤᠨᠤᠯ᠎ᠢᠶᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ᠎ᠶᠢ ᠱᠤᠭᠤᠵᠤ᠂ ᠰᠤᠷᠤᠯᠴᠠᠯᠭ᠎ᠠ ᠵᠢ ᠶᠡᠬᠡᠪᠡᠷ ᠠᠳᠬᠤᠵᠤ᠂ ᠭᠦᠨᠵᠡᠭᠡᠢ ᠪᠠᠶ᠋ᠢᠴᠠᠭᠠᠨ ᠰᠤᠳᠤᠯᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠶ᠋ᠢᠵᠤ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠵᠦ᠍᠂ ᠪᠠᠲᠤ᠌ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭᠲᠡᠢ ᠭᠡᠵᠤ ᠵᠢᠭᠠᠵᠤ ᠭᠠᠷᠭᠠᠪᠠ᠃
ᠸᠠᠩ ᠸᠧᠢ ᠵᠦᠩ᠂ ᠵᠢᠯ᠎ᠤᠨ ᠡᠴᠦᠰ ᠤᠨ᠎ᠤ ᠡᠬᠢ ᠵᠢ ᠤᠬᠳᠤᠵᠤ ᠪᠠᠢᠨ᠎ᠠ᠂ ᠠᠵᠤ ᠠᠬᠤᠢ᠎ᠶᠢᠨ ᠡᠷᠭᠢᠯᠲᠡ᠎ᠶᠢᠨ ᠲᠤᠬᠢᠷᠠᠭᠤᠯᠤᠯᠳᠠ᠎ᠶᠢ ᠴᠢᠩᠭᠠᠳᠬᠠᠵᠤ᠂ ᠪᠦᠬᠦ᠌ ᠵᠢᠯ᠎ᠦᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠶᠢ ᠦᠨᠡᠨ ᠬᠦ᠌ ᠪᠠᠲᠤᠯᠠᠵᠤ᠂ ᠢᠷᠡᠬᠦ᠌ ᠵᠢᠯ᠎ᠦᠨ ᠭᠣᠣᠯᠳᠠᠯᠭ᠎ᠠ᠎ᠲᠠᠶ ᠠᠵᠢᠯ᠎ᠢᠶᠠᠨ ᠡᠷᠲᠡᠬᠡᠨ ᠤᠬᠠᠭᠠᠯᠠᠨ ᠲᠦᠯᠦᠪᠯᠡᠬᠦ ᠬᠡᠷᠡᠭᠲᠡᠢ᠃ ᠬᠦᠴᠢᠷᠳᠡᠯᠲᠡᠶ ᠣᠯᠠᠨ ᠲᠦᠮᠡᠨ᠎ᠢ ᠬᠠᠪᠰᠤᠷᠤᠨ ᠲᠡᠳᠬᠦᠬᠦ᠌᠂ ᠲᠠᠸᠠᠷ᠎ᠤᠨ ᠬᠠᠩᠭᠠᠯᠭ᠎ᠠ᠎ᠶᠢ ᠪᠠᠲᠤᠯᠠᠵᠤ ᠦᠨ᠎ᠡ ᠬᠠᠩᠰᠢ᠎ᠶᠢ ᠲᠣᠭᠲᠠᠪᠤᠷᠢᠵᠢᠭᠤᠯᠬᠤ᠂ ᠳᠤᠯᠠᠭᠠᠯᠠᠭ᠎ᠠ᠎ᠶᠢ ᠪᠠᠲᠤᠯᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ᠌ ᠰᠠᠬᠢᠬᠤ ᠬᠡᠷᠡᠭᠲᠡᠶ᠃ 《ᠴᠠᠭ ᠢᠮᠠᠭᠲᠠ ᠰᠡᠨᠠᠭ᠎ᠠ ᠠᠮᠤᠷ ᠦᠭᠡᠢ ᠪᠠᠶ᠋ᠢᠬᠤ》 ᠬᠠᠷᠢᠭᠤᠴᠠᠯᠭᠠᠲᠤ᠌ ᠰᠡᠳᠬᠢᠯᠭᠡ᠎ᠪᠡᠷ ᠠᠶᠤᠯᠭᠦᠢ ᠦᠢᠯᠡᠳᠪᠦᠷᠢᠯᠡᠯ᠎ᠢ ᠰᠠᠶ᠋ᠢᠲᠤᠷ ᠠᠳᠬᠤᠵᠤ᠂ ᠨᠡᠶ᠋ᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄ ᠢᠳᠡᠷᠡᠬᠦᠨ ᠡᠷᠳᠡᠨᠢᠪᠤᠯᠠᠭ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃