2026-11-29 00:12:11
ᠸᠠᠩ ᠸᠧᠢ ᠵᠥᠩ ᠬᠤᠷᠠᠯ᠎ᠢ ᠡᠷᠭᠢᠯᠡᠵᠡᠢ
11 ᠰᠠᠷ᠎ᠠ᠎ᠶᠢᠨ 28 ᠤ᠋ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ ᠭᠤᠷᠪᠠᠳᠤᠭᠠᠷ ᠤᠳᠠᠭ᠎ᠠ᠎ᠶᠢᠨ ᠬᠤᠷᠠᠯ ᠬᠢᠪᠡ᠃
ᠸᠠᠩ ᠸᠧᠢ ᠵᠥᠩᠢ ᠬᠤᠷᠠᠯ ᠡᠷᠭᠢᠯᠡᠵᠡᠢ᠃
ᠬᠤᠷᠠᠯ᠎ᠡᠴᠡ ᠡᠯ᠎ᠡ ᠲᠥᠯᠥᠭᠡᠯᠡᠭᠴᠢᠳ᠎ᠦᠨ ᠪᠦᠯᠬᠦᠮ (ᠳᠤᠭᠤᠢᠯᠠᠩ)᠎ᠤ᠋ᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠤᠷᠢᠶ᠎ᠠ᠎ᠶᠢᠨ ᠢᠯᠡᠳᠭᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠠᠵᠢᠯ᠎ᠤᠨ ᠮᠡᠳᠡᠬᠦᠯᠦᠯᠳᠡ᠎ᠵᠢ ᠶᠠᠷᠢᠯᠴᠠᠭᠰᠠᠨ ᠪᠠ ᠵᠠᠰᠠᠪᠤᠷᠢ ᠣᠷᠣᠭᠤᠯᠤᠭᠰᠠᠨ ᠪᠠᠢᠳᠠᠯ᠎ᠤᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠪᠠ᠃
ᠬᠤᠷᠠᠯ᠎ᠡᠴᠡ ᠡᠯ᠎ᠡ ᠲᠥᠯᠥᠭᠡᠯᠡᠭᠴᠢᠳ᠎ᠦᠨ ᠪᠦᠯᠬᠦᠮ (ᠳᠤᠭᠤᠢᠯᠠᠩ) ᠤ᠋ᠨ ᠶᠡᠬᠡ ᠬᠤᠷᠠᠯ᠎ᠤᠨ ᠰᠣᠩᠭᠣᠭᠤᠯᠢ᠎ᠶᠢᠨ ᠠᠷᠭ᠎ᠠ (ᠲᠥᠰᠥᠯ) ᠵᠢ ᠶᠠᠷᠢᠯᠴᠠᠭᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠤᠨᠤᠰᠴᠤ᠂ ᠶᠡᠬᠡ ᠬᠤᠷᠠᠯ᠎ᠤᠨ ᠰᠣᠩᠭᠣᠭᠤᠯᠢ᠎ᠶᠢᠨ ᠠᠷᠭ᠎ᠠ᠎ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠨᠠᠮ᠎ᠤᠨ ᠬᠤᠷᠢᠶ᠎ᠠ᠎ᠶᠢᠨ ᠭᠡᠰᠢᠭᠦᠨ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠭᠡᠰᠢᠭᠦᠨ᠎ᠦ ᠵᠢᠱ᠌ᠢᠭᠳᠡᠭᠴᠢ ᠵᠢᠨ ᠪᠡᠯᠡᠳᠬᠡᠯ ᠵᠢᠱ᠌ᠢᠭᠳᠡᠭᠴᠢ ᠵᠢᠨ ᠨᠡᠷᠡᠰ᠎ᠢ ᠪᠠᠲᠤᠯᠠᠪᠠ᠃
ᠬᠤᠷᠠᠯ᠎ᠡᠴᠡ ᠶᠡᠬᠡ ᠬᠤᠷᠠᠯ᠎ᠤᠨ ᠶᠡᠷᠦᠩᠬᠡᠢ ᠪᠢᠯᠧᠲ ᠬᠢᠨᠠᠭ᠍ᠴᠢ᠂ ᠳᠡᠳ᠋ ᠶᠡᠷᠦᠩᠬᠡᠢ ᠪᠢᠯᠧᠲ ᠬᠢᠨᠠᠭ᠍ᠴᠢ ᠪᠣᠯᠣᠨ ᠪᠢᠯᠧᠲ ᠬᠢᠨᠠᠭ᠍ᠴᠢ᠎ᠶᠢᠨ ᠨᠡᠷᠡᠰ᠎ᠢ ᠪᠠᠲᠤᠯᠠᠵᠤ᠂ ᠶᠡᠬᠡ ᠬᠤᠷᠠᠯ᠎ᠤᠨ ᠪᠢᠯᠧᠲ ᠪᠦᠷᠢᠳᠬᠡᠭᠴᠢ᠎ᠶᠢᠨ ᠨᠡᠷᠡᠰ᠎ᠢ ᠨᠡᠢᠲᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄ ᠯᠢᠦ ᠯᠠᠨ ᠯᠠᠨ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃