ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-16 09:39:28

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 11 ᠡᠴᠡ 15 ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ ᠡᠴᠡ ᠪᠡᠭᠡᠵᠢᠩ᠎ᠳᠦ ᠪᠦᠬᠦ᠌ ᠣᠷᠣᠨ᠎ᠤ ᠠᠶ᠋ᠢᠮᠠᠭ ᠬᠤᠳᠠ ᠬᠣᠰᠢᠭᠤ ᠰᠢᠶᠠᠨ ᠲᠣᠭᠣᠷᠢᠭ᠎ᠤᠨ ᠤᠬᠠᠭᠤᠯᠬᠤ ᠬᠡᠯᠲᠡᠰ᠎ᠦᠨ ᠳᠠᠷᠤᠭ᠎ᠠ ᠨᠠᠷ᠎ᠤᠨ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠪᠣᠯᠪᠠᠰᠤᠷᠠᠯ᠎ᠤᠨ ᠠᠩᠬᠢ ᠵᠢ ᠡᠷᠬᠢᠯᠡᠪᠡ᠃

ᠪᠣᠯᠪᠠᠰᠤᠷᠠᠯ᠎ᠨᠢ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠰᠢᠰᠲ᠋ᠧᠮ᠎ᠲᠡᠶ ᠲᠣᠳᠣᠷᠬᠠᠶ᠋ᠢᠯᠠᠨ ᠥᠭᠦᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠪᠣᠳᠠᠲᠤ᠌ ᠪᠠᠶ᠋ᠢᠳᠠᠯ᠎ᠲᠠᠶ ᠤᠶᠠᠯᠳᠤᠭᠤᠯᠤᠨ ᠲᠤᠰᠬᠠᠶ ᠰᠡᠳᠦᠪ᠎ᠢᠶᠡᠷ ᠬᠠᠪᠰᠤᠷᠤᠨ ᠵᠢᠯᠣᠭᠣᠳᠬᠤ᠂ ᠦᠵᠡᠭᠳᠡᠯ ᠪᠠᠶ᠋ᠢᠳᠠᠯ᠎ᠢ ᠲᠠᠬᠢᠨ ᠢᠯᠡᠷᠡᠭᠦᠯᠬᠦ᠂ ᠲᠤᠬᠠᠶ᠎ᠶᠢᠨ ᠲᠠᠯᠠᠪᠠᠶ᠎ᠳᠤ ᠵᠢᠭᠠᠨ ᠰᠤᠷᠭᠠᠬᠤ᠂ ᠶᠠᠷᠢᠯᠴᠠᠵᠤ ᠰᠠᠨᠠᠯ᠎ᠢᠶᠠᠨ ᠰᠣᠯᠢᠯᠴᠠᠬᠤ ᠵᠡᠷᠭᠡ ᠭᠣᠭᠴᠣᠭ᠎ᠠ᠎ᠶᠢ ᠲᠣᠬᠢᠷᠠᠭᠤᠯᠵᠤ᠂ ᠪᠣᠯᠪᠠᠰᠤᠷᠠᠯ᠎ᠳᠤ ᠣᠷᠣᠯᠴᠠᠭᠰᠠᠨ ᠰᠤᠷᠤᠯᠭᠠᠳᠠᠳ᠎ᠤᠨ ᠨᠢᠭᠡ ᠰᠡᠳᠬᠢᠯ᠎ᠢᠶᠡᠷ ᠰᠤᠳᠤᠯᠤᠨ ᠰᠤᠷᠤᠯᠴᠠᠬᠤ ᠳᠤᠮᠳᠠ ᠦᠵᠡᠯ ᠰᠠᠨᠠᠭᠠᠨ᠎ᠤ ᠦᠨᠳᠦᠰᠦ ᠰᠠᠭᠤᠷᠢ᠎ᠶᠢ ᠪᠡᠬᠢᠵᠢᠭᠦᠯᠵᠦ᠍᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠦᠨᠡᠨ ᠬᠦ᠌ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠦᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠬᠦ᠌ ᠠᠵᠢᠯ᠎ᠤᠨ ᠦᠢᠯᠡᠳᠦᠯᠭᠡ ᠪᠣᠯᠭᠠᠨ ᠤᠯᠠᠷᠢᠭᠤᠯᠵᠤ᠂ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶᠢ ᠬᠥᠲᠥᠯᠥᠨ ᠵᠢᠯᠣᠭᠣᠳᠬᠤ᠎ᠶᠢ ᠴᠢᠩᠭᠠᠳᠬᠠᠬᠤ᠂ ᠡᠯ᠎ᠡ ᠲᠥᠷᠥᠯ᠎ᠦᠨ ᠰᠣᠶᠣᠯ᠎ᠤᠨ ᠵᠢᠭᠰᠠᠭᠠᠯ᠎ᠤᠨ ᠭᠠᠵᠠᠷ᠎ᠢ ᠪᠠᠶ᠋ᠢᠭᠤᠯᠤᠨ ᠬᠦᠴᠦᠷᠬᠡᠭᠵᠢᠭᠦᠯᠬᠦ᠌᠂ 《ᠰᠣᠶᠣᠯ +》 ᠠᠵᠢᠯ᠎ᠢ ᠰᠠᠶ᠋ᠢᠲᠤᠷ ᠬᠢᠬᠦ᠌ ᠵᠡᠷᠭᠡ ᠠᠵᠢᠯ᠎ᠤᠨ ᠳᠤᠮᠳᠠ ᠨᠠᠩ ᠶᠡᠬᠡ ᠦᠷ᠎ᠡ ᠪᠦᠲᠦᠮᠵᠢ ᠤᠯᠬᠤ ᠵᠢ ᠬᠦᠲᠦᠯᠦᠨ ᠵᠢᠯᠤᠭᠤᠳᠪᠠ᠃

ᠪᠣᠯᠪᠠᠰᠤᠷᠠᠯ᠎ᠤᠨ ᠠᠩᠭᠢ ᠵᠢᠨ ᠬᠢᠴᠢᠶᠠᠯ ᠲᠡᠭᠡᠷ᠎ᠡ᠂ ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠬᠢᠴᠢᠯᠡᠯᠳᠠ᠎ᠶᠢᠨ ᠵᠥᠪᠯᠡᠯ᠎ᠦᠨ ᠠᠯᠪᠠᠨ ᠬᠡᠷ᠂ ᠲᠥᠪ᠎ᠦᠨ ᠨᠠᠮ᠎ᠤᠨ ᠰᠤᠷᠭᠠᠭᠤᠯᠢ᠂ ᠳᠤᠮᠳᠠᠳᠤ ᠤᠯᠤᠰ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠂ ᠪᠡᠭᠡᠵᠢᠩ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ ᠵᠡᠷᠭᠡ ᠨᠢᠭᠡᠴᠢ ᠪᠣᠯᠤᠨ ᠶᠡᠬᠡ ᠳᠡᠭᠡᠳᠦ ᠰᠤᠷᠭᠠᠭᠤᠯᠢ᠎ᠡᠴᠡ ᠢᠷᠡᠭᠰᠡᠨ ᠠᠵᠢᠯ ᠲᠥᠷᠥᠯ᠎ᠦᠨ ᠡᠷᠬᠡ ᠰᠦᠷᠲᠤ ᠬᠦᠮᠦᠰ᠂ ᠲᠤᠰᠬᠠᠶ ᠮᠡᠷᠭᠡᠵᠢᠯᠲᠡᠨ ᠡᠷᠳᠡᠮᠲᠡᠳ ᠡᠴᠡ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠰᠣᠶᠣᠯ᠎ᠤᠨ ᠰᠢᠨ᠎ᠡ ᠡᠵᠡᠩᠨᠡᠯᠲᠡ᠎ᠶᠢᠨ ᠬᠡᠯᠪᠡᠷᠢ᠎ᠳᠤ ᠬᠦᠴᠦᠨ ᠤᠯᠭᠤᠬᠤ᠂ ᠰᠦᠯᠵᠢᠶᠡᠨ᠎ᠦ ᠠᠮᠢ ᠠᠬᠤᠶ᠎ᠶᠢ ᠶᠡᠷᠦᠩᠬᠡᠶ᠋ᠢᠯᠡᠨ ᠵᠠᠰᠠᠬᠤ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠰᠬᠠᠶ ᠰᠡᠳᠦᠪ᠎ᠢᠶᠡᠷ ᠬᠠᠪᠰᠤᠷᠤᠨ ᠵᠢᠯᠣᠭᠣᠳᠤᠭᠰᠠᠨ ᠪᠥᠭᠡᠳ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠠᠵᠢᠯ᠎ᠤᠨ ᠲᠦᠷᠢᠮ》᠂  《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠵᠢᠨ ᠲᠤᠬᠠᠶ ᠭᠤᠤᠯᠳᠠᠯᠭ᠎ᠠ᠎ᠲᠠᠶ ᠲᠠᠶ᠋ᠢᠯᠤᠮᠵᠢ ᠬᠢᠪᠠ᠃

ᠪᠥᠬᠥ᠌ ᠣᠷᠣᠨ᠎ᠤ ᠡᠯ᠎ᠠᠢᠮᠠᠭ ᠬᠣᠲᠠ ᠪᠣᠯᠤᠨ ᠬᠣᠰᠢᠭᠤ ᠰᠢᠶᠠᠨ ᠬᠣᠲᠠ ᠲᠣᠭᠣᠷᠢᠭ᠎ᠤᠨ ᠨᠠᠮ᠎ᠤᠨ ᠬᠣᠷᠢᠶ᠎ᠠ᠎ᠶᠢᠨ ᠪᠠᠶ᠋ᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠭᠤᠤᠯ ᠪᠣᠯᠬᠤ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠨᠢᠭᠡᠴᠢ᠎ᠶᠢᠨ ᠰᠣᠨᠢᠨ ᠮᠡᠳᠡᠭᠡᠨ᠎ᠦ ᠲᠤᠬᠠᠶ᠋ᠢᠯᠠᠭᠰᠠᠨ ᠠᠵᠢᠯ᠎ᠤᠨ ᠴᠢᠬᠤᠯᠠ ᠠᠵᠢᠯ᠎ᠤᠨ ᠪᠠᠶ᠋ᠢᠷᠢ᠎ᠳ᠋ᠡᠬᠢ ᠺᠠᠳ᠋ᠷᠴᠤᠳ ᠪᠣᠯᠪᠠᠰᠤᠷᠠᠯ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面