2026-10-20 10:50:36
— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠪᠦᠬᠦ ᠣᠷᠣᠨ᠎ᠤ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ
ᠥᠪᠥᠷ ᠮᠣᠩᠭᠣᠯ᠎ᠤᠨ ᠡᠬᠡ ᠭᠠᠵᠠᠷ ᠲᠤ᠌ ᠪᠠᠰᠠ ᠨᠢᠭᠡᠨ ᠡᠯᠪᠡᠭ ᠬᠤᠷᠢᠶᠠᠯᠳᠠ ᠵᠢᠨ ᠵᠢᠯ ᠪᠤᠯᠤᠯ᠎ᠠ᠃ ᠡᠯᠪᠡᠭ ᠬᠤᠷᠢᠶᠠᠯᠲᠠ ᠵᠢᠨ ᠦᠩᠭᠡ ᠦᠵᠡᠮᠵᠢ ᠨᠢ ᠡᠨᠡ ᠬᠦ᠌ ᠨᠠᠮᠤᠷ᠎ᠤᠨ ᠬᠠᠮᠤᠭ᠎ᠤᠨ ᠰᠡᠳᠬᠢᠯ ᠬᠥᠳᠡᠯᠭᠡᠮ᠎ᠡ ᠰᠠᠢᠬᠠᠨ ᠵᠢᠷᠤᠭ ᠪᠣᠯᠵᠠᠢ᠃
10 ᠰᠠᠷ᠎ᠠ᠎ᠶᠢᠨ 16 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ᠎ᠳᠠᠭᠠᠨ᠂ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠮᠠᠯ ᠠᠵᠤ ᠠᠬᠤᠢ ᠲᠠᠷᠢᠶᠠᠯᠠᠩ ᠤ᠋ᠨ ᠪᠦᠲᠦᠭᠡᠭᠳᠡᠬᠦᠨ᠎ᠦ ᠦᠵᠡᠭᠦᠯᠭᠡ᠎ᠶᠢ ᠪᠠᠢᠴᠠᠭᠠᠨ ᠦᠵᠡᠵᠦ᠂ ᠭᠣᠣᠯ ᠪᠣᠯᠬᠤ ᠲᠦᠷᠦᠯ ᠵᠦᠢᠯ ᠪᠣᠯᠣᠨ ᠶᠠᠰᠤ ᠴᠢᠨᠠᠷ᠎ᠤᠨ ᠣᠨᠴᠠᠯᠢᠭ᠋᠎ᠢ ᠨᠠᠷᠢᠨ ᠣᠢᠯᠠᠭᠠᠵᠤ᠂ ᠲᠤᠬᠠᠢ᠎ᠶᠢᠨ ᠭᠠᠵᠠᠷ᠎ᠤᠨ ᠬᠢᠨ ᠢ᠋ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ᠎ᠶᠢ ᠠᠬᠢᠭᠤᠯᠬᠤ ᠬᠡᠷᠡᠭᠳᠠᠢ ᠭᠡᠵᠤ ᠵᠤᠷᠢᠭᠵᠢᠭᠤᠯᠵᠠᠢ᠃
ᠪᠦᠬᠦ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠡᠷᠡ ᠳᠠᠷᠤᠢ ᠳ᠋ᠤᠨᠢ ᠨᠠᠷᠢᠨ ᠬᠢᠨᠠᠮᠠᠭᠠᠢ ᠰᠤᠷᠤᠯᠴᠠᠪᠠ᠃ ᠤᠯᠠᠨ᠎ᠢᠶᠠᠷ᠎ᠢᠶᠠᠨ᠂ ᠥᠪᠡᠷᠮᠢᠴᠡ ᠳᠠᠪᠠᠭᠤᠯᠢᠭᠳᠤ ᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ᠋ ᠲᠠᠭᠠᠨ ᠰᠠᠭᠤᠷᠢᠯᠠᠵᠤ᠂ ᠠᠵᠤ ᠦᠢᠯᠡᠰ᠎ᠦᠨ ᠰᠠᠭᠤᠷᠢ᠎ᠪᠠᠨ ᠦᠷᠭᠦᠯᠵᠢᠯᠡᠨ ᠪᠡᠬᠢᠵᠢᠭᠦᠯᠵᠦ᠂ ᠲᠦᠷᠦᠯ ᠲᠡᠮᠳᠡᠭ᠎ᠦᠨ ᠨᠡᠷ᠎ᠡ᠎ᠶᠢᠨ ᠬᠠᠭᠤᠳᠠᠰᠤ᠎ᠶᠢ ᠭᠢᠯᠠᠯᠵᠠᠭᠤᠯᠵᠤ᠂ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠲᠦᠭᠵᠢᠷᠡᠯ᠎ᠢ ᠨᠠᠪᠲᠠᠷᠡᠭᠦᠯᠵᠦ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠥᠷᠭᠡᠨ ᠤᠯᠠᠨ ᠮᠠᠯᠴᠢᠨ ᠲᠠᠷᠢᠶᠠᠴᠢᠨ᠎ᠳᠤ ᠨᠡᠩ ᠤᠯᠠᠨ ᠬᠦᠷᠲᠡᠭᠡᠨ᠎ᠠ ᠭᠡᠵᠦ ᠢᠯᠡᠳᠬᠡᠵᠡᠭᠡᠪᠡ᠃
ᠡᠬᠢ ᠪᠠᠶᠠᠯᠢᠭ᠋᠎ᠢᠶᠠᠷ ᠰᠠᠭᠤᠷᠢ ᠵᠢ ᠴᠤᠭᠴᠠᠯᠠᠵᠤ ᠠᠵᠤ ᠦᠢᠯᠡᠰ᠎ᠢᠶᠡᠷ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠨ᠎ᠠ
10 ᠰᠠᠷ᠎ᠠ᠎ᠶᠢᠨ 16 ᠤ᠋ ᠡᠳᠦᠷ᠂ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠤᠭᠤᠷᠢᠭ ᠤ᠋ᠨ ᠦᠵᠡᠭᠦᠯᠭᠡ᠎ᠶᠢᠨ ᠲᠢᠩᠬᠢᠮ᠎ᠳᠦ᠂ ᠮᠤᠨᠠ ᠠᠭᠤᠯᠠ᠎ᠶᠢᠨ ᠰᠢᠯᠢᠳᠡᠭ ᠪᠤᠭᠤᠳᠠᠢ᠎ᠶᠢᠨ ᠰᠢᠷᠢᠰ ᠣᠨᠴᠠᠯᠢᠭ᠍ᠲᠤ ᠮᠠᠯ ᠠᠵᠤ ᠠᠬᠤᠢ ᠲᠠᠷᠢᠶᠠᠯᠠᠩ ᠤ᠋ᠨ ᠪᠦᠲᠦᠭᠡᠭᠳᠡᠬᠦᠨ ᠲᠥᠪᠯᠡᠷᠡᠩᠭᠦᠢ ᠢᠯᠡᠷᠡᠪᠡ᠃ ᠦᠵᠡᠭᠦᠯᠭᠡ᠎ᠶᠢᠨ ᠲᠠᠪᠴᠠᠩ᠎ᠳᠠᠬᠢ ᠮᠤᠨᠠ ᠠᠭᠤᠯᠠ᠎ᠶᠢᠨ ᠬᠣᠷᠮᠣᠢ᠎ᠡᠴᠡ ᠢᠷᠡᠯᠲᠡ᠎ᠲᠠᠢ ᠨᠣᠬᠠᠢ᠎ᠶᠢᠨ ᠬᠣᠰᠢᠭᠤ᠎ᠪᠠᠷ ᠬᠢᠭᠰᠡᠨ ᠪᠦᠲᠦᠭᠡᠭᠳᠡᠬᠦᠨ᠎ᠢ ᠦᠵᠡᠭᠡᠳ᠂ ᠮᠤᠨᠠ ᠠᠭᠤᠯᠠ᠎ᠶᠢᠨ ᠰᠢᠯᠢᠳᠡᠭ ᠪᠤᠭᠤᠳᠠᠢ᠎ᠶᠢᠨ ᠲᠥᠷᠥᠯ ᠲᠡᠮᠳᠡᠭ᠎ᠦᠨ ᠳᠠᠭᠠᠭᠠᠮᠠᠯ ᠶᠣᠣ ᠢ ᠨᠢᠢ ᠲᠤᠢᠯ᠎ᠢᠶᠠᠷ ᠣᠮᠣᠭᠰᠢᠨ᠎ᠠ᠃
《ᠮᠠᠨ ᠤ ᠪᠦᠲᠦᠭᠡᠭᠳᠡᠬᠦᠨ ᠪᠣᠯ ᠶᠠᠭ ᠤᠯᠠᠭᠠᠨᠴᠠᠪ ᠤᠨ 〈ᠳᠤᠮᠳᠠᠳᠤ ᠤᠯᠤᠰ ᠤᠨ ᠨᠣᠬᠠᠢ ᠶᠢᠨ ᠬᠣᠰᠢᠭᠤ ᠶᠢᠨ ᠲᠥᠪ〉 ᠪᠤᠯᠤᠭᠰᠠᠨ ᠥᠪᠡᠷᠮᠢᠴᠡ ᠡᠬᠢ ᠪᠠᠶᠠᠯᠢᠭ᠋ ᠲᠤ ᠲᠦᠰᠢᠭᠯᠡᠵᠦ᠂ ᠭᠠᠵᠠᠷ ᠰᠢᠷᠣᠢ ᠶᠢᠨ ᠬᠡᠰᠢᠭ ᠢ ᠨᠢᠳᠦᠨ ᠳᠦ ᠦᠵᠡᠭᠳᠡᠮ᠎ᠡ ᠠᠵᠤ ᠦᠢᠯᠡᠰ ᠦᠨ ᠦᠷ᠎ᠡ ᠪᠦᠲᠦᠭᠡᠯ ᠪᠣᠯᠭᠠᠨ ᠬᠤᠪᠢᠷᠠᠭᠤᠯᠤᠭᠰᠠᠨ ᠶᠤᠮ᠃ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠨᠢ ᠪᠢᠳᠡᠨ᠎ᠳᠦ ᠬᠦᠴᠦᠷᠬᠡᠭ ᠶᠡᠬᠡ ᠢᠲᠡᠭᠡᠯ ᠵᠣᠷᠢᠭ᠋ ᠣᠯᠭᠣᠵᠤ᠂ ᠪᠢᠳᠡᠨ᠎ᠦ ᠡᠷᠴᠢ ᠵᠣᠷᠢᠭ᠋᠎ᠢ ᠨᠠᠩ ᠬᠥᠪᠴᠢᠯᠡᠪᠡ᠃ ᠣᠳᠣᠬᠠᠨ᠎ᠳᠤ᠂ ᠮᠤᠨᠠ ᠠᠭᠤᠯᠠᠰᠢᠯᠢᠳᠡᠭ ᠪᠤᠭᠤᠳᠠᠢ ᠵᠢᠨ ᠺᠤᠮᠫᠠᠨᠢ ᠨᠢᠭᠡᠨᠲᠡ 26.28 ᠲᠦᠮᠡᠨ ᠮᠦ᠍ ᠣᠷᠭᠠᠨᠢᠭ᠋ ᠭᠠᠵᠠᠷ ᠰᠢᠷᠣᠢ᠎ᠲᠠᠢ ᠪᠣᠯᠵᠠᠢ᠃ ᠪᠢᠳᠡ 〈ᠺᠣᠮᠫᠠᠨᠢ + ᠲᠠᠷᠢᠶᠠᠯᠠᠩ᠎ᠤᠨ ᠲᠠᠯᠠᠪᠠᠶ + ᠲᠠᠷᠢᠶᠠᠯᠠᠬᠤ ᠡᠷᠦᠬᠡ〉᠎ᠶᠢᠨ ᠬᠠᠮᠲᠤᠷᠠᠯᠴᠠᠭᠠᠨ᠎ᠤ ᠵᠠᠭᠪᠤᠷ᠎ᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠬᠤ ᠡᠷᠦᠬᠡ᠎ᠲᠠᠢ ᠨᠣᠬᠠᠢ᠎ᠶᠢᠨ ᠬᠣᠰᠢᠭᠤ᠎ᠶᠢᠨ ᠲᠦᠭᠦᠬᠡᠢ ᠠᠮᠤ᠂ ᠲᠥᠮᠥᠰᠥ ᠵᠡᠷᠭᠡ ᠲᠠᠷᠢᠮᠠᠯ᠎ᠤᠨ ᠵᠠᠬᠢᠶᠠᠯᠠᠭ᠎ᠠ᠎ᠶᠢᠨ ᠬᠠᠭᠤᠳᠠᠰᠤ ᠲᠣᠭᠲᠠᠵᠤ᠂ ᠨᠠᠭᠠᠳᠤ ᠵᠠᠬ᠎ᠠ ᠵᠢᠨ ᠬᠤᠳᠠᠯᠳᠤᠨ ᠠᠪᠬᠤ ᠦᠨ᠎ᠡ ᠪᠠ ᠬᠤᠳᠠᠯᠳᠤᠨ ᠠᠪᠬᠤ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠲᠠᠷᠢᠶᠠᠴᠢᠳ ᠤ᠋ᠨ ᠪᠣᠷᠤᠯᠠᠭᠤᠯᠭ᠎ᠠ᠎ᠶᠢ ᠪᠠᠲᠤᠯᠠᠵᠤ᠂ ᠣᠷᠣᠯᠭ᠎ᠠ᠎ᠶᠢ ᠨᠢ ᠦᠷᠭᠦᠯᠵᠢᠯᠡᠨ ᠨᠡᠮᠡᠭᠳᠡᠭᠦᠯᠦᠨ᠎ᠡ》 ᠭᠡᠵᠦ ᠶᠣᠣ ᠢ ᠨᠢᠢ ᠬᠡᠯᠡᠪᠡ᠃
《ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠮᠠᠯ ᠠᠵᠤ ᠠᠬᠤᠢ ᠲᠠᠷᠢᠶᠠᠯᠠᠩ ᠤ᠋ᠨ ᠵᠥᠪᠯᠡᠯ ᠤ᠋ᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠲᠤᠰᠬᠠᠢ ᠵᠥᠪᠯᠡᠯ᠎ᠦᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠣᠯᠭᠣᠭᠰᠠᠨ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠲᠠᠢ ᠨᠢᠭ᠍ᠲᠠ ᠤᠶᠠᠯᠳᠤᠭᠤᠯᠵᠤ᠂ ᠮᠠᠨ᠎ᠤ ᠣᠷᠣᠨ᠎ᠤ ᠮᠠᠯ ᠠᠵᠤ ᠠᠬᠤᠶ᠎ᠲᠠᠷᠢᠶᠠᠯᠠᠩ ᠤ᠋ᠨ ᠲᠣᠮᠣ ᠣᠷᠣᠨ᠎ᠡᠴᠡ ᠮᠠᠯ ᠠᠵᠤ ᠠᠬᠤᠶ ᠲᠠᠷᠢᠶᠠᠯᠠᠩ ᠤ᠋ᠨ ᠬᠦᠴᠦᠷᠬᠡᠭ ᠣᠷᠣᠨ ᠳᠠᠢᠰᠢ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠌᠎ᠶᠢ ᠠᠬᠢᠭᠤᠯᠤᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠠᠷᠢᠶᠠᠯᠠᠩ ᠮᠠᠯ ᠠᠵᠤ ᠠᠬᠤᠶ᠎ᠶᠢᠨ ᠵᠥᠪᠯᠡᠯ᠎ᠦᠨ ᠳᠡᠳ᠋ ᠡᠷᠬᠢᠯᠡᠭᠴᠢ ᠶᠦᠨ ᠯᠢ ᠶᠠᠨ ᠬᠡᠯᠡᠪᠡ᠃
ᠪᠠᠶᠠᠨᠨᠠᠭᠤᠷ ᠬᠤᠳᠠ ᠤᠮᠠᠷᠠᠲᠤ᠌ ᠥᠷᠭᠡᠷᠢᠭ᠎ᠦᠨ 40 ᠭᠷᠠᠳᠦ᠋ᠰ᠎ᠦᠨ ᠲᠠᠷᠢᠮᠠᠯ᠎ᠤᠨ ᠠᠯᠳᠠᠨ ᠪᠦᠰᠡ᠎ᠳᠦ ᠪᠠᠶ᠋ᠢᠷᠢᠯᠠᠵᠤ ᠪᠤᠢ᠃ ᠬᠠᠲᠤᠨ ᠭᠤᠤᠯ᠎ᠤᠨ ᠤᠷᠤᠰᠬᠠᠯ᠎ᠤᠨ ᠤᠰᠤᠯᠠᠯᠲᠠ᠎ᠳᠤ ᠲᠦᠰᠢᠭᠯᠡᠨ᠂ ᠵᠢᠯ᠎ᠦᠨ ᠨᠡᠷᠡᠨ᠎ᠦ ᠲᠤᠰᠤᠯᠲᠠ ᠨᠢ 3300 ᠴᠠᠭ᠎ᠢ ᠬᠡᠲᠦᠷᠡᠵᠦ᠍᠂ ᠡᠳᠦᠷ ᠰᠥᠨᠢ᠎ᠶᠢᠨ ᠳᠤᠯᠠᠭᠠᠨ᠎ᠤ ᠵᠥᠷᠢᠶ᠎ᠡ ᠨᠢ 12 —15 ᠼᠸᠯᠰ ᠭᠷᠠᠳᠦ᠋ᠰ ᠵᠡᠷᠭᠡ ᠪᠠᠶ᠋ᠢᠭᠠᠯᠢ᠎ᠶᠢᠨ ᠨᠥᠬᠥᠴᠡᠯ᠎ᠳᠦ ᠲᠦᠰᠢᠭᠯᠡᠨ᠂ ᠡᠨᠳᠡ ᠳᠠᠷᠢᠭᠰᠠᠨ ᠪᠣᠭᠣᠳᠠᠶ᠎ᠶᠢᠨ ᠴᠢᠨᠠᠷ ᠨᠢ ᠰᠠᠶ᠋ᠢᠨ ᠪᠠᠶ᠋ᠢᠵᠤ᠂ ᠲᠠᠪᠤᠨ ᠵᠦᠢᠯ᠎ᠦᠨ ᠭᠤᠤᠯᠯᠠᠬᠤ ᠭᠦᠢᠴᠡᠳᠬᠡᠯ ᠲᠣᠭ᠎ᠠ ᠨᠢ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠣᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠶᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠶ᠋ᠢᠭᠤᠯᠤᠯᠲᠠ᠎ᠳᠤ 《ᠤᠮᠠᠷᠠᠲᠤ᠌ ᠥᠷᠭᠡᠷᠢᠭ᠎ᠦᠨ 40 ᠭᠷᠠᠳᠦ᠋ᠰ᠎ᠦᠨ ᠭᠠᠶ᠋ᠢᠬᠠᠮᠰᠢᠭ》 ᠬᠡᠮᠡᠨ ᠨᠡᠷᠡᠶ᠋ᠢᠳᠦᠭᠳᠡᠵᠦ᠍᠂ ᠳᠡᠯᠡᠬᠡᠶ᠎ᠶᠢᠨ ᠭᠤᠷᠪᠠᠨ ᠶᠡᠬᠡ ᠴᠢᠨᠠᠷ ᠰᠠᠶ᠋ᠢᠲᠠᠶ ᠪᠣᠭᠣᠳᠠᠶ᠎ᠶᠢᠨ ᠨᠢᠭᠡ ᠪᠣᠯᠵᠠᠶ᠃
《ᠪᠢᠳᠡ ᠵᠠᠬᠢᠶᠠᠯᠠᠭ᠎ᠠ᠎ᠶᠢᠨ ᠬᠠᠭᠤᠳᠠᠰᠤ᠎ᠪᠠᠷ ᠦᠨᠳᠦᠰᠦᠨ ᠵᠦᠢᠯ᠎ᠢ ᠪᠠᠲᠤᠯᠠᠬᠤ᠂ ᠨᠥᠬᠥᠪᠥᠷᠢ᠎ᠶᠢ ᠨᠡᠮᠡᠭᠳᠡᠭᠦᠯᠬᠦ᠌᠂ ᠠᠯᠠᠬᠯᠠᠨ ᠲᠠᠷᠢᠵᠤ ᠦᠷ᠎ᠡ ᠠᠰᠢᠭ᠎ᠢ ᠨᠡᠮᠡᠭᠳᠡᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠮᠤ ᠪᠤᠳᠠᠭ᠎ᠠ ᠳᠠᠷᠢᠬᠤ ᠲᠠᠷᠢᠶᠠᠴᠢᠳ᠎ᠤ᠋ᠨ ᠰᠡᠳᠬᠢᠯ ᠰᠠᠨᠠᠭ᠎ᠠ ᠵᠢ ᠨᠢ ᠠᠮᠤᠷᠵᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠪᠠ》᠃ ᠪᠠᠶᠠᠨᠨᠠᠭᠤᠷ ᠬᠣᠲᠠ᠎ᠶᠢᠨ ᠮᠠᠯ ᠠᠵᠤ ᠠᠬᠤᠶ᠎ᠲᠠᠷᠢᠶᠠᠯᠠᠩ ᠤ᠋ᠨ ᠲᠣᠪᠴᠢᠶ᠎ᠠ᠎ᠶᠢᠨ ᠲᠠᠷᠢᠮᠠᠯ᠎ᠤᠨ ᠦᠢᠯᠡᠰ᠎ᠦᠨ ᠬᠠᠮᠢᠶᠠᠷᠤᠯᠲᠠ᠎ᠶᠢᠨ ᠰᠠᠯᠠᠭᠠᠨ᠎ᠤ ᠳᠠᠷᠤᠭ᠎ᠠ ᠳ᠋ᠠᠩ ᠬᠣᠩ ᠪᠥᠸᠧ᠄《ᠡᠨᠡ ᠵᠢᠯ ᠪᠥᠬᠥ᠌ ᠬᠣᠲᠠ᠎ᠶᠢᠨ ᠪᠣᠭᠣᠳᠠᠶ᠎ᠶᠢᠨ ᠲᠠᠷᠢᠮᠠᠯ᠎ᠤᠨ ᠲᠠᠯᠠᠪᠠᠶ 40.33 ᠲᠦᠮᠡᠨ ᠮᠣ᠌ᠳᠦ ᠬᠦᠷᠴᠦ᠍᠂ ᠰᠠᠶ᠋ᠢᠨ ᠲᠠᠷᠢᠶ᠎ᠠ ᠰᠠᠶ᠋ᠢᠨ ᠡᠭᠦᠯᠳᠡᠷ ᠰᠠᠶ᠋ᠢᠨ ᠮᠠᠰᠢᠨ ᠰᠠᠢᠨ ᠠᠷᠭ᠎ᠠ ᠵᠢᠨ ᠬᠠᠮ ᠦᠷ᠎ᠡ ᠠᠰᠢᠭ᠎ᠢ ᠨᠡᠮᠡᠭᠳᠡᠭᠦᠯᠵᠦ᠍᠂ ᠵᠢᠱ᠌ᠢᠯᠲᠡ᠎ᠪᠡᠷ ᠶᠡᠷᠦᠩᠬᠡᠶ ᠤᠨᠠᠯᠲᠠ᠎ᠨᠢ 3.2 ᠳ᠋ᠦᠩᠰᠢᠭᠤᠷ ᠵᠢᠩ᠎ᠳᠦ ᠬᠥᠷᠬᠥ᠌ ᠪᠣᠯᠤᠨ᠎ᠠ》 ᠭᠡᠵᠤ ᠲᠠᠨᠢᠯᠴᠠᠭᠤᠯᠪᠠ᠃
ᠪᠠᠷᠢᠮᠵᠢᠶ᠎ᠠ ᠪᠡᠷ ᠶᠠᠰᠤ ᠴᠢᠨᠠᠷ ᠢ᠋ ᠱᠤᠭᠤᠵᠤ ᠲᠦᠷᠦᠯ ᠲᠡᠮᠳᠡᠭ ᠵᠢᠡᠷ ᠵᠠᠬ᠎ᠠ ᠳᠡᠯᠭᠡᠭᠦᠷᠢ᠋ ᠨᠡᠭᠡᠭᠡᠨ᠎ᠠ
ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠶ᠋ᠢᠭᠤᠯᠬᠤ ᠬᠠᠷᠠᠯᠲᠠ᠎ᠶᠢ ᠪᠠᠳᠤ ᠡᠵᠡᠮᠳᠡᠵᠤ᠂ ᠪᠥᠬᠥ᠌ ᠲᠠᠯ᠎ᠠ᠎ᠶᠢᠨ᠂ ᠣᠯᠠᠨ ᠲᠠᠰ ᠳᠠᠪᠬᠤᠷᠭ᠎ᠠ᠎ᠶᠢᠨ᠂ ᠥᠨᠳᠥᠷ ᠦᠷ᠎ᠡ ᠪᠦᠲᠦᠮᠵᠢᠲᠡᠶ ᠲᠠᠷᠢᠶᠠᠯᠠᠩ᠎ᠤᠨ ᠪᠦᠲᠦᠭᠡᠭᠳᠡᠬᠦᠨ᠎ᠢ ᠡᠵᠡᠩᠨᠡᠨ ᠪᠣᠷᠣᠯᠠᠭᠤᠯᠬᠤ ᠦᠢᠯᠡᠴᠢᠯᠡᠭᠡᠨ᠎ᠦ ᠰᠢᠰᠲ᠋ᠧᠮ᠎ᠢ ᠪᠠᠶ᠋ᠢᠭᠤᠯᠬᠤ᠎ᠪᠠᠷ ᠭᠤᠤᠯ ᠪᠣᠯᠭᠠᠵᠤ᠂ ᠴᠢᠨᠠᠷ ᠰᠠᠶ᠋ᠢᠲᠠᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠵᠠᠬ᠎ᠠ ᠳᠡᠯᠭᠡᠭᠦᠷ᠎ᠦᠨ ᠥᠷᠢᠰᠥᠯᠳᠦᠬᠦ᠌ ᠬᠦᠴᠦᠨ ᠪᠣᠯᠤᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠮᠠᠯᠴᠢᠨ ᠲᠠᠷᠢᠶᠠᠴᠢᠨ ᠤ᠋ ᠣᠷᠣᠯᠭ᠎ᠠ᠎ᠪᠡᠨ ᠨᠡᠮᠡᠭᠳᠡᠭᠦᠯᠦᠨ ᠪᠠᠶᠠᠵᠢᠬᠤ ᠵᠢ ᠲᠠᠢᠴᠢᠯᠡᠵᠤ ᠪᠠᠢᠨ᠎ᠠ᠃
《ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠨᠢ ᠪᠢᠳᠡᠨ᠎ᠳᠦ ᠤᠷᠤᠭᠰᠢᠯᠠᠬᠤ ᠴᠢᠭᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠵᠠᠬ᠎ᠠ ᠳᠡᠯᠭᠡᠭᠦᠷ ᠬᠢᠭᠡᠳ ᠭᠠᠳᠠᠭᠠᠳᠤ᠎ᠲᠠᠶ ᠬᠠᠮᠲᠤᠷᠠᠯᠴᠠᠬᠤ ᠭᠠᠵᠠᠷ᠎ᠤᠨ ᠳᠠᠷᠤᠭ᠎ᠠ ᠶᠠᠩ ᠵᠧᠩ ᠮᠤᠤ᠄《ᠪᠢᠳᠡ 1 〈ᠥᠪᠥᠷ ᠮᠣᠩᠭᠣᠯ〉 ᠨᠡᠷᠡᠮᠵᠢᠳᠦ ᠲᠠᠯ᠎ᠠ ᠨᠤᠲᠤᠭ᠎ᠤᠨ ᠰᠢᠯᠢᠳᠡᠭ ᠪᠦᠲᠦᠭᠡᠭᠳᠡᠬᠦᠨ᠎ᠦ ᠪᠥᠬᠥ᠌ ᠣᠷᠣᠨ ᠪᠦᠰᠡ᠎ᠪᠡᠷ ᠬᠥᠲᠥᠯᠦᠨ ᠳᠠᠭᠠᠭᠤᠯᠬᠤ ᠲᠦᠷᠦᠯ ᠲᠡᠮᠳᠡᠭ ᠢ᠋ ᠴᠤᠬᠴᠠᠯᠠᠵᠤ᠂ ᠥᠪᠥᠷ ᠮᠣᠩᠭᠣᠯ᠎ᠤᠨ ᠦᠬᠡᠷ᠎ᠦᠨ ᠮᠢᠬ᠎ᠠ᠂ ᠥᠪᠥᠷ ᠮᠣᠩᠭᠣᠯ᠎ᠤᠨ ᠬᠣᠨᠢᠨ ᠮᠢᠬ᠎ᠠ ᠵᠡᠷᠭᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ 6 ᠶᠡᠬᠡ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠦᠷᠦᠯ ᠲᠡᠮᠳᠡᠭ ᠢ᠋ ᠡᠭᠦᠳᠴᠦ᠍᠂ 12 ᠠᠶ᠋ᠢᠮᠠᠭ ᠬᠣᠲᠠ᠎ᠶᠢᠨ ᠲᠠᠰ᠂ 22 ᠬᠣᠰᠢᠭᠤ ᠰᠢᠶᠠᠨ᠎ᠤ ᠲᠠᠰ᠎ᠤᠨ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠦᠷᠦᠯ ᠲᠡᠮᠳᠡᠭ ᠪᠠ 30 ᠳᠠᠭᠠᠭᠤᠯᠤᠭᠴᠢ ᠠᠵᠤ ᠠᠬᠤᠶ᠋ᠢᠯᠠᠯ᠎ᠤᠨ ᠲᠦᠷᠦᠯ ᠲᠡᠮᠳᠡᠭ ᠤ᠋ᠨ ᠬᠠᠮᠵᠢᠯᠴᠠᠨ ᠬᠦᠴᠦᠯᠡᠬᠦ᠌᠎ᠶᠢ ᠠᠬᠢᠭᠤᠯᠤᠨ᠎ᠠ᠃ ᠲᠠᠷᠠᠭᠠᠴᠢ᠎ᠶᠢᠨ ᠠᠯᠬᠤᠮ᠎ᠳᠤ᠂ ᠪᠢᠳᠡ ᠲᠥᠷᠥᠯ ᠲᠡᠮᠳᠡᠭ ᠴᠤᠬᠴᠠᠯᠠᠬᠤ᠂ ᠪᠣᠷᠣᠯᠠᠭᠤᠯᠭ᠎ᠠ᠎ᠶᠢ ᠠᠳᠬᠤᠬᠤ᠂ ᠠᠷᠭ᠎ᠠ ᠵᠠᠮ᠎ᠢ ᠠᠵᠢᠭᠯᠠᠬᠤ᠂ ᠤᠬᠠᠭᠤᠯᠭ᠎ᠠ᠎ᠶᠢ ᠴᠢᠬᠤᠯᠠᠴᠢᠯᠠᠬᠤ᠂ ᠦᠢᠯᠡᠴᠢᠯᠡᠭᠡ᠎ᠶᠢ ᠴᠢᠩᠭᠠᠳᠬᠠᠬᠤ ᠠᠵᠢᠯ᠎ᠤᠨ ᠣᠢᠯᠠᠭᠠᠬᠳᠠᠬᠤᠨᠢ ᠦᠷᠭᠦᠯᠵᠢᠯᠡᠨ ᠪᠠᠷᠢᠮᠲᠠᠯᠠᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠥᠷᠥᠯ ᠲᠡᠮᠳᠡᠭ᠎ᠦᠨ ᠴᠤᠬᠴᠠᠯᠠᠯᠳᠠ ᠪᠠ ᠡᠵᠡᠩᠨᠡᠨ ᠪᠣᠷᠣᠯᠠᠭᠤᠯᠵᠤ ᠭᠠᠳᠠᠭᠰᠢ ᠭᠠᠷᠭᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠥᠪᠥᠷ ᠮᠣᠩᠭᠣᠯ᠎ᠤᠨ ᠴᠢᠨᠠᠷ ᠰᠠᠶ᠋ᠢᠲᠠᠶ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠥᠬᠥ᠌ ᠤᠯᠤᠰ ᠪᠠ ᠳᠡᠯᠡᠬᠡᠶ ᠳ᠋ᠠᠬᠢᠨ᠎ᠳᠤ ᠭᠠᠷᠬᠤ᠎ᠶᠢ ᠠᠬᠢᠭᠤᠯᠤᠨ᠎ᠠ》 ᠭᠡᠵᠤ ᠬᠡᠯᠡᠪᠡ᠃
ᠰᠢᠯᠢ᠎ᠶᠢᠨ ᠭᠤᠤᠯ᠎ᠤᠨ ᠲᠠᠯ᠎ᠠ ᠨᠤᠲᠤᠭ᠎ᠤᠨ ᠬᠣᠨᠢᠨ ᠮᠢᠬ᠎ᠠ᠎ᠪᠠᠷ ᠵᠣᠭᠰᠣᠬᠤ ᠥᠬᠡᠶ᠂ ᠪᠥᠬᠥ᠌ ᠣᠷᠣᠨ᠎ᠤ 12 ᠠᠶ᠋ᠢᠮᠠᠭ ᠬᠣᠲᠠ᠎ᠶᠢᠨ 180 ᠭᠠᠷᠤᠶ ᠠᠵᠤ ᠠᠬᠤᠶ᠋ᠢᠯᠠᠯ᠎ᠤᠨ 1700 ᠭᠠᠷᠤᠶ ᠵᠦᠢᠯ᠎ᠦᠨ ᠣᠨᠴᠠᠯᠢᠭᠲᠤ᠌ ᠦᠢᠯᠡᠳᠬᠦᠨ᠎ᠢ 《ᠦᠪᠦᠷ ᠮᠣᠩᠭᠣᠯ》 ᠨᠡᠷᠡᠮᠵᠢᠲᠦ ᠲᠦᠷᠦᠯ ᠲᠡᠮᠳᠡᠭ᠎ᠦᠨ ᠰᠢᠰᠲ᠋ᠧᠮ᠎ᠳᠦ ᠣᠷᠣᠭᠤᠯᠪᠠ᠃ 《ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 〈ᠦᠪᠦᠷ ᠮᠣᠩᠭᠣᠯ〉 ᠨᠡᠷᠡᠮᠵᠢᠲᠦ ᠲᠠᠯ᠎ᠠ ᠨᠤᠲᠤᠭ᠎ᠤᠨ ᠰᠢᠯᠢᠳᠡᠭ ᠲᠥᠷᠥᠯ ᠲᠡᠮᠳᠡᠭ᠎ᠦᠨ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠥᠪᠥᠷ ᠮᠣᠩᠭᠣᠯ᠎ᠤᠨ ᠣᠷᠣᠨ ᠪᠦᠰᠡ᠂ ᠡᠬᠢ ᠪᠠᠶᠠᠯᠢᠭ᠂ ᠠᠮᠢ ᠠᠬᠤᠶ᠂ ᠶᠠᠰᠤ ᠴᠢᠨᠠᠷ᠂ ᠰᠣᠶᠣᠯ ᠢᠷᠭᠡᠨᠰᠢᠯ᠎ᠦᠨ ᠳᠠᠪᠠᠭᠤᠯᠢᠭ᠎ᠢ ᠲᠠᠰᠤᠷᠠᠯᠲᠠ ᠥᠬᠡᠶ ᠲᠥᠷᠥᠯ ᠲᠡᠮᠳᠡᠭ᠎ᠦᠨ ᠳᠠᠪᠠᠭᠤᠯᠢᠭ᠂ ᠵᠠᠬ᠎ᠠ ᠳᠡᠯᠭᠡᠭᠦᠷ᠎ᠦᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠠᠯ᠎ᠠ ᠨᠤᠲᠤᠭ᠎ᠤᠨ ᠰᠠᠶ᠋ᠢᠨ ᠡᠳ᠋ ᠰᠢᠯᠢᠳᠡᠭ ᠭᠠᠷᠤᠯᠲᠠ᠂ ᠴᠢᠨᠠᠷ ᠰᠠᠶ᠋ᠢᠲᠠᠶ᠂ ᠦᠨ᠎ᠡ ᠰᠠᠶ᠋ᠢᠲᠠᠶ ᠪᠠᠶ᠋ᠢᠬᠤ᠎ᠶᠢ ᠪᠡᠶᠡᠯᠡᠭᠦᠯᠦᠨ᠎ᠡ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠪᠢᠯᠢᠭ ᠡᠷᠡᠰ ᠪᠠᠲᠤ᠌ ᠬᠡᠯᠡᠪᠡ᠃
ᠲᠦᠩᠯᠢᠶᠣᠤ ᠬᠣᠲᠠ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠲᠣᠪᠴᠢᠶ᠎ᠠ᠎ᠶᠢᠨ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯᠲᠡ ᠪᠠ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶᠢᠨ ᠰᠠᠯᠠᠭᠠᠨ᠎ᠤ ᠳᠠᠷᠤᠭ᠎ᠠ ᠭᠦᠸᠧ ᠶᠠᠩ᠄《ᠲᠠᠷᠠᠭᠠᠴᠢ᠎ᠶᠢᠨ ᠠᠯᠬᠤᠮ᠎ᠳᠤ᠂ ᠲᠦᠩᠯᠢᠶᠣᠤ ᠬᠣᠲᠠ ᠮᠠᠯ ᠠᠵᠤ ᠠᠬᠤᠶ ᠲᠠᠷᠢᠶᠠᠯᠠᠩ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ᠌ ᠰᠠᠭᠤᠷᠢᠯᠠᠨ᠂ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠢᠳᠡᠪᠬᠢᠲᠡᠶ ᠪᠣᠶ᠋ᠢᠵᠢᠭᠤᠯᠵᠤ᠂ 〈ᠨᠤᠲᠤᠭ᠎ᠤᠨ ᠣᠨᠴᠠ ᠭᠠᠷᠤᠯᠲᠠ〉 ᠵᠢᠨ ᠪᠦᠲᠦᠭᠡᠭᠳᠡᠬᠦᠨ᠎ᠦ ᠲᠥᠷᠥᠯ ᠲᠡᠮᠳᠡᠭ᠎ᠢ ᠪᠣᠶ ᠪᠣᠯᠭᠠᠵᠤ᠂ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠣᠯᠠᠭᠤᠯᠭ᠎ᠠ᠎ᠶᠢᠨ ᠲᠦᠭᠵᠢᠷᠡᠯ ᠬᠦᠴᠢᠷ ᠠᠰᠠᠭᠤᠳᠠᠯ᠎ᠢ ᠬᠦᠴᠦᠯᠡᠨ ᠨᠡᠪᠲᠡᠷᠡᠭᠦᠯᠵᠦ᠍᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠪᠣᠷᠣᠯᠠᠭᠤᠯᠭ᠎ᠠ᠎ᠶᠢᠨ ᠰᠢᠰᠲ᠋ᠧᠮ᠎ᠢ ᠪᠦᠷᠢᠨᠰᠢᠬᠦᠯᠤᠨ᠂ ᠴᠢᠨᠠᠷ ᠰᠠᠶ᠋ᠢᠲᠠᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠰᠠᠶ᠋ᠢᠨ ᠦᠨ᠎ᠡ᠎ᠪᠡᠷ ᠬᠤᠳᠠᠯᠳᠤᠵᠤ᠂ ᠮᠠᠯ ᠠᠵᠤ ᠠᠬᠤᠶ ᠲᠠᠷᠢᠶᠠᠯᠠᠩ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ᠌ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ᠎ᠦᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠦᠨ᠎ᠡ》 ᠭᠡᠪᠡ᠃
ᠪᠣᠳᠠᠲᠠᠢ ᠠᠵᠢᠯᠯᠠᠵᠤ ᠬᠥᠳᠡᠯᠭᠡᠬᠦ᠌ ᠬᠦᠴᠦᠨ᠎ᠢᠶᠡᠨ ᠬᠤᠷᠠᠮᠳᠤᠭᠤᠯᠵᠤ ᠠᠰᠢᠬ ᠬᠤᠨᠵᠢᠪᠦᠷᠢ᠎ᠶᠢ ᠲᠠᠷᠢᠶᠠᠨ ᠭᠠᠵᠠᠷ ᠲᠦ᠍ ᠨᠠᠶ᠋ᠢᠳᠠᠪᠤᠷᠢᠵᠢᠭᠤᠯᠤᠨ᠎ᠠ
《ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠨᠢ ᠪᠢᠳᠡᠨ᠎ᠦ ᠰᠢᠨ᠎ᠡ ᠠᠶᠠᠨᠳᠠᠭᠠᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠠᠵᠢᠯ᠎ᠢ ᠰᠠᠶ᠋ᠢᠲᠤᠷ ᠬᠢᠬᠦ᠌᠎ᠳᠦ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠶ ᠶᠢᠩ ᠵᠢᠶᠦᠢ᠍ᠨ᠂ ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠰᠢᠰᠲ᠋ᠧᠮ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠡᠭᠦᠨ᠎ᠡᠴᠡ ᠡᠮᠦᠨᠡᠬᠢ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠲᠠᠶ ᠨᠡᠪᠲᠡᠷᠡᠯᠴᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠡᠩ ᠴᠢᠨᠠᠷ ᠰᠠᠶ᠋ᠢᠲᠠᠢ ᠨᠡᠩ ᠭᠦᠢᠴᠡᠳ ᠠᠵᠢᠯ ᠣᠯᠭᠣᠯᠲᠠ᠂ ᠨᠠᠩ ᠴᠢᠨᠠᠷ ᠰᠠᠶ᠋ᠢᠲᠠᠶ ᠨᠡᠶ᠋ᠢᠭᠡᠮ᠎ᠦᠨ ᠪᠠᠲᠤᠯᠠᠭ᠎ᠠ᠂ ᠨᠠᠩ ᠠᠮᠢᠵᠢᠷᠠᠯ᠎ᠤᠨ ᠬᠦᠴᠦᠨ᠎ᠲᠡᠶ ᠴᠢᠳᠠᠪᠤᠷᠢᠲᠠᠨ᠎ᠤ ᠬᠥᠭᠵᠢᠯᠲᠡ᠂ ᠨᠠᠩ ᠡᠶ᠎ᠡ ᠵᠣᠬᠢᠴᠠᠯ᠎ᠲᠠᠶ ᠬᠥᠳᠡᠯᠮᠦᠷᠢ᠎ᠶᠢᠨ ᠬᠠᠷᠢᠴᠠᠭ᠎ᠠ ᠵᠢ ᠴᠢᠷᠮᠠᠶ᠋ᠢᠨ ᠪᠡᠶᠡᠯᠡᠭᠦᠯᠵᠦ᠂ ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠶ᠋ᠢᠵᠢᠷᠠᠭᠤᠯᠵᠤ᠂ ᠠᠷᠠᠳ ᠣᠯᠠᠨ᠎ᠤ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ᠌ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠭᠡᠵᠦ ᠢᠯᠡᠳᠭᠡᠪᠡ᠃
ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠨᠢ ᠥᠪᠥᠷ ᠮᠣᠩᠭᠣᠯ᠎ᠤᠨ ᠡᠬᠢ ᠪᠠᠶᠠᠯᠢᠭ᠎ᠲᠠᠭᠠᠨ ᠰᠠᠭᠤᠷᠢᠯᠠᠨ ᠤᠨᠴᠠᠯᠢᠬᠳᠤ ᠠᠵᠤ ᠦᠢᠯᠡᠰ᠎ᠢ ᠬᠥᠭᠵᠢᠭᠦᠯᠬᠦ᠌᠎ᠳᠦ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠪᠥᠬᠥ᠌ ᠣᠷᠣᠨ᠎ᠤ ᠴᠠᠭ ᠠᠭᠤᠷ᠎ᠤᠨ ᠰᠢᠰᠲ᠋ᠧᠮ ᠠᠭᠤᠷ ᠠᠮᠢᠰᠬᠤᠯ᠎ᠤᠨ ᠡᠬᠢ ᠪᠠᠶᠠᠯᠢᠭ᠎ᠤᠨ ᠥᠷᠲᠡᠭ᠎ᠢ ᠭᠦᠢᠴᠡᠳ ᠠᠭᠤᠳᠠᠯᠵᠤ᠂ ᠣᠶᠤᠨᠴᠢ ᠴᠠᠭ ᠠᠭᠤᠷ᠎ᠢᠶᠠᠷ ᠮᠠᠯ ᠠᠵᠤ ᠠᠬᠤᠶ᠎ᠲᠠᠷᠢᠶᠠᠯᠠᠩ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠪᠣᠯᠤᠨ᠎ᠠ᠃
《ᠲᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠂ ᠴᠠᠭ ᠠᠭᠤᠷ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢ᠎ᠶᠢᠨ ᠣᠳᠣᠬᠢᠴᠢᠯᠠᠯᠲᠠ ᠪᠠ ᠨᠡᠢᠭᠡᠮ᠎ᠦᠨ ᠦᠢᠯᠡᠴᠢᠯᠡᠭᠡᠨ᠎ᠦ ᠣᠳᠣᠬᠢᠴᠢᠯᠠᠯᠲᠠ᠎ᠪᠠᠷ ᠭᠠᠷᠳᠠᠴᠠ ᠪᠣᠯᠭᠠᠨ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨᠤ᠋ ᠦᠢᠯᠡᠳᠪᠦᠷᠢᠯᠡᠯ᠎ᠦᠨ ᠰᠠᠭᠤᠷᠢᠨ᠎ᠢ ᠬᠦᠴᠦᠯᠡᠨ ᠪᠦᠲᠦᠭᠡᠨ ᠪᠠᠶ᠋ᠢᠭᠤᠯᠬᠤ ᠳᠤᠮᠳᠠ ᠴᠠᠭ ᠠᠭᠤᠷ᠎ᠤᠨ ᠰᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ》 ᠬᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠎ᠶᠢᠨ ᠲᠤᠪᠴᠢᠶᠡᠨ ᠳᠠᠷᠤᠭ᠎ᠠ ᠵᠣᠣ ᠯᠢ ᠮᠢᠩ ᠢᠯᠡᠳᠬᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠶᠢᠨ ᠵᠠᠯᠠᠭᠤᠴᠤᠳ᠎ᠤᠨ ᠬᠥᠭᠵᠢᠭᠦᠯᠦᠯᠲᠡ᠎ᠶᠢᠨ ᠬᠡᠯᠲᠡᠰ᠎ᠦᠨ ᠳᠠᠷᠤᠭ᠎ᠠ ᠵᠠᠩ ᠬᠤᠸᠠ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠠᠯᠠᠭᠤᠴᠤᠳ᠎ᠢ ᠨᠢᠭ᠍ᠲᠠᠷᠠᠭᠤᠯᠬᠤ᠂ ᠵᠠᠯᠠᠭᠤᠴᠤᠳ᠎ᠢ ᠵᠣᠬᠢᠶᠠᠨ ᠪᠠᠢᠭᠤᠯᠤᠨ ᠳᠠᠢᠴᠢᠯᠠᠬᠤ᠂ ᠵᠠᠯᠠᠭᠤᠴᠤᠳ᠎ᠲᠠᠢ ᠬᠠᠷᠢᠯᠴᠠᠵᠤ ᠵᠠᠯᠠᠭᠤᠴᠤᠳ᠎ᠲᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠠᠯᠠᠭᠤ ᠪᠠᠶᠠᠵᠢᠯ᠎ᠤᠨ ᠳᠠᠭᠠᠭᠤᠯᠤᠭ᠍ᠴᠢ᠎ᠶᠢ ᠬᠥᠮᠥᠵᠢᠭᠦᠯᠬᠦ᠂ ᠨᠤᠲᠤᠭ᠎ᠲᠠᠭᠠᠨ ᠪᠤᠴᠠᠭᠰᠠᠨ ᠵᠠᠯᠠᠭᠤᠴᠤᠳ᠎ᠤᠨ ᠦᠢᠯᠡᠰ ᠪᠣᠰᠬᠠᠬᠤ᠎ᠶᠢ ᠲᠡᠳᠬᠦᠬᠦ᠂ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ᠎ᠶᠢ ᠴᠢᠬᠤᠯᠠ ᠭᠠᠷᠳᠠᠴᠠ ᠪᠣᠯᠭᠠᠨ᠎ᠠ; ᠵᠠᠯᠠᠭᠤᠴᠤᠳ᠎ᠢ ᠵᠣᠬᠢᠶᠠᠨ ᠪᠠᠢᠭᠤᠯᠵᠤ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠂ ᠨᠤᠭᠤ ᠭᠠᠵᠠᠷ᠎ᠤᠨ ᠬᠠᠮᠠᠭᠠᠯᠠᠯᠲᠠ᠂ ᠨᠤᠲᠤᠭ ᠪᠡᠯᠴᠢᠭᠡᠷ᠎ᠦᠨ ᠰᠡᠷᠭᠦᠭᠡᠯᠲᠡ ᠵᠡᠷᠭᠡ ᠠᠮᠢ ᠠᠬᠤᠢ᠎ᠶᠢᠨ ᠡᠮᠦᠨ᠎ᠡ ᠹᠷᠣᠨᠲ᠎ᠲᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠭᠤᠯᠵᠤ᠂ ᠵᠠᠯᠠᠭᠤᠴᠤᠳ᠎ᠤᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠠᠵᠠ ᠲᠣᠬᠢᠶᠠᠯ᠎ᠢ ᠠᠳᠬᠤᠬᠤ᠎ᠶᠢ ᠲᠡᠮᠵᠢᠵᠤ᠂ ᠪᠣᠬᠢᠷᠲᠤᠯ ᠦᠭᠡᠢ ᠪᠤᠳᠤᠯᠳᠡ᠎ᠶᠢᠨ ᠬᠦᠴᠦᠨ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠤᠷᠤᠯᠳᠤᠭᠠᠨ᠎ᠤ ᠵᠠᠮ᠎ᠳᠤ ᠮᠡᠷᠭᠡᠵᠢᠯ ᠰᠤᠷᠤᠯᠴᠠᠵᠤ᠂ ᠰᠢᠨ᠎ᠡ᠎ᠶᠢ ᠡᠭᠦᠳᠦᠨ ᠦᠢᠯᠡᠰ ᠪᠣᠰᠬᠠᠵᠤ᠂ ᠵᠠᠯᠠᠭᠤᠴᠤᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ ᠣᠷᠣᠨ ᠵᠠᠢ᠎ᠶᠢ ᠥᠷᠭᠡᠳᠬᠡᠨ᠎ᠡ ᠭᠡᠵᠤ ᠢᠯᠡᠳᠭᠡᠪᠡ᠃
《ᠶᠡᠷᠦᠩᠬᠡᠢ ᠱᠦᠵᠢ ᠪᠢᠳᠡᠨ᠎ᠳᠦ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ᠎ᠶᠢ ᠪᠦᠲᠦᠭᠡᠨ ᠪᠠᠶ᠋ᠢᠭᠤᠯᠬᠤ ᠴᠢᠭᠯᠡᠯ᠎ᠢ ᠲᠣᠳᠣᠷᠬᠠᠢ ᠵᠢᠭᠠᠵᠤ ᠥᠭᠭᠦᠭᠰᠡᠨ ᠪᠥᠭᠡᠳ ᠮᠠᠨ᠎ᠤ ᠥᠷᠭᠡᠨ ᠣᠯᠠᠨ ᠲᠠᠷᠢᠶᠠᠯᠠᠩ ᠮᠠᠯ ᠠᠵᠤ ᠠᠬᠤᠢ᠎ᠶᠢᠨ ᠠᠵᠢᠯᠲᠠᠳ᠎ᠲᠤ ᠮᠠᠰᠢ ᠶᠡᠬᠡ ᠵᠣᠷᠢᠭ᠍ᠵᠢᠭᠤᠯᠤᠯ ᠤᠯᠭᠤᠵᠠᠢ》 ᠬᠡᠵᠦ ᠰᠢᠯᠢᠩᠬᠤᠳᠡᠶᠢᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠲᠤᠪᠴᠢᠶ᠎ᠠ᠎ᠶᠢᠨ ᠳᠠᠷᠤᠭ᠎ᠠ ᠵᠢᠷᠦᠬᠡ ᠰᠣᠷᠪᠤᠯᠵᠢᠯᠠᠭ᠎ᠠ ᠬᠦᠯᠢᠶᠡᠬᠦᠳ᠋ᠡᠬᠡᠨ ᠶᠠᠷᠢᠯ᠎ᠠ᠃ 《ᠬᠣᠢᠰᠢᠳᠠ᠂ ᠰᠢᠯᠢᠩᠬᠣᠲᠠ᠎ᠶᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠲᠠᠰ ᠳᠡᠪᠰᠢᠬᠦ᠎ᠵᠢ ᠪᠥᠬᠥ ᠬᠦᠴᠦᠨ᠎ᠢᠶᠡᠷ᠎ᠢᠶᠡᠨ ᠴᠣᠭᠴᠠᠯᠠᠵᠤ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠰᠠᠭᠤᠷᠢᠨ᠎ᠢ ᠪᠦᠲᠦᠭᠡᠨ ᠪᠠᠶ᠋ᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠥᠬᠥ ᠲᠠᠯ᠎ᠠ᠎ᠪᠠᠷ ᠠᠬᠢᠭᠤᠯᠬᠤ᠎ᠳᠤ ᠪᠠᠲᠤ ᠪᠡᠬᠢ ᠲᠤᠯᠭᠠᠭᠤᠷᠢᠯᠠᠯ ᠬᠠᠩᠭᠠᠵᠤ᠂ ᠠᠵᠤ ᠦᠢᠯᠡᠰ᠎ᠦᠨ ᠦᠷ᠎ᠡ ᠠᠰᠢᠭ᠋᠎ᠢ ᠨᠡᠮᠡᠭᠳᠡᠭᠦᠯᠬᠦ᠂ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ᠂ ᠠᠮᠢ ᠠᠬᠤᠢ᠎ᠶᠢ ᠨᠣᠭᠣᠭᠠᠷᠠᠭᠤᠯᠬᠤ᠎ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠢᠲᠠᠢ ᠦᠷᠭᠦᠯᠵᠢᠯᠡᠬᠦ ᠬᠥᠭᠵᠢᠯᠲᠡ᠎ᠶᠢᠨ ᠰᠢᠨ᠎ᠡ ᠵᠠᠮ᠎ᠢᠶᠠᠷ ᠵᠠᠮᠨᠠᠨ᠎ᠠ》 ᠭᠡᠵᠦ ᠵᠢᠷᠤᠬᠡ ᠬᠡᠯᠡᠪᠡ᠃
(ᠲᠤᠰ ᠰᠣᠨᠢᠨ᠎ᠤ ᠰᠤᠷᠪᠤᠯᠵᠢᠯᠠᠭ᠍ᠴᠢ ᠬᠠᠨ ᠰᠢᠤᠸᠠᠢ ᠷᠦ ᠪᠠᠢ ᠳ᠋ᠠᠨ ᠰᠢᠤᠸᠠᠢ ᠯᠠᠢ ᠯᠢ ᠭᠦᠸᠧ ᠫᠢᠩ ᠾᠦᠸᠸ ᠰᠢᠶᠣᠣ ᠴᠢᠩ ᠮᠧᠢ ᠭᠠᠩ ᠱᠤᠸᠠᠢ ᠵᠧᠩ ᠰᠦᠨ ᠯᠢᠦ ᠪᠠᠶᠠᠰᠬᠤᠯᠠᠩ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃