2026-10-21 11:27:33
— ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠲᠤ᠌ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ
ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠭᠰᠠᠨ ᠨᠢ ᠪᠥᠬᠥ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠢ ᠶᠡᠬᠡᠳᠡ ᠤᠷᠮᠠᠰᠢᠭᠤᠯᠤᠨ ᠵᠣᠷᠢᠭ᠍ᠵᠢᠭᠤᠯᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠦᠳᠲᠡᠷ ᠲᠦᠷᠭᠡᠨ ᠬᠥᠳᠡᠯᠦᠯᠴᠡᠵᠦ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠨ ᠵᠠᠰᠠᠬᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠢ ᠪᠣᠢᠵᠢᠭᠤᠯᠬᠤ᠂ ᠣᠨᠴᠠᠯᠢᠭ᠍ᠲᠤ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠬᠤ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢᠨ ᠲᠣᠭᠣᠷᠢᠨ᠎ᠳᠤ᠂ ᠲᠣᠰ ᠪᠡᠶ᠎ᠡ᠎ᠶᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠢᠨ᠎ᠡ ᠰᠡᠳᠬᠢᠮᠵᠢ ᠰᠢᠨ᠎ᠡ ᠠᠷᠭ᠎ᠠ ᠬᠡᠮᠵᠢᠶ᠎ᠡ᠎ᠶᠢ ᠲᠦᠯᠦᠪᠵᠢᠭᠦᠯᠦᠨ ᠨᠠᠷᠢᠯᠢᠭ᠍ᠵᠢᠭᠤᠯᠵᠤ᠂ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠤᠯᠠᠷᠢᠭᠤᠯᠪᠠ᠃
10 ᠰᠠᠷ᠎ᠠ᠎ᠶᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠤ᠋ᠨ ᠬᠢᠨ ᠬᠡᠯᠳᠡᠰ ᠤ᠋ᠨ ᠶᠠᠪᠤᠳᠠᠯ ᠤᠨ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ᠎ᠶᠢ ᠰᠤᠳᠤᠯᠪᠠ᠃ ᠰᠤᠷᠤᠯᠴᠠᠯᠭ᠎ᠠ ᠪᠣᠯᠪᠠᠰᠤᠷᠠᠯ᠎ᠢ ᠪᠣᠳᠠᠲᠠᠢ ᠠᠳᠬᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷᠴᠤᠳ᠎ᠤᠨ ᠳᠡᠭᠡᠳᠦ ᠰᠤᠷᠭᠠᠭᠤᠯᠢ᠎ᠶᠢᠨ ᠭᠣᠣᠯ ᠴᠣᠭᠴᠠ᠎ᠶᠢᠨ ᠪᠤᠯᠪᠠᠰᠤᠷᠠᠯ ᠤ᠋ᠨ ᠠᠩᠭᠢ᠎ᠶᠢᠨ ᠴᠢᠬᠤᠯᠠ ᠠᠭᠤᠯᠭ᠎ᠠ ᠪᠣᠯᠭᠠᠵᠤ᠂ ᠲᠡᠰ ᠳᠠᠪᠬᠤᠷᠭ᠎ᠠ ᠲᠦᠷᠦᠯ ᠬᠤᠪᠢᠶᠠᠨ ᠪᠣᠯᠪᠠᠰᠤᠷᠠᠯ ᠥᠷᠨᠢᠭᠦᠯᠵᠦ᠂ ᠲᠠᠷᠢᠬᠢ ᠲᠣᠯᠣᠭᠠᠢ ᠰᠡᠳᠬᠢᠯ ᠵᠢᠷᠦᠬᠡᠨ ᠳ᠋ᠤ ᠬᠦᠷᠳᠡᠯ᠎ᠡ ᠬᠠᠳᠠᠩᠰᠢᠭᠤᠯᠵᠥ᠂ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠬᠦ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠠᠵᠤ ᠦᠢᠯᠡᠰ᠎ᠦᠨ ᠬᠥᠭᠵᠢᠯᠲᠡ᠎ᠶᠢ ᠲᠦᠷᠭᠡᠳᠬᠡᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ ᠵᠡᠷᠭᠡ ᠭᠣᠣᠯᠳᠠᠯᠭ᠎ᠠ᠎ᠳᠤ ᠡᠭᠦᠷᠭᠡ᠎ᠲᠠᠢ ᠨᠢᠭ᠍ᠲᠠ ᠤᠶᠠᠯᠳᠤᠭᠤᠯᠤᠨ᠂ ᠤᠳᠤᠷᠢᠳᠬᠤ ᠪᠠᠭ᠎ᠤᠨ ᠬᠤᠭᠤᠴᠠᠭ᠎ᠠ ᠰᠣᠯᠢᠬᠤ᠎ᠪᠠᠷ ᠠᠵᠠ ᠲᠣᠬᠢᠶᠠᠯ ᠪᠣᠯᠭᠠᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ 《ᠳᠥᠷᠪᠡᠨ ᠣᠨᠴᠠᠭᠠᠶ》 ᠴᠢᠬᠤᠯᠠ ᠱᠠᠭᠠᠷᠳᠠᠯᠭ᠎ᠠ᠎ᠶᠢ ᠵᠢᠱ᠌ᠢᠶᠡᠴᠢ᠎ᠪᠡᠷ ᠦᠢᠯᠡᠳᠦᠯᠭᠡᠵᠢᠭᠦᠯᠬᠦ ᠺᠠᠳ᠋ᠷ᠎ᠤᠨ ᠡᠩᠨᠡᠭᠡ᠎ᠶᠢ ᠪᠠᠢᠭᠤᠯᠵᠤ᠂ 《ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠳᠦ ᠲᠦᠰᠢᠭᠯᠡᠨ ᠪᠠᠴᠢᠮ ᠱᠠᠭᠠᠷᠳᠠᠭᠳᠠᠵᠤ ᠳᠤᠲᠠᠭᠳᠠᠵᠤ ᠪᠠᠢᠬᠤ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠦᠢᠯᠡᠴᠢᠯᠡᠭᠡ ᠪᠠᠲᠤᠯᠠᠭ᠎ᠠ᠎ᠶᠢ ᠰᠠᠢᠲᠤᠷ ᠠᠳᠬᠤᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠥ᠎ᠶᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠢ ᠦᠨᠡᠨ ᠬᠦ᠌ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠬᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶᠢ ᠴᠢᠩᠳᠠᠯᠠᠵᠤ᠂ ᠬᠥᠮᠥᠨ ᠰᠣᠩᠭᠣᠵᠤ ᠬᠥᠮᠥᠨ ᠬᠡᠷᠡᠭᠯᠡᠬᠦ ᠲᠥᠪ ᠪᠤᠰᠤ ᠰᠤᠷᠲᠠᠯ᠎ᠢ ᠭᠦᠨᠵᠡᠭᠡᠢ ᠴᠡᠭᠴᠡᠯᠡᠨ ᠵᠠᠰᠠᠵᠤ᠂ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃
10 ᠰᠠᠷ᠎ᠠ᠎ᠶᠢᠨ 19 ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ ᠵᠢᠨ ᠬᠢᠨ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ ᠡᠴᠡ᠂ 《ᠠᠷᠪᠠ ᠵᠠᠭᠤ ᠮᠢᠩᠭ᠎ᠠ ᠲᠦᠮᠡ》 ᠵᠢᠨ ᠡᠮᠡᠭᠲᠡᠶ᠋ᠢᠴᠦᠳ᠎ᠦᠨ ᠶᠡᠬᠡ ᠤᠬᠠᠭᠤᠯᠤᠨ ᠲᠠᠶ᠋ᠢᠯᠪᠤᠷᠢᠯᠠᠯᠲᠠ᠎ᠳᠤ ᠲᠦᠰᠢᠭᠯᠡᠨ᠂ ᠤᠮᠠᠷᠠᠲᠤ᠌ ᠬᠢᠯᠢ᠎ᠶᠢᠨ ᠡᠮᠡᠭᠲᠡᠶ᠋ᠢᠴᠦᠳ᠎ᠦᠨ ᠲᠠᠭᠤᠨ᠂ ᠥᠪᠥᠷ ᠮᠣᠩᠭᠣᠯ᠎ᠤᠨ ᠡᠮᠡᠭᠲᠡᠶ᠋ᠢᠴᠦᠳ᠎ᠦᠨ ᠰᠦᠯᠵᠢᠶ᠎ᠡ ᠵᠡᠷᠭᠡ ᠲᠠᠪᠴᠠᠩ᠎ᠢ ᠰᠠᠶ᠋ᠢᠲᠤᠷ ᠠᠰᠢᠭᠯᠠᠵᠤ᠂ ᠦᠨᠳᠦᠰᠦᠨ ᠱᠠᠲᠤᠨ᠎ᠤ ᠡᠮᠡᠭᠲᠡᠶ᠋ᠢᠴᠦᠳᠲᠦ᠍ ᠬᠠᠨᠳᠤᠭᠤᠯᠤᠨ ᠱᠠᠲᠤ᠌ ᠬᠤᠪᠢᠶᠠᠨ᠂ ᠬᠤᠪᠢᠶᠠᠷᠢᠴᠢᠯᠠᠨ ᠤᠬᠠᠭᠤᠯᠤᠨ ᠲᠠᠶ᠋ᠢᠯᠪᠤᠷᠢᠯᠠᠬᠤᠠᠵᠢᠯ ᠥᠷᠨᠢᠭᠦᠯᠵᠦ᠍᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠡᠷᠡᠰ ᠪᠠᠲᠤ᠌ ᠤᠯᠤᠰ ᠲᠥᠷᠥ᠎ᠶᠢᠨ ᠢᠲᠡᠭᠡᠯ ᠪᠢᠰᠢᠷᠡᠯ᠂ ᠢᠯᠡ ᠲᠣᠳᠣ ᠠᠵᠢᠯ᠎ᠤᠨ ᠰᠡᠳᠬᠢᠮᠵᠢ ᠪᠠ ᠪᠣᠳᠠᠲᠠᠶ᠎ᠶᠢ ᠡᠷᠬᠢᠮᠯᠡᠭᠰᠡᠨ ᠠᠵᠢᠯᠯᠠᠭᠠᠨ᠎ᠤ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ ᠬᠡᠷᠡᠭᠲᠡᠶ; ᠠᠮᠢ ᠠᠬᠤᠢ᠎ᠶᠢᠨ ᠪᠣᠯᠪᠠᠰᠤᠨ᠎ᠤ ᠪᠣᠬᠢᠷᠲᠤᠯ ᠦᠭᠡᠢ ᠬᠥᠭᠵᠢᠯᠲᠡ᠎ᠶᠢᠨ ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠤᠬᠠᠭᠤᠯᠭ᠎ᠠ᠂ ᠦᠵᠡᠰᠬᠦᠯᠡᠩᠲᠦ᠍ ᠰᠠᠶ᠋ᠢᠬᠠᠨ ᠭᠡᠷ ᠪᠦᠯᠢ᠎ᠶᠢᠨ ᠪᠠᠶ᠋ᠢᠭᠤᠯᠤᠯᠲᠠ᠂ ᠪᠣᠬᠢᠷᠲᠤᠯ ᠦᠭᠡᠢ ᠭᠡᠷ ᠪᠦᠯᠢ᠎ᠶᠢ ᠡᠭᠦᠳᠦᠨ ᠪᠠᠶ᠋ᠢᠭᠤᠯᠬᠤ ᠵᠡᠷᠭᠡ ᠠᠵᠢᠯᠯᠠᠭ᠎ᠠ᠎ᠶᠢ ᠪᠠᠶ᠋ᠢᠩᠭᠤ ᠥᠷᠨᠢᠭᠦᠯᠬᠦ᠌ ᠬᠡᠷᠡᠭᠲᠡᠢ; ᠪᠥᠬᠥ᠌ ᠣᠷᠣᠨ᠎ᠤ ᠲᠣᠭᠠᠴᠢᠯᠠᠭᠰᠠᠨ ᠠᠵᠤ ᠠᠬᠤᠶ᠎ᠶᠢᠨ ᠪᠠᠶ᠋ᠢᠷᠢᠰᠢᠭᠤᠯᠤᠯᠲᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠡᠮᠡᠭᠲᠡᠶ᠋ᠢᠴᠦᠳᠲᠦ᠍ ᠬᠠᠨᠳᠤᠭᠤᠯᠤᠨ ᠲᠣᠭᠠᠴᠢᠯᠠᠭᠰᠠᠨ ᠤᠷ᠎ᠠ ᠴᠢᠳᠠᠪᠤᠷᠢ᠂ ᠰᠦᠯᠵᠢᠶᠡᠨ᠎ᠦ ᠬᠡᠷᠡᠭᠯᠡᠯᠲᠡ᠂ ᠡᠯᠧᠺᠲ᠋ᠷᠣᠨ ᠬᠤᠳᠠᠯᠳᠤᠭᠠᠨ᠎ᠤ ᠡᠵᠡᠩᠨᠡᠯᠲᠡ᠂ ᠣᠶᠤᠨᠳᠤ᠎ᠪᠠᠷ ᠠᠵᠢᠯᠯᠠᠬᠤ ᠵᠡᠷᠭᠡ ᠪᠣᠯᠪᠠᠰᠤᠷᠠᠯ᠎ᠢ ᠲᠠᠰ ᠳᠠᠪᠬᠤᠷᠭ᠎ᠠ ᠲᠥᠷᠥᠯ ᠬᠤᠪᠢᠶᠠᠨ ᠥᠷᠨᠢᠭᠦᠯᠵᠦ᠍᠂ ᠲᠣᠭᠠᠴᠢᠯᠠᠭᠰᠠᠨ ᠠᠷᠭ᠎ᠠ ᠪᠠᠷᠢᠯ᠎ᠳᠤ ᠲᠦᠰᠢᠭᠯᠡᠨ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠶ᠋ᠢᠯᠪᠤᠷᠢᠯᠠᠬᠤ᠂ ᠠᠵᠢᠯ ᠣᠯᠭᠣᠯᠲᠠ᠎ᠶᠢ ᠵᠣᠯᠭᠠᠭᠤᠯᠬᠤ᠂ ᠦᠢᠯᠡᠰ ᠪᠤᠰᠬᠠᠬᠤ᠎ᠶᠢ ᠵᠢᠯᠣᠭᠣᠳᠬᠤ᠂ ᠡᠷᠬᠡ ᠠᠰᠢᠭ ᠢ᠋ ᠬᠠᠮᠠᠭᠠᠯᠠᠬᠤ ᠦᠢᠯᠡᠴᠢᠯᠡᠭᠡ᠂ ᠬᠡᠷ ᠪᠦᠯᠢ᠎ᠶᠢᠨ ᠬᠠᠶ᠋ᠢᠷ᠎ᠠ ᠬᠠᠯᠠᠮᠵᠢ ᠵᠡᠷᠭᠡ ᠦᠢᠯᠡᠴᠢᠯᠡᠭᠡ᠎ᠶᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂ ᠡᠮᠡᠭᠲᠡᠶ᠋ᠢᠴᠦᠳᠲᠦ᠍ ᠦᠢᠯᠡᠴᠢᠯᠡᠬᠦ᠌ ᠣᠨᠣᠪᠴᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠵᠦ᠍᠂ ᠡᠮᠡᠭᠲᠡᠶ᠋ᠢᠴᠦᠳ ᠬᠡᠦᠬᠡᠳ᠎ᠦᠨ ᠡᠯ᠎ᠡ ᠵᠦᠢᠯ᠎ᠦᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠣᠷᠳᠣᠰ ᠬᠣᠲᠠ᠎ᠶᠢᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ ᠬᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠠᠮᠢ ᠠᠬᠤᠢ᠎ᠶᠢᠨ ᠪᠠᠶ᠋ᠢᠴᠠᠭᠠᠯᠲᠠ ᠵᠢᠨ ᠠᠵᠢᠯ᠎ᠢ ᠭᠦᠨᠵᠡᠭᠡᠶ᠋ᠢᠷᠡᠭᠦᠯᠵᠦ᠍᠂ ᠠᠭᠤᠯᠠ ᠰᠢᠭᠤᠢ᠂ ᠭᠣᠣᠯ ᠮᠥᠷᠡᠨ ᠨᠠᠭᠤᠷ ᠪᠦᠷᠢᠳᠦ᠂ ᠨᠤᠲᠤᠭ ᠪᠡᠯᠴᠢᠭᠡᠷ᠎ᠦᠨ 《ᠠᠮᠢ ᠠᠬᠤᠢ᠎ᠶᠢᠨ ᠪᠠᠶ᠋ᠢᠴᠠᠭᠠᠯᠲᠠ ᠵᠢᠨ ᠭᠤᠷᠪᠠᠨ ᠶᠡᠬᠡ ᠬᠠᠮᠵᠢᠯᠴᠠᠭᠠᠨ᠎ᠤ ᠨᠢᠭᠡᠳᠦᠯᠲᠡᠢ ᠠᠵᠢᠯᠯᠠᠭ᠎ᠠ》 ᠵᠢ ᠦᠷᠭᠦᠯᠵᠢᠯᠡᠨ ᠠᠬᠢᠭᠤᠯᠵᠤ᠂ 《ᠲᠦᠷᠪᠡᠨ ᠶᠡᠬᠡ ᠪᠠᠶ᠋ᠢᠴᠠᠭᠠᠯᠲᠠ》ᠵᠢ ᠨᠢᠭᠡ ᠴᠤᠬᠴᠠᠵᠢᠭᠤᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠎ᠶᠢ ᠭᠦᠨᠵᠡᠭᠡᠶ᠋ᠢᠷᠡᠭᠦᠯᠵᠦ᠍᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠠᠮᠢ ᠠᠬᠤᠢ᠎ᠶᠢᠨ ᠬᠠᠮᠠᠭᠠᠯᠠᠯᠲᠠ᠎ᠶᠢᠨ ᠲᠣᠭᠲᠠᠭᠠᠯ᠎ᠢ ᠵᠥᠷᠢᠴᠡᠭᠰᠡᠨ ᠶᠠᠯᠠᠲᠤ᠌ ᠠᠵᠢᠯᠯᠠᠭ᠎ᠠ᠎ᠶᠢ ᠵᠠᠯᠬᠠᠭᠠᠨ ᠰᠢᠢᠳᠬᠡᠬᠦ᠌ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ᠃ ᠪᠣᠬᠢᠷᠲᠤᠯ ᠦᠭᠡᠢ ᠪᠤᠳᠤᠯᠲᠠ ᠵᠢᠨ ᠬᠦᠴᠦᠨ ᠪᠣᠯᠤᠨ ᠡᠨᠧᠷᠭᠢ᠎ᠶᠢᠨ ᠠᠵᠤ ᠦᠢᠯᠡᠰ᠎ᠢ ᠬᠠᠮᠠᠭᠠᠯᠠᠵᠤ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠂ ᠨᠡᠭᠦᠷᠡᠰᠦᠲᠤᠢ᠍ᠷᠥᠭᠴᠢ ᠦᠭᠡᠢ ᠪᠠᠭ᠎ᠠ ᠨᠡᠭᠦᠷᠡᠰᠦᠲᠤᠢ᠍ᠷᠥᠭᠴᠢᠳᠤ᠂ 《ᠰᠠᠯᠬᠢ ᠭᠡᠷᠡᠯ᠎ᠢ ᠤᠰᠤᠲᠥᠢ᠍ᠷᠥᠭᠴᠢᠵᠢᠭᠦᠯᠤᠨ ᠬᠠᠳᠠᠭᠠᠯᠠᠬᠤ ᠪᠠ ᠰᠢᠨ᠎ᠠ ᠡᠨ᠋ᠸᠷᠭᠢ ᠵᠢᠨ ᠲᠡᠷᠭᠡ》᠂ ᠡᠨᠧᠷᠭᠢ᠎ᠶᠢᠨ ᠬᠡᠯᠪᠡᠷᠢ᠎ᠶᠢ ᠬᠤᠪᠢᠷᠠᠭᠤᠯᠬᠤ ᠵᠡᠷᠭᠡ ᠭᠣᠣᠯᠳᠠᠯᠭ᠎ᠠ᠎ᠲᠠᠶ ᠠᠵᠤ ᠦᠢᠯᠡᠰ᠎ᠲᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠎ᠦᠨ ᠬᠥᠭᠵᠢᠯᠲᠡ᠎ᠶᠢᠨ ᠣᠨᠴᠠᠯᠢᠭᠲᠤ᠌ ᠨᠡᠶ᠋ᠢᠴᠡᠭᠰᠡᠨ ᠪᠠᠶ᠋ᠢᠴᠠᠭᠠᠯᠲᠠ ᠵᠢᠨ ᠦᠢᠯᠡᠴᠢᠯᠡᠭᠡ ᠪᠠᠲᠤᠯᠠᠭ᠎ᠠ᠎ᠶᠢ ᠲᠡᠭᠦᠯᠳᠡᠷᠵᠢᠭᠦᠯᠬᠦ᠌ ᠬᠡᠷᠡᠭᠲᠡᠢ᠃ ᠮᠠᠯ ᠠᠵᠤ ᠠᠬᠤᠢ ᠲᠠᠷᠢᠶᠠᠯᠠᠩ᠎ᠳᠤ ᠬᠣᠯᠪᠣᠭᠳᠠᠭᠰᠠᠨ ᠪᠠᠶ᠋ᠢᠴᠠᠭᠠᠯᠲᠠ ᠵᠢᠨ ᠠᠵᠢᠯ᠎ᠢ ᠴᠢᠩᠭᠠᠳᠬᠠᠵᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮᠡᠲᠠᠷᠢᠶᠠᠯᠠᠩ ᠤ᠋ᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠎ᠲᠠᠶ ᠤᠶᠠᠯᠳᠤᠭᠤᠯᠤᠨ᠂ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠪᠠᠶ᠋ᠢᠴᠠᠭᠠᠯᠲᠠ ᠪᠡᠷ 《ᠣᠷᠳᠣᠰ᠎ᠤᠨ ᠲᠦᠷᠦᠯ ᠲᠡᠮᠳᠡᠭ》 ᠢ᠋ ᠬᠠᠮᠠᠭᠠᠯᠠᠬᠤ ᠲᠤᠰᠬᠠᠢ ᠬᠢᠨᠠᠯᠲᠠ ᠲᠠᠯᠪᠢᠯᠳᠠ ᠵᠢ ᠥᠷᠨᠢᠭᠦᠯᠵᠦ᠍᠂ ᠣᠷᠳᠣᠰ᠎ᠤᠨ ᠢᠮᠠᠭᠠᠨ ᠨᠣᠣᠯᠤᠭᠤᠷ᠂ ᠣᠲᠣᠭ᠎ᠤᠨ ᠠᠷᠪᠠᠰ ᠢᠮᠠᠭᠠᠨ ᠮᠢᠬ᠎ᠠ ᠵᠡᠷᠭᠡ ᠭᠠᠵᠠᠷ ᠵᠦᠢ᠎ᠶᠢᠨ ᠢᠯᠡᠷᠬᠡᠢᠯᠡᠯᠲᠦ ᠪᠦᠲᠦᠭᠡᠭᠳᠡᠬᠦᠨ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
ᠬᠥᠬᠡᠬᠣᠲᠠ ᠪᠣᠭᠣᠮᠲᠠ᠎ᠶᠢᠨ ᠬᠠᠷᠢᠶᠠᠳᠤ ᠰᠠᠶ᠋ᠢᠬᠠᠨ ᠪᠣᠭᠣᠮᠲᠠ᠎ᠶᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢᠶᠡᠨ ᠣᠷᠣᠨ᠎ᠤ ᠲᠥᠪ᠎ᠦᠨ ᠨᠡᠭᠡᠭᠡᠯᠲᠡᠲᠦ᠍ ᠬᠥᠭᠵᠢᠯᠲᠡ᠎ᠳᠦ ᠦᠢᠯᠡᠴᠢᠯᠡᠬᠦ᠌ ᠪᠣᠳᠠᠲᠠᠢ ᠠᠵᠢᠯᠯᠠᠭ᠎ᠠ ᠪᠣᠯᠭᠠᠨ ᠤᠯᠠᠷᠢᠭᠤᠯᠬᠤ ᠪᠠᠷ ᠴᠢᠷᠮᠠᠶ᠋ᠢᠪᠠ᠃ ᠬᠠᠷᠢᠭᠤᠴᠠᠯᠭᠠᠲᠠᠨ ᠬᠤ᠌ ᠵᠢᠶᠦᠢ᠍ᠨ᠂ ᠰᠠᠶ᠋ᠢᠬᠠᠨ ᠪᠣᠭᠣᠮᠲᠠ᠎ᠶᠢᠨ ᠬᠢᠨ ᠰᠢᠨᠵᠢᠯᠡᠬᠦ᠌ ᠤᠬᠠᠭᠠᠨᠴᠢ᠎ᠪᠠᠷ ᠬᠦᠳᠦᠯᠥᠨ ᠳᠠᠭᠠᠭᠤᠯᠬᠤ᠎ᠶᠢ ᠪᠠᠷᠢᠮᠲᠠᠯᠠᠵᠤ᠂ ᠲᠤᠰ ᠭᠠᠵᠠᠷ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠣᠷᠣᠨ᠎ᠤ ᠲᠥᠪ᠎ᠦᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠸᠮ᠎ᠤᠨ ᠪᠠᠶ᠋ᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠶᠢ ᠲᠡᠮᠵᠢᠵᠥ᠍᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠂ ᠰᠢᠨ᠎ᠡ ᠡᠨᠧᠷᠭᠢ᠂ ᠠᠮᠢᠳᠤ ᠪᠣᠳᠠᠰ ᠡᠮ ᠡᠮᠨᠡᠯᠭᠡ ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ ᠵᠢᠴᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠂ ᠢᠳᠡᠰᠢᠨᠦ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ ᠤᠨᠴᠠᠯᠢᠬᠳᠤ ᠠᠵᠤ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠠᠬᠢᠭᠤᠯᠵᠤ᠂ ᠲᠦᠷᠢᠮ᠎ᠦᠨ ᠰᠢᠨ᠎ᠡ᠎ᠶᠢ ᠡᠭᠦᠳᠬᠦ᠌᠎ᠶᠢ ᠦᠷᠭᠦᠯᠵᠢᠯᠡᠨ ᠥᠷᠨᠢᠭᠦᠯᠵᠦ᠍᠂ ᠰᠦᠪᠡᠭᠴᠢᠯᠡᠨ ᠦᠢᠯᠡᠳᠦᠯᠭᠡᠵᠢᠭᠦᠯᠵᠦ᠍᠂ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠳᠦᠭᠡᠨ ᠪᠠᠶ᠋ᠢᠭᠤᠯᠤᠯᠲᠠ᠎ᠶᠢ ᠠᠬᠢᠭᠤᠯᠵᠤ᠂ ᠬᠥᠬᠡᠬᠣᠲᠠ᠎ᠶᠢᠨ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ᠎ᠶᠢᠨ ᠭᠣᠣᠯ ᠬᠦᠢᠰᠦ᠎ᠶᠢ ᠴᠣᠭᠴᠠᠯᠠᠬᠤ᠎ᠳᠤ ᠬᠦᠴᠦᠨ ᠨᠡᠮᠡᠷᠢᠯᠡᠵᠦ᠍᠂ ᠥᠪᠥᠷ ᠮᠣᠩᠭᠣᠯ᠎ᠤᠨ ᠴᠢᠨᠠᠷ ᠰᠠᠶ᠋ᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠨᠡᠭᠡᠭᠡᠯᠳᠠᠳᠦ ᠪᠣᠭᠣᠮᠲᠠ᠎ᠶᠢᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃