2026-10-21 11:00:31
— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠪᠦᠬᠦ ᠣᠷᠣᠨ᠎ᠤ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ
ᠴᠢᠩ ᠰᠡᠳᠬᠢᠯ᠎ᠦᠨ ᠨᠠᠶ᠋ᠢᠳᠠᠯᠭ᠎ᠠ ᠨᠢ ᠬᠥᠮᠥᠰ᠎ᠢ ᠤᠷᠮᠠᠰᠢᠭᠤᠯᠤᠨ ᠵᠣᠷᠢᠭ᠍ᠵᠢᠭᠤᠯᠵᠤ᠂ ᠪᠣᠳᠠᠲᠠᠢ ᠠᠵᠢᠯᠯᠠᠬᠤ ᠠᠶᠠᠨ ᠳ᠋ᠤ ᠵᠣᠭᠰᠣᠰᠢ ᠦᠭᠡᠢ ᠤᠷᠤᠭᠰᠢᠯᠠᠨ᠎ᠠ᠃ ᠣᠢᠷ᠎ᠠ᠎ᠶᠢᠨ ᠡᠳᠦᠷ᠎ᠦᠳ᠎ᠲᠦ᠂ ᠪᠦᠬᠦ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠶᠡᠬᠡᠳᠡ ᠵᠣᠷᠢᠭ᠍ᠵᠢᠵᠤ᠂ ᠡᠷᠴᠢ ᠵᠣᠷᠢᠭ ᠨᠢ ᠬᠥᠪᠴᠢᠯᠡᠭᠳᠡᠪᠡ᠃ ᠤᠯᠠᠨ᠎ᠢᠶᠠᠷ᠎ᠢᠶᠠᠨ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠳᠠᠪᠠᠭᠤᠯᠢᠭ᠋᠎ᠢᠶᠠᠨ ᠪᠠᠳᠠᠷᠠᠭᠤᠯᠵᠤ᠂ ᠬᠣᠷᠢᠭ᠎ᠠ ᠱᠤᠭᠤᠮ᠎ᠢ ᠰᠠᠬᠢᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ᠂ ᠶᠡᠷᠦᠩᠬᠡᠢ ᠱᠦᠵᠢ᠎ᠶᠢᠨ ᠴᠢᠩ ᠰᠡᠳᠭᠢᠯ ᠤ᠋ᠨ ᠬᠦᠰᠡᠯ ᠨᠠᠶ᠋ᠢᠳᠠᠯᠭ᠎ᠠ᠎ᠶᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠯᠠᠪᠳᠠᠭᠤᠨ ᠪᠠᠲᠤᠲᠠᠢ ᠠᠵᠢᠯᠯᠠᠭ᠎ᠠ ᠪᠣᠯᠭᠠᠨ ᠤᠯᠠᠷᠢᠭᠤᠯᠤᠨ᠎ᠠ ᠭᠡᠵᠦ ᠢᠯᠡᠳᠬᠡᠵᠡᠭᠡᠪᠡ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠤᠳᠤᠷᠢᠳᠤᠮᠵᠢ᠎ᠶᠢ ᠪᠠᠲᠤ ᠪᠣᠶ ᠪᠣᠯᠭᠠᠵᠤ᠂ ᠠᠯᠤᠰ ᠬᠡᠲᠦ᠎ᠶᠢᠨ ᠬᠥᠭᠵᠢᠯᠲᠡ᠎ᠶᠢᠨ ᠣᠷᠣᠨ ᠪᠠᠢᠷᠢ᠎ᠶᠢ ᠪᠠᠳᠤ ᠡᠵᠡᠮᠳᠡᠨ᠎ᠠ
ᠪᠥᠬᠥ ᠣᠷᠣᠨ᠎ᠤ ᠡᠯ᠎ᠡ ᠰᠠᠯᠠᠭ᠎ᠠ ᠮᠥᠴᠢᠷ᠎ᠦᠳ ᠠᠯᠤᠰ ᠬᠡᠲᠦ᠎ᠶᠢᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠭᠤᠷᠢᠯᠠᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠪᠡᠷ ᠡᠯ᠎ᠡ ᠵᠦᠢᠯ᠎ᠦᠨ ᠠᠵᠢᠯ ᠦᠢᠯᠡᠰ᠎ᠢ ᠬᠥᠲᠥᠯᠥᠨ ᠵᠢᠯᠤᠭᠣᠳᠴᠤ ᠲᠣᠭᠲᠠᠭᠤᠨ᠎ᠢᠶᠠᠷ ᠤᠷᠤᠭᠰᠢᠯᠠᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠦᠨ ᠳᠠᠷᠤᠭ᠎ᠠ ᠮᠥᠩᠬᠡ᠂ ᠪᠦᠬᠦ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠦᠨ᠎ᠡ᠃ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠠᠶᠤᠯᠭᠦᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ᠎ᠦ ᠱᠠᠭᠠᠷᠳᠠᠯᠭ᠎ᠠ᠎ᠶᠢ ᠲᠦᠷᠦᠯ ᠵᠦᠢᠯ᠎ᠦᠨ ᠪᠦᠬᠦ ᠠᠮᠢ ᠨᠠᠰᠤᠨ᠎ᠤ ᠪᠦᠬᠦ ᠦᠶᠡᠯᠡᠯ᠎ᠳᠦ ᠠᠭᠤᠰᠤᠯᠴᠠᠭᠤᠯᠵᠤ᠂ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠭᠡ ᠪᠠᠲᠤᠯᠠᠭ᠎ᠠ ᠬᠠᠩᠭᠠᠨ᠎ᠠ᠃ 《ᠵᠢᠷᠭᠤᠭ᠎ᠠ᠎ᠶᠢ ᠨᠢᠭᠡ ᠴᠣᠭᠴᠠᠵᠢᠭᠤᠯᠬᠤ》 ᠠᠷᠭ᠎ᠠ ᠪᠠᠷᠢᠯ᠎ᠢ ᠶᠡᠷᠦᠩᠬᠡᠢᠯᠡᠨ ᠬᠡᠷᠡᠭᠯᠡᠵᠦ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠦᠨ ᠪᠠᠢᠳᠠᠯ᠎ᠢ ᠬᠢᠨᠠᠨ ᠬᠡᠮᠵᠢᠵᠦ᠂ ᠲᠤᠰᠠᠭᠠᠷᠯᠠᠬᠤ ᠪᠦᠰᠡ ᠲᠤᠬᠢᠷᠠᠭᠤᠯᠬᠤ ᠪᠠ ᠣᠶ᠎ᠰᠢᠭᠤᠢ ᠵᠢᠨ ᠰᠢᠳᠠᠮᠠᠬᠠᠢ ᠪᠤᠳᠠᠰ ᠢ᠋ ᠴᠡᠪᠡᠷᠯᠡᠬᠦ᠎ᠶᠢ ᠰᠢᠨᠵᠢᠯᠡᠬᠦ ᠤᠬᠠᠭᠠᠨᠴᠢ ᠡᠮᠬᠢ ᠵᠢᠷᠤᠮ᠎ᠲᠠᠢ ᠠᠬᠢᠭᠤᠯᠵᠤ᠂ ᠡᠯ᠎ᠡ ᠲᠥᠷᠥᠯ᠎ᠦᠨ ᠲᠤᠰᠬᠠᠢ ᠮᠡᠷᠭᠡᠵᠢᠯ ᠪᠠ ᠬᠠᠭᠠᠰ ᠲᠤᠰᠬᠠᠢ ᠮᠡᠷᠭᠡᠵᠢᠯ ᠤ᠋ᠨ ᠭᠠᠯ ᠤᠨᠲᠠᠷᠠᠭᠠᠬᠤ ᠬᠦᠴᠦᠨ᠎ᠢ ᠨᠢᠭᠡᠳᠦᠯᠲᠡᠢ ᠲᠥᠯᠥᠪᠵᠢᠭᠦᠯᠵᠦ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠂ ᠣᠯᠠᠨ᠎ᠢᠶᠠᠷ᠎ᠢᠶᠠᠨ ᠰᠡᠷᠭᠡᠢᠯᠡᠵᠦ ᠣᠯᠠᠨ᠎ᠢᠶᠠᠷ᠎ᠢᠶᠠᠨ ᠵᠠᠰᠠᠬᠤ᠎ᠶᠢ ᠴᠢᠩᠭᠠᠳᠬᠠᠨ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠡᠷᠡᠰ ᠪᠠᠲᠤ ᠴᠤᠭᠴᠠᠯᠠᠨ᠎ᠠ ᠭᠡᠵᠤ ᠢᠯᠡᠳᠭᠡᠵᠠᠢ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠦ᠋ ᠰᠤ᠌ ᠬᠠᠢ᠂ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠰᠢᠰᠲᠧᠮ ᠤ᠋ᠨ ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ 《ᠵᠡᠭᠦᠨᠳᠡᠬᠢ ᠲᠣᠭ᠎ᠠ ᠪᠠᠷᠢᠮᠳᠠ ᠵᠢ ᠪᠠᠷᠠᠭᠤᠨᠳᠡᠬᠢ ᠪᠣᠳᠣᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠤᠯᠤᠰ᠎ᠤᠨ ᠬᠦᠢᠰᠦ ᠵᠠᠩᠭᠢᠯᠠᠭ᠎ᠠ᠎ᠶᠢᠨ ᠴᠡᠭ ᠤ᠋ᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠲᠣᠭ᠎ᠠ ᠪᠠᠷᠢᠮᠲᠠ᠎ᠶᠢᠨ ᠡᠯᠧᠮᠧᠨ᠋ᠲ᠎ᠦᠨ ᠬᠣᠣᠰ ᠴᠢᠭᠯᠡᠯ᠎ᠢᠶᠡᠷ ᠬᠦᠴᠦ ᠣᠯᠭᠣᠬᠤ ᠬᠦᠭᠵᠢᠯᠳᠡ ᠵᠢᠨ ᠣᠨᠴᠠᠯᠢᠭ᠋᠎ᠲᠤ ᠰᠠᠭᠤᠷᠢᠯᠠᠨ᠂ ᠥᠪᠥᠷ ᠮᠣᠩᠭᠣᠯ᠎ᠤᠨ ᠣᠨᠴᠠᠯᠢᠭ᠋᠎ᠲᠠᠢ᠂ ᠪᠥᠬᠥ ᠤᠯᠤᠰ ᠲᠡᠬᠢ ᠥᠷᠢᠰᠦᠯᠳᠦᠬᠦ ᠬᠦᠴᠦᠨ᠎ᠢ ᠪᠦᠷᠢᠯᠳᠦᠭᠦᠯᠦᠭᠰᠡᠨ ᠲᠣᠭ᠎ᠠ ᠪᠠᠷᠢᠮᠲᠠ᠎ᠶᠢᠨ ᠠᠵᠤ ᠦᠢᠯᠡᠰ᠎ᠦᠨ ᠪᠦᠯᠦᠭᠵᠢᠯ᠎ᠢ ᠲᠦᠷᠭᠡᠳᠬᠡᠨ ᠪᠠᠶ᠋ᠢᠭᠤᠯᠤᠨ᠎ᠠ ᠭᠡᠵᠤ ᠢᠯᠡᠳᠭᠡᠵᠠᠢ᠃
ᠵᠢᠩᠬᠢᠨᠢ ᠵᠠᠰᠠᠭ ᠤ᠋ᠨ ᠠᠵᠢᠯ᠎ᠤᠨ ᠪᠦᠲᠦᠮᠵᠢ ᠨᠢ ᠪᠣᠳᠠᠲᠠᠶ ᠦᠷ᠎ᠡ ᠪᠦᠲᠦᠮᠵᠢ ᠤᠯᠬᠤ ᠳ᠋ᠤ ᠪᠠᠢᠵᠤ᠂ ᠪᠣᠳᠠᠲᠠᠶ ᠠᠵᠢᠯᠯᠠᠵᠤ ᠠᠷᠠᠳ᠎ᠲᠤ᠌ ᠠᠰᠢᠭ ᠬᠦᠷᠲᠡᠭᠡᠬᠦ᠌ ᠬᠡᠷᠡᠭᠲᠡᠶ᠃ ᠠᠷᠠᠳᠴᠢᠯᠠᠭᠰᠠᠨ ᠨᠠᠮ ᠪᠦᠯᠦᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠪᠠᠶ᠋ᠢᠭᠤᠯᠭ᠎ᠠ᠎ᠶᠢᠨ ᠵᠠᠰᠠᠭ ᠵᠠᠬᠢᠷᠭᠠᠨ᠎ᠤ ᠭᠠᠵᠠᠷ᠎ᠤᠨ ᠳᠠᠷᠤᠭ᠎ᠠ ᠯᠢ ᠴᠢᠶᠠᠩ᠂ ᠨᠢᠭᠡᠳᠦᠮᠡᠯ ᠹᠷᠣᠨᠲ᠎ᠤᠨ ᠺᠠᠳ᠋ᠷ ᠪᠣᠯᠤᠭᠰᠠᠨ᠎ᠤ ᠬᠤᠪᠢ᠎ᠳᠤ᠂ ᠠᠵᠢᠯ᠎ᠤᠨ ᠪᠠᠶ᠋ᠢᠷᠢ᠎ᠶᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠵᠦᠭᠡᠯᠡᠨ ᠬᠤᠷ᠎ᠠ ᠲᠦᠮᠡᠨ ᠪᠤᠳᠠᠰ ᠢ᠋ ᠤᠮᠳᠠᠯᠠᠬᠤ 《ᠳᠠᠯᠳᠠ ᠵᠠᠰᠠᠭ ᠤ᠋ᠨ ᠪᠦᠳᠦᠮᠵᠢ》 ᠵᠢ ᠬᠦᠨᠵᠡᠭᠡᠢ ᠪᠣᠳᠠᠲᠠᠢ ᠬᠢᠵᠦ᠍᠂ ᠬᠥᠮᠦᠰ᠎ᠦᠨ ᠰᠡᠳᠬᠢᠯ᠎ᠢ ᠨᠢᠭᠲᠠᠷᠠᠭᠤᠯᠬᠤ᠂ ᠬᠦᠴᠦᠨ ᠴᠢᠳᠠᠯ᠎ᠢ ᠨᠢᠭᠲᠠᠷᠠᠭᠤᠯᠬᠤ᠎ᠶᠢ ᠬᠠᠮᠤᠭ᠎ᠤᠨ ᠶᠡᠬᠡ ᠵᠠᠰᠠᠭ ᠤ᠋ᠨ ᠪᠦᠳᠦᠮᠵᠢ ᠪᠣᠯᠭᠠᠵᠤ᠂ ᠬᠠᠮᠤᠭ᠎ᠤᠨ ᠶᠡᠬᠡ ᠢᠵᠢᠯ ᠲᠥᠪ᠎ᠲᠦ᠍ ᠲᠣᠭᠣᠷᠢᠭ᠎ᠢ ᠰᠠᠶ᠋ᠢᠲᠤᠷ ᠵᠢᠷᠤᠭᠯᠠᠬᠤ᠎ᠪᠠᠷ ᠴᠢᠷᠮᠠᠶ᠋ᠢᠨ᠎ᠠ ᠭᠡᠵᠤ ᠢᠯᠡᠳᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠎ᠦᠨ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠶ᠎ᠶᠢᠨ ᠠᠮᠢ ᠠᠬᠤᠶ᠎ᠶᠢ ᠵᠠᠰᠠᠨ ᠰᠡᠷᠭᠦᠭᠡᠬᠦ᠌ ᠭᠠᠵᠠᠷ᠎ᠤᠨ ᠳᠠᠷᠤᠭ᠎ᠠ ᠸᠠᠩ ᠯᠢ ᠵᠢᠶᠦ᠋ᠨ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠠᠲᠤ᠌ ᠪᠡᠬᠢ ᠪᠤᠶ ᠪᠣᠯᠭᠠᠨ ᠦᠢᠯᠡᠳᠦᠯᠭᠡᠵᠢᠭᠦᠯᠵᠤ᠂ ᠰᠢ ᠵᠢᠨ ᠫᠢᠩ᠎ᠦᠨ ᠠᠮᠢ ᠠᠬᠤᠶ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠨᠠᠷᠢᠨ ᠣᠶ᠋ᠢᠯᠠᠭᠠᠵᠤ ᠪᠠᠲᠤᠲᠠᠶ ᠦᠢᠯᠡᠳᠤᠯᠭᠡᠵᠢᠬᠦᠯᠵᠤ᠂ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢ ᠴᠢᠩᠭᠠᠳᠬᠠᠬᠤ ᠪᠠᠶ᠋ᠢᠯᠳᠤᠬᠤ ᠪᠤᠳᠤᠯᠭ᠎ᠠ᠎ᠶᠢᠨ ᠲᠣᠭᠲᠠᠯ ᠬᠦᠴᠦᠨ᠎ᠢ ᠢᠮᠠᠭᠲᠠ ᠪᠠᠲᠤᠯᠠᠵᠤ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠤ᠂ 《ᠨᠤᠮᠢᠨ ᠤᠰᠤ ᠬᠦᠭᠡᠮᠳᠦᠭ ᠠᠭᠤᠯᠠ》 ᠵᠢ 《ᠠᠯᠳᠠᠨ ᠠᠭᠤᠯᠠ ᠮᠥᠩᠭᠥᠨ ᠬᠠᠢᠷᠬᠠᠨ》 ᠪᠣᠯᠭᠠᠨ ᠬᠤᠪᠢᠷᠠᠭᠤᠯᠬᠤ ᠠᠷᠭ᠎ᠠ ᠵᠠᠮ᠎ᠢ ᠦᠷᠭᠦᠯᠵᠢᠯᠡᠨ ᠰᠢᠯᠤᠭᠤᠳᠬᠠᠵᠤ᠂ ᠠᠮᠢ ᠠᠬᠤᠢ᠎ᠶᠢ ᠵᠠᠰᠠᠨ ᠰᠡᠷᠭᠦᠭᠡᠬᠦ᠌ ᠪᠠ ᠣᠷᠴᠢᠨ ᠲᠤᠭᠤᠷᠢᠨ ᠢ᠋ ᠬᠠᠮᠠᠭᠠᠯᠠᠬᠤ᠎ᠶᠢ ᠵᠡᠷᠭᠡ᠎ᠪᠡᠷ ᠠᠬᠢᠭᠤᠯᠵᠤ᠂ ᠣᠯᠠᠨ ᠲᠦᠮᠡᠨ᠎ᠦ ᠣᠷᠣᠯᠴᠠᠬᠤ ᠬᠠᠯᠠᠭᠤᠨ ᠰᠡᠳᠬᠢᠯᠭᠡ᠎ᠶᠢ ᠭᠦᠢᠴᠡᠳ ᠬᠥᠭᠵᠢᠭᠡᠵᠤ᠂ ᠠᠵᠢᠯ᠎ᠤᠨ ᠬᠠᠮᠳᠤᠷᠠᠯ ᠬᠦᠴᠦᠨ᠎ᠢ ᠬᠤᠷᠠᠮᠳᠤᠭᠤᠯᠬᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ ᠦᠷᠭᠦᠯᠵᠢᠯᠡᠨ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃
ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠥᠳᠡᠯᠭᠡᠬᠦ ᠡᠨᠧᠷᠭᠢ ᠢ᠋ ᠪᠤᠢᠵᠢᠭᠤᠯᠤᠨ᠎ᠠ
ᠡᠯ᠎ᠡ ᠭᠠᠵᠠᠷ᠎ᠤᠨ ᠬᠢᠨ ᠢᠮᠠᠭᠲᠠ ᠠᠷᠠᠳ ᠲᠦᠮᠡᠨ᠎ᠳᠦ ᠪᠤᠶᠠᠨ ᠦᠢᠯᠡᠳᠬᠦ᠌᠎ᠶᠢ ᠬᠠᠮᠤᠭ᠎ᠤᠨ ᠶᠡᠬᠡ ᠵᠠᠰᠠᠭ ᠤ᠋ᠨ ᠠᠵᠢᠯ᠎ᠤᠨ ᠪᠦᠲᠦᠮᠵᠢ ᠪᠣᠯᠭᠠᠵᠤ᠂ ᠤᠨᠴᠠᠯᠢᠬᠳᠤ ᠡᠬᠢ ᠪᠠᠶᠠᠯᠢᠭ᠎ᠤᠨ ᠳᠠᠪᠠᠭᠤᠯᠢᠭᠲᠠᠭᠠᠨ᠌ ᠰᠠᠭᠤᠷᠢᠯᠠᠨ᠂ ᠭᠠᠵᠠᠷ ᠣᠷᠣᠨ᠎ᠤ ᠪᠠᠶ᠋ᠢᠳᠠᠯᠳ᠋ᠠᠭᠠᠨ ᠲᠤᠬᠢᠷᠠᠭᠤᠯᠬᠤ᠂ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ᠌᠎ᠶᠢ ᠪᠠᠷᠢᠮᠲᠠᠯᠠᠵᠤ᠂ ᠤᠨᠴᠠᠯᠢᠬᠳᠤ ᠠᠵᠤ ᠦᠢᠯᠡᠰ᠎ᠢ ᠦᠷᠭᠦᠯᠵᠢᠯᠡᠨ ᠬᠦᠴᠦᠷᠬᠡᠭᠵᠢᠭᠦᠯᠵᠦ᠍᠂ ᠰᠢᠨ᠎ᠡ᠎ᠪᠡᠷ ᠮᠠᠨᠳᠤᠭᠰᠠᠨ ᠬᠥᠳᠡᠯᠭᠡᠬᠦ᠌ ᠡᠨᠧᠷᠭᠢ᠎ᠶᠢ ᠪᠣᠶ᠋ᠢᠵᠢᠭᠤᠯᠪᠠ᠃
ᠤᠯᠠᠭᠠᠨᠬᠠᠳᠠ ᠬᠤᠳᠠ᠎ᠶᠢᠨ ᠬᠠᠷᠠᠴᠢᠨ ᠬᠣᠰᠢᠭᠤᠨ᠎ᠤ ᠨᠠᠮ᠎ᠤᠨ ᠬᠣᠷᠢᠶ᠎ᠠ ᠵᠢᠨ ᠱᠦᠵᠢ ᠪᠠᠢ ᠯᠢᠩ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠍᠂ ᠠᠮᠢ ᠠᠬᠤᠢ᠎ᠶᠢᠨ ᠬᠠᠮᠠᠭᠠᠯᠠᠯᠲᠠ᠂ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ᠂ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ ᠵᠡᠷᠭᠡ ᠬᠦᠷᠢᠶᠡᠨ᠎ᠳᠦ ᠦᠷᠭᠦᠯᠵᠢᠯᠡᠨ ᠬᠦᠴᠦᠯᠡᠨ᠎ᠡ ᠭᠡᠵᠤ ᠢᠯᠡᠳᠭᠡᠪᠡ᠃
《ᠶᠡᠷᠦᠩᠬᠡᠢ ᠱᠦᠵᠢ ᠰᠢ ᠵᠢᠨ ᠫᠢᠩ 〈ᠪᠣᠳᠣᠯᠲᠠ᠎ᠶᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ〉᠂ 〈ᠪᠣᠳᠣᠯᠲᠠ᠎ᠶᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ〉 ᠶ᠋ᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠂ ᠡᠨᠡ ᠪᠣᠯ ᠮᠠᠨ᠎ᠤ ᠣᠳᠣᠬᠠᠨ᠎ᠤ ᠪᠠ ᠬᠣᠢᠰᠢᠳᠠ᠎ᠶᠢᠨ ᠠᠵᠢᠯ᠎ᠤᠨ ᠭᠣᠣᠯᠳᠠᠯᠭ᠎ᠠ ᠪᠣᠯᠣᠨ᠎ᠠ》᠃ ᠦᠬᠠᠢ ᠬᠣᠲᠠ᠎ᠶᠢᠨ ᠬᠠᠢᠨᠠᠨ ᠲᠣᠭᠣᠷᠢᠭ᠋᠎ᠤᠨ ᠡᠨᠧᠷᠭᠢ᠎ᠶᠢᠨ ᠲᠤᠪᠴᠢᠶ᠎ᠠ᠎ᠶᠢᠨ ᠲᠣᠪᠴᠢᠶᠠᠨ ᠳᠠᠷᠤᠭ᠎ᠠ ᠬᠤᠸᠠᠩ ᠵᠢᠶᠦ᠋ᠨ᠄《ᠵᠠᠯᠭᠠᠭᠠᠳ᠂ ᠬᠠᠢᠨᠠᠨ ᠲᠤᠭᠤᠷᠢᠭ᠎ᠤᠨ ᠡᠨᠧᠷᠭᠢ᠎ᠶᠢᠨ ᠰᠠᠯᠠᠭ᠎ᠠ ᠮᠥᠴᠢᠷ ᠵᠠᠰᠠᠭ᠎ᠤᠨ ᠠᠵᠢᠯ᠎ᠤᠨ ᠪᠦᠳᠦᠮᠵᠢ᠎ᠶᠢᠨ ᠵᠦᠪ ᠦᠵᠡᠯᠲᠡ᠎ᠶᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠭᠠᠵᠠᠷ ᠣᠷᠣᠨ᠎ᠤ ᠡᠬᠢ ᠪᠠᠶᠠᠯᠢᠭ᠋᠎ᠤᠨ ᠳᠠᠪᠠᠭᠤᠯᠢᠭ᠋᠎ᠲᠠᠢ ᠤᠶᠠᠯᠳᠤᠭᠤᠯᠵᠤ᠂ 〈ᠪᠣᠳᠣᠯᠲᠠ᠎ᠶᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ〉 ᠶ᠋ᠢ ᠦᠷᠭᠦᠯᠵᠢᠯᠡᠨ ᠠᠬᠢᠭᠤᠯᠵᠤ᠂ 〈ᠡᠬᠢ ᠪᠠᠶᠠᠯᠢᠭ᠋᠎ᠤᠨ ᠳᠠᠪᠠᠭᠤᠯᠢᠭ᠋ — ᠪᠤᠳᠤᠯᠳᠡ᠎ᠶᠢᠨ ᠬᠦᠴᠦᠨ᠎ᠤ ᠳᠠᠪᠠᠭᠤᠯᠢᠭ᠋ — ᠠᠵᠤ ᠦᠢᠯᠡᠰ᠎ᠦᠨ ᠳᠠᠪᠠᠭᠤᠯᠢᠭ᠋〉᠎ᠢ᠋ ᠤᠯᠠᠷᠢᠭᠤᠯᠬᠤ ᠵᠠᠮ᠎ᠢ ᠨᠠᠪᠲᠠᠷᠡᠭᠦᠯᠵᠦ᠂ ᠪᠤᠳᠤᠯᠳᠡ᠎ᠶᠢᠨ ᠬᠦᠴᠤᠨ᠎ᠤ ᠲᠥᠷᠥᠯᠬᠢ ᠲᠠᠪᠠᠭᠤᠯᠢᠬ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠤᠳᠤᠯᠳᠡ᠎ᠶᠢᠨ ᠬᠦᠴᠤᠨ᠎ᠢᠶᠡᠷ ᠠᠵᠤ ᠦᠢᠯᠡᠰ ᠤ᠋ᠨ ᠲᠡᠰ ᠳᠡᠪᠰᠢᠯᠳᠡ᠎ᠵᠢ ᠠᠬᠢᠭᠤᠯᠤᠨ᠎ᠠ》 ᠭᠡᠪᠡ᠃
ᠣᠷᠳᠣᠰ ᠬᠤᠳᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠬᠢᠯᠡᠭᠴᠢ ᠭᠤᠤ ᠬᠤᠸᠠᠢ ᠵᠢᠩ᠄ 《ᠡᠨᠡ ᠵᠢᠯ ᠪᠣᠯ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠡᠬᠢᠯᠡᠯᠲᠡ᠎ᠶᠢᠨ ᠵᠢᠯ ᠪᠣᠯᠣᠨ᠎ᠠ᠂ ᠪᠢᠳᠡ ᠡᠬᠢ ᠪᠠᠶᠠᠯᠢᠭ᠋᠎ᠤᠨ ᠲᠥᠷᠥᠯᠬᠢ ᠲᠠᠪᠠᠭᠤᠯᠢᠬ ᠪᠣᠯᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠨᠡᠩ ᠰᠠᠢᠲᠤᠷ ᠤᠶᠠᠯᠳᠤᠭᠤᠯᠵᠤ᠂ ᠳᠠᠪᠠᠭᠤᠯᠢᠭ᠋ ᠠᠵᠤ ᠦᠢᠯᠡᠰ᠎ᠢ ᠬᠦᠴᠦᠷᠬᠡᠭᠵᠢᠭᠦᠯᠦᠨ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠢᠵᠢᠭᠤᠯᠵᠤ᠂ ᠬᠥᠭᠵᠢᠯᠲᠡ᠎ᠶᠢᠨ ᠨᠥᠭᠡᠴᠡ ᠬᠦᠴᠦᠨ᠎ᠢ ᠴᠢᠩᠭᠠᠳᠬᠠᠨ᠎ᠠ᠃ ᠣᠳᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠳᠡᠭᠡᠳᠦ ᠲᠡᠰᠵᠢᠯᠳᠡ᠂ ᠣᠯᠠᠨ ᠡᠰᠢᠵᠢᠯᠲᠡ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠲᠣᠭᠣᠷᠢᠨ᠎ᠳᠤ᠂ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠬᠦ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠣᠨᠴᠠ ᠲᠥᠷᠥᠯ᠎ᠦᠨ ᠲᠦᠯᠡᠰᠢ᠂ ᠳᠡᠭᠡᠳᠦ ᠴᠢᠳᠠᠪᠬᠢᠲᠤ ᠮᠠᠲᠧᠷᠢᠶᠠᠯ ᠵᠡᠷᠭᠡ ᠦᠢᠯᠡᠳᠬᠦᠨ᠎ᠦ ᠬᠠᠩᠭᠠᠯᠭ᠎ᠠ᠎ᠶᠢ ᠨᠡᠮᠡᠭᠳᠡᠭᠦᠯᠵᠦ᠂ ᠡᠬᠢ ᠪᠠᠶᠠᠯᠢᠭ᠋᠎ᠢ ᠬᠤᠪᠢᠷᠠᠭᠤᠯᠬᠤ ᠦᠷ᠎ᠡ ᠠᠰᠢᠭ᠋᠎ᠢ ᠳᠡᠭᠡᠭᠰᠢᠯᠡᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ᠎ᠶᠢ ᠪᠣᠳᠠᠲᠤ ᠴᠣᠭᠴᠠ᠎ᠶᠢᠨ ᠠᠵᠤ ᠠᠬᠤᠢ᠎ᠳᠤ ᠨᠠᠩ ᠰᠠᠢᠲᠤᠷ ᠦᠢᠯᠡᠴᠢᠯᠡᠭᠦᠯᠵᠦ᠂ ᠺᠤᠸᠠᠩ ᠬᠤᠩ ᠰᠢᠰᠲᠧᠮ᠎ᠳᠦ ᠲᠦᠰᠢᠭᠯᠡᠨ ᠣᠶᠤᠨᠲᠤ ᠠᠭᠤᠷᠬᠠᠢ᠎ᠶᠢ ᠪᠦᠲᠦᠭᠡᠨ ᠪᠠᠢᠭᠤᠯᠵᠤ᠂ ᠵᠢᠯᠣᠭᠣᠴᠢ ᠦᠭᠡᠢ ᠲᠡᠷᠭᠡ᠎ᠶᠢ ᠠᠭᠤᠷᠬᠠᠢ᠎ᠶᠢᠨ ᠲᠡᠭᠡᠭᠡᠪᠦᠷᠢ᠂ ᠭᠣᠣᠯ ᠱᠤᠭᠤᠮ᠎ᠤᠨ ᠪᠠᠷᠠᠭᠠᠨ᠎ᠤ ᠭᠦᠢᠯᠭᠡᠭᠡ᠎ᠳᠦ ᠬᠡᠪᠴᠢᠶᠡᠵᠢᠭᠦᠯᠦᠨ ᠬᠡᠷᠡᠭᠯᠡᠬᠦ᠎ᠶᠢ ᠲᠦᠷᠭᠡᠳᠬᠡᠵᠦ᠂ ᠦᠢᠯᠡᠳᠪᠦᠷᠢᠯᠡᠯ᠎ᠢ ᠨᠠᠩ ᠠᠮᠤᠷ ᠲᠦᠪᠰᠢᠨ᠂ ᠲᠡᠭᠡᠭᠡᠪᠦᠷᠢ᠎ᠶᠢ ᠨᠠᠩ ᠥᠨᠳᠥᠷ ᠪᠦᠲᠦᠮᠵᠢᠲᠡᠶ ᠪᠣᠯᠭᠠᠨ᠎ᠠ᠃ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ 〈ᠬᠣᠣᠰ ᠨᠡᠭᠦᠷᠡᠰᠦᠲᠥ᠋ᠷᠥᠭᠴᠢ〉᠎ᠶ᠋ᠢᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠤᠨ᠂ ᠤᠯᠤᠰ᠎ᠤᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠡ ᠣᠷᠭᠢᠯ ᠬᠡᠮᠵᠢᠭᠳᠡᠯ᠎ᠳᠦ ᠬᠦᠷᠬᠦ ᠲᠤᠷᠰᠢᠯᠲᠠ᠎ᠶᠢᠨ ᠴᠡᠭ ᠤ᠋ᠨ ᠬᠣᠲᠠ ᠪᠠ ᠥᠪᠥᠷ ᠮᠣᠩᠭᠣᠯ ᠵᠢᠶᠠᠩᠰᠦ᠎ᠶᠢᠨ ᠨᠡᠭᠦᠷᠡᠰᠦᠲᠥ᠋ᠷᠥᠭᠴᠢᠦᠬᠡᠢ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠯᠦᠩ ᠵᠢᠢ᠂ ᠶᠤᠸᠠᠨ ᠵᠢᠩ ᠵᠡᠷᠭᠡ ᠠᠵᠤ ᠠᠬᠤᠢᠯᠠᠯ᠎ᠤᠨ ᠨᠡᠭᠦᠷᠡᠰᠦᠲᠥ᠋ᠷᠥᠭᠴᠢ ᠦᠭᠡᠢ ᠦᠢᠯᠡᠳᠪᠦᠷᠢ ᠪᠠᠶ᠋ᠢᠭᠤᠯᠬᠤ᠎ᠶᠢ ᠠᠬᠢᠭᠤᠯᠵᠤ᠂ ᠰᠢᠰᠲᠧᠮ᠎ᠦᠨ ᠰᠡᠳᠬᠢᠬᠦᠢ᠎ᠪᠡᠷ ᠡᠬᠢ ᠪᠠᠶᠠᠯᠢᠭ᠋᠎ᠤᠨ ᠬᠡᠯᠪᠡᠷᠢ᠎ᠶᠢᠨ ᠬᠣᠲᠠ᠎ᠶᠢᠨ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ᠎ᠠ》 ᠭᠡᠪᠡ᠃
ᠪᠣᠳᠠᠲᠠᠢ ᠠᠵᠢᠯᠯᠠᠵᠤ ᠠᠷᠠᠳ᠎ᠤᠨ ᠲᠥᠯᠥᠭᠡ ᠠᠵᠢᠯᠯᠠᠬᠤ᠎ᠶᠢ ᠪᠠᠷᠢᠮᠲᠠᠯᠠᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠠᠷᠠᠳ᠎ᠲᠤ ᠬᠦᠷᠲᠡᠭᠡᠨ᠎ᠡ
ᠡᠯ᠎ᠡ ᠠᠷᠠᠳ᠎ᠤᠨ ᠠᠮᠢᠳᠤᠷᠠᠯ᠎ᠤᠨ ᠬᠦᠷᠢᠶᠡᠨ᠎ᠦ ᠰᠠᠯᠠᠭ᠎ᠠ ᠮᠥᠴᠢᠷ ᠠᠷᠠᠳ᠎ᠤᠨ ᠲᠥᠯᠥᠭᠡ ᠭᠡᠬᠦ ᠤᠭ ᠰᠠᠨᠠᠭ᠎ᠠ᠎ᠪᠠᠨ ᠪᠠᠲᠤ ᠰᠠᠬᠢᠵᠤ᠂ ᠣᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ ᠳ᠋ᠦ ᠠᠩᠬᠠᠷᠤᠯ᠎ᠢᠶᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠬᠥᠭᠵᠢᠯᠲᠡ᠎ᠶᠢᠨ ᠦᠷ᠎ᠡ ᠪᠦᠲᠦᠭᠡᠯ᠎ᠢ ᠪᠥᠬᠥ ᠠᠷᠠᠳ᠎ᠲᠤ ᠨᠡᠢᠳᠡᠮ ᠬᠦᠷᠲᠡᠭᠡᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ᠂ ᠪᠥᠬᠥ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠰᠢᠰᠲᠧᠮ ᠨᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠠᠲᠤ ᠪᠡᠬᠢ ᠪᠣᠶ ᠪᠣᠯᠭᠠᠬᠤ ᠪᠠ ᠦᠢᠯᠡᠳᠦᠯᠭᠡᠵᠢᠭᠦᠯᠵᠦ᠂ ᠡᠮᠴᠢᠯᠡᠭᠡᠨ᠎ᠤ ᠪᠠᠲᠤᠯᠠᠭ᠎ᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠳᠠᠭᠠᠳᠬᠠᠯ᠎ᠳᠤ ᠣᠷᠣᠯᠴᠠᠬᠤ ᠰᠠᠭᠤᠷᠢ᠎ᠶᠢ ᠪᠡᠬᠢᠵᠢᠭᠦᠯᠦᠨ᠂ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠦᠨᠳᠦᠰᠦᠨ ᠡᠮ ᠡᠮᠨᠡᠯᠬᠡ᠎ᠶᠢᠨ ᠳᠠᠭᠠᠳᠬᠠᠯ᠎ᠢ ᠮᠤᠵᠢ᠎ᠶᠢᠨ ᠱᠠᠲᠤᠨ᠎ᠳᠤ ᠨᠢᠭᠡᠳᠦᠯᠲᠡᠢ ᠲᠦᠯᠦᠪᠵᠢᠬᠦᠯᠬᠦ ᠪᠠ ᠣᠷᠳᠣ᠌ ᠬᠤᠭᠤᠴᠠᠭ᠎ᠠ᠎ᠪᠠᠷ ᠰᠤᠪᠢᠯᠠᠬᠤ ᠳᠠᠭᠠᠳᠬᠠᠯ᠎ᠤᠨ ᠳᠦᠷᠢᠮ᠎ᠦᠨ ᠪᠠᠢᠭᠤᠯᠤᠯᠲᠠ᠎ᠶᠢ ᠠᠬᠢᠭᠤᠯᠤᠨ᠎ᠠ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠬᠠᠮᠠᠳ ᠺᠠᠳ᠋ᠷᠴᠤᠳ᠎ᠤᠨ ᠲᠣᠪᠴᠢᠶᠠᠨ᠎ᠤ ᠳᠡᠳ᠋ ᠳᠠᠷᠤᠭ᠎ᠠ ᠵᠠᠩ ᠰᠢᠶᠤᠤ ᠬᠣᠩ᠂ ᠲᠣᠰ ᠲᠣᠪᠴᠢᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠠᠬᠠᠮᠠᠳ ᠺᠠᠳ᠋ᠷᠴᠤᠳ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠨᠡᠪᠲᠡᠷᠡᠯᠴᠡᠭᠦᠯᠦᠨ ᠰᠤᠷᠤᠯᠴᠠᠬᠤ᠎ᠶᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠠᠬᠠᠮᠠᠳ ᠺᠠᠳ᠋ᠷᠴᠤᠳ᠎ᠤᠨ ᠠᠵᠢᠯ᠎ᠤᠨ ᠪᠥᠬᠥ᠌ ᠶᠠᠪᠤᠴᠠ᠎ᠳᠤ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠣᠳᠠᠲᠤ᠌ ᠪᠠᠶ᠋ᠢᠳᠠᠯ᠎ᠳᠤ ᠰᠠᠭᠤᠷᠢᠯᠠᠵᠤ᠂ 《ᠪᠤᠭᠤᠷᠤᠯᠴᠤᠳ᠎ᠢ ᠬᠠᠯᠠᠮᠵᠢᠯᠠᠨ ᠬᠠᠶ᠋ᠢᠷᠠᠯᠠᠬᠤ》 ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠦᠨ᠂ ᠠᠵᠢᠯ᠎ᠡᠴᠡ᠎ᠪᠠᠨ ᠳᠠᠷᠬᠠᠯᠠᠭᠳᠠᠵᠤ ᠠᠵᠢᠯ᠎ᠡᠴᠡ᠎ᠪᠠᠨ ᠠᠮᠠᠷᠠᠭᠰᠠᠨ ᠺᠠᠳ᠋ᠷᠴᠤᠳᠲᠤ᠌ ᠴᠢᠩ ᠰᠡᠳᠬᠢᠯ᠎ᠡᠴᠡ᠎ᠪᠡᠨ ᠰᠠᠶ᠋ᠢᠲᠤᠷ ᠦᠢᠯᠡᠴᠢᠯᠡᠵᠦ᠍ ᠪᠠᠲᠤᠯᠠᠭ᠎ᠠ ᠬᠠᠩᠭᠠᠨ᠎ᠠ ᠭᠡᠵᠦ ᠢᠯᠡᠳᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠦᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ᠂ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠲᠦᠭᠡᠮᠡᠯ ᠬᠠᠷᠠᠭᠠᠯᠵᠠᠯᠳᠤ ᠴᠢᠨᠠᠷᠳᠠᠢ᠂ ᠰᠠᠭᠤᠷᠢ ᠴᠢᠨᠠᠷᠳᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠶ᠋ᠢᠭᠤᠯᠤᠯᠲᠠ ᠵᠢ ᠴᠢᠩᠭᠠᠳᠬᠠᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠌᠎ᠳᠦ ᠠᠷᠠᠳ᠎ᠤᠨ ᠶᠠᠪᠤᠳᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠵᠡᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠦᠨ ᠬᠣᠯᠪᠣᠭ᠎ᠠ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠣᠯᠠᠨ᠎ᠢᠶᠠᠷ᠎ᠢᠶᠠᠨ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠠᠲᠤ᠌ ᠪᠡᠬᠢ ᠪᠤᠶ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠶ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠵᠠᠮ ᠵᠢᠡᠷ ᠡᠷᠡᠰ ᠭᠤᠶ᠋ᠢᠪᠢᠰᠢ ᠦᠭᠡᠢ ᠵᠠᠮᠨᠠᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠌᠎ᠳᠦ ᠡᠮᠡᠭᠲᠡᠢᠴᠤᠳ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠵᠡᠭᠡᠪᠡ᠃
( ᠰᠤᠷᠪᠤᠯᠵᠢᠯᠠᠭᠴᠢ ᠱᠤᠸᠠᠢ ᠵᠧᠩ ᠶᠠᠩ ᠯᠢᠦ ᠵᠠᠩ ᠺᠦᠶ ᠶᠠᠩ ᠸᠧᠶ ᠸᠧᠶ ᠨᠠ ᠬᠤᠤ ᠪᠢᠶᠤᠤ ᠬᠤᠤ ᠰᠢᠤᠸᠠᠢ ᠯᠢᠶᠠᠨ ᠮᠧᠶ ᠭᠠᠩ ᠵᠣᠣ ᠰᠢ ᠵᠣᠣ ᠮᠢᠨ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃