ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:17

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠯᠦᠸᠸ ᡁᠢ ᠬᠣ᠌ ᠬᠤᠷᠠᠯ ᠢ᠋ ᠡᠷᠬᠢᠯᠡᠵᠠᠢ



9 ᠰᠠᠷ᠎ᠠ᠎ᠶᠢᠨ 16 ᠎ᠤ᠋ ᠦᠳᠡ᠎ᠶᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ 《ᠵᠡᠮᠳᠡᠭᠴᠦᠳ ᠲᠸ᠋ ᠠᠵᠢᠯ ᠤᠯᠭᠤᠬᠤ ᠲᠦᠷᠦ᠎ᠶᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠮᠠᠨ ᠎ᠤ ᠣᠷᠣᠨ᠎ᠤ ᠵᠡᠮᠳᠡᠭᠴᠦᠳ ᠲᠸ᠋ ᠭᠦᠢᠴᠡᠳ ᠠᠵᠢᠯ ᠤᠯᠭᠤᠬᠤ ᠵᠢ ᠠᠬᠢᠭᠤᠯᠬᠤ》 ᠵᠢᠨ ᠲᠣᠭᠣᠷᠢᠨ ᠎ᠳᠤ ᠭᠣᠣᠯᠳᠠᠯᠭ᠎ᠠ᠎ᠲᠠᠶ ᠰᠠᠨᠠᠯ ᠳᠤᠷᠠᠳᠤᠯᠭ᠎ᠠ ᠎ᠶᠢ ᠬᠢᠨᠠᠨ ᠭᠦᠢᠴᠡᠳᠬᠡᠬᠦ᠌ ᠵᠢ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠎ᠶᠢᠨ ᠵᠥᠪᠯᠡᠯᠭᠡᠨ ᠎ᠦ ᠳᠡᠳ᠋ ᠲᠡᠷᠢᠭᠦᠯᠡᠭᠴᠢ ᠯᠦᠸᠧ ᡁᠢ ᠬᠤ᠌ ᠬᠤᠷᠠᠯ᠎ᠢ ᠡᠷᠭᠢᠯᠡᠪᠡ᠃

ᠬᠤᠷᠠᠯ ᠳᠡᠭᠡᠷ᠎ᠡ᠂ ᠭᠣᠣᠯᠳᠠᠯᠭ᠎ᠠ᠎ᠲᠠᠶ ᠰᠠᠨᠠᠯ ᠳᠤᠷᠠᠳᠤᠯᠭ᠎ᠠ᠎ᠶᠢ ᠬᠢᠨᠠᠨ ᠬᠦᠢᠴᠡᠳᠭᠡᠬᠦ ᠵᠢ ᠨᠠᠶ᠋ᠢᠳᠠᠪᠤᠷᠢᠵᠢᠭᠤᠯᠬᠤ᠎ᠯᠤᠭ᠎ᠠ ᠤᠶᠠᠯᠳᠤᠭᠤᠯᠤᠨ᠂ ᠲᠦᠷᠤᠬᠦᠤ ᠪᠦᠯᠦᠭ ᠤ᠋ᠨ ᠬᠠᠪᠰᠤᠷᠤᠯᠴᠠᠭ᠎ᠠ ᠪᠠᠢᠭᠤᠯᠤᠨ ᠵᠡᠮᠳᠡᠭᠴᠦᠳ ᠎ᠢ ᠲᠡᠳᠬᠦᠵᠦ᠍ ᠵᠡᠮᠳᠡᠭᠴᠦᠳ ᠎ᠢ ᠲᠤᠰᠠᠯᠠᠨ ᠬᠠᠶ᠋ᠢᠷ᠎ᠠ ᠬᠠᠯᠠᠮᠵᠢ ᠬᠦᠷᠭᠡᠭᠰᠡᠨ ᠠᠵᠤ ᠠᠬᠤᠶ᠋ᠢᠯᠠᠯ᠎ᠤᠨ ᠨᠡᠷᠡᠰ ᠎ᠢ ᠨᠡᠶ᠋ᠢᠲᠡᠯᠡᠭᠰᠡᠨ ᠪᠥᠭᠡᠳ ᠭᠡᠰᠢᠭᠦᠳ᠎ᠦᠨ ᠰᠠᠨᠠᠯ ᠳᠤᠷᠠᠳᠤᠯᠭ᠎ᠠ ᠰᠠᠨᠠᠭᠤᠯᠭ᠎ᠠ ᠪᠣᠯᠤᠨ ᠣᠳᠣᠬᠠᠨ ᠎ᠤ ᠮᠠᠨ ᠎ᠤ ᠣᠷᠣᠨ ᠎ᠤ ᠵᠡᠮᠳᠡᠭᠴᠦᠳ᠎ᠦᠨ ᠦᠢᠯᠡᠰ᠎ᠦᠨ ᠬᠥᠭᠵᠢᠯᠲᠡ᠎ᠳᠦ ᠣᠷᠣᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ ᠰᠠᠨᠠᠯ᠎ᠢᠶᠠᠨ ᠰᠣᠯᠢᠯᠴᠠᠪᠠ᠃

ᠬᠤᠷᠠᠯ᠎ᠡᠴᠡ᠂ ᠬᠠᠶ᠋ᠢᠷ᠎ᠠ ᠬᠠᠯᠠᠮᠵᠢ ᠪᠠ ᠦᠨᠡᠨ ᠰᠡᠳᠬᠢᠯᠭᠡ ᠎ᠪᠡᠷ ᠵᠡᠮᠳᠡᠭᠴᠦᠳ᠎ᠦᠨ ᠠᠵᠢᠯ᠎ᠢ ᠴᠢᠷᠮᠠᠶ᠋ᠢᠨ ᠰᠠᠶ᠋ᠢᠲᠤᠷ ᠬᠢᠵᠦ᠍᠂ ᠵᠡᠮᠳᠡᠭᠴᠦᠳ ᠎ᠢ ᠲᠡᠳᠬᠦᠨ ᠵᠡᠮᠳᠡᠭᠴᠦᠳ ᠎ᠢ ᠲᠤᠰᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠎ᠢ ᠪᠤᠢ ᠪᠣᠯᠭᠠᠵᠤ᠂ ᠵᠡᠮᠳᠡᠭᠴᠦᠳ ᠎ᠦᠨ ᠡᠷᠬᠡ ᠠᠰᠢᠭ᠎ᠢ ᠭᠦᠢᠴᠡᠳ ᠪᠠᠲᠤᠯᠠᠵᠤ᠂ ᠲᠡᠳᠡᠨ᠎ᠳ᠋ᠤ ᠨᠡᠩ ᠨᠡᠷ᠎ᠡ ᠬᠦᠨᠳᠦ᠎ᠲᠡᠶ᠂ ᠨᠡᠩ ᠵᠣᠯ ᠵᠢᠷᠭᠠᠯ᠎ᠲᠠᠶ ᠠᠮᠢᠳᠤᠷᠠᠯ ᠢ᠋ ᠡᠳ᠋ᠯᠡᠬᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃



  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面