ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:20

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

9 ᠰᠠᠷ᠎ᠠ᠎ᠶᠢᠨ 16 ᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ ᠎ᠤᠨ ᠲᠥᠯᠥᠭᠡᠯᠡᠭᠴᠢᠳ ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠭᠤᠴᠢᠳᠤᠭᠠᠷ ᠬᠤᠷᠠᠯ ᠳᠤᠭᠤᠢᠯᠠᠩ ᠬᠠᠮᠲᠤᠷᠠᠭᠰᠠᠨ ᠬᠤᠷᠠᠯ ᠬᠢᠵᠤ ᠂ ᠪᠦᠬᠦ ᠣᠷᠣᠨ ᠎ᠤ ᠰᠢᠭᠦᠬᠦ ᠬᠣᠷᠢᠶ᠎ᠠ ᠵᠢᠨ ᠭᠦᠢᠴᠡᠳᠬᠡᠬᠦ ᠠᠵᠢᠯ᠎ᠤᠨ ᠪᠠᠢᠳᠠᠯ᠎ᠢ ᠲᠤᠰᠬᠠᠢ ᠰᠡᠳᠦᠪ᠎ᠢᠶᠡᠷ ᠠᠰᠠᠭᠤᠨ ᠯᠠᠪᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠳᠡᠳ᠋ ᠡᠷᠬᠢᠯᠡᠭᠴᠢ ᠳ᠋ᠢᠩ ᠰᠢᠤ ᠹᠸᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠠᠢᠩᠭᠤ᠎ᠶᠢᠨ ᠳᠡᠳ᠋ ᠡᠷᠬᠢᠯᠡᠭᠴᠢ ᠵᠠᠩ ᠱᠤᠤ ᠴᠦᠨ᠂ ᠳᠡᠳ᠋ ᠡᠷᠬᠢᠯᠡᠭᠴᠢ ᠵᠧᠩ ᠬᠣᠩ ᠹᠠᠨ᠂ ᠮᠧᠩ ᠰᠢᠶᠠᠨ ᠳ᠋ᠦᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ ᠣᠪᠣᠷ᠎ᠢᠶᠠᠨ ᠢᠯᠡᠳᠬᠡᠬᠦ ᠦᠭᠡ ᠬᠡᠯᠡᠵᠡᠢ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠡᠰᠢᠬᠦᠨ᠂ ᠠᠷᠠᠳ᠎ᠤᠨ ᠲᠥᠯᠥᠭᠡᠯᠡᠭᠴᠢ ᠵᠡᠷᠭᠡ 7 ᠬᠦᠮᠦᠨ ᠬᠦᠢᠴᠡᠳᠭᠡᠭᠦ ᠪᠠᠲᠤᠯᠠᠭ᠎ᠠ ᠵᠢ ᠴᠢᠨᠠᠭᠰᠢᠳᠠ ᠴᠢᠩᠭᠠᠳᠬᠠᠵᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠦ ᠬᠦᠴᠦᠨ ᠨᠡᠮᠡᠷᠢᠯᠡᠬᠦ ᠵᠡᠷᠭᠡ ᠠᠭᠤᠯᠭ᠎ᠠ᠎ᠶᠢᠨ ᠲᠣᠭᠣᠷᠢᠨ᠎ᠳᠤ ᠠᠰᠠᠭᠤᠯᠲᠠ ᠲᠤᠷᠠᠳᠴᠤ᠂ ᠨᠡᠭᠡᠮᠵᠢᠯᠡᠨ ᠠᠰᠠᠭᠤᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠨ ᠠᠰᠠᠭᠤᠨ ᠯᠠᠪᠯᠠᠭ᠎ᠠ ᠳ᠋ᠤ ᠬᠠᠷᠢᠭᠤᠯᠳᠠ ᠦᠭᠴᠤ᠂ ᠰᠠᠨᠠᠯ ᠰᠠᠨᠠᠭᠤᠯᠭ᠎ᠠ ᠵᠢ ᠨᠢ ᠰᠣᠨᠣᠰᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面