ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:20

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠭᠤᠴᠢᠳᠤᠭᠠᠷ ᠬᠤᠷᠠᠯ ᠡᠯ᠎ᠡ ᠵᠥᠪᠯᠡᠬᠦ ᠵᠦᠢᠯᠡᠰ᠎ᠢᠶᠡᠨ ᠲᠡᠭᠦᠰ ᠠᠮᠵᠢᠯᠲᠠ᠎ᠲᠠᠢ ᠵᠥᠪᠯᠡᠵᠦ ᠳᠠᠭᠤᠰᠬᠠᠭᠠᠳ᠂ 9 ᠰᠠᠷ᠎ᠠ᠎ᠶᠢᠨ 16 ᠤ᠋ ᠦᠳᠡ᠎ᠶᠢᠨ ᠬᠣᠢᠨ᠎ᠠ ᠲᠡᠭᠦᠰᠪᠡ᠃

ᠲᠤᠰ ᠤᠳᠠᠭᠠᠨ᠎ᠤ ᠬᠤᠷᠠᠯ᠎ᠳᠤ ᠪᠠᠢᠩᠭᠤ᠎ᠶᠢᠨ ᠬᠣᠷᠢᠶ᠎ᠠ ᠵᠢᠨ 53 ᠪᠦᠷᠢᠯᠳᠦᠭᠦᠨ ᠣᠷᠣᠯᠴᠠᠵᠤ᠂ ᠬᠠᠤᠯᠢ᠎ᠳᠤ ᠲᠣᠭᠲᠠᠭᠠᠭᠰᠠᠨ ᠬᠥᠮᠥᠨ᠎ᠦ ᠲᠣᠭ᠎ᠠ᠎ᠳᠤ ᠨᠡᠢᠴᠡᠵᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠎ᠦᠨ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠪᠠᠢᠩᠭᠤ᠎ᠶᠢᠨ ᠳᠡᠳ᠋ ᠡᠷᠬᠢᠯᠡᠭᠴᠢ ᠵᠠᠩ ᠱᠤᠤ ᠴᠦᠨ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠳᠡᠳ᠋ ᠡᠷᠬᠢᠯᠡᠭᠴᠢ ᠵᠧᠩ ᠬᠣᠩ ᠹᠠᠨ᠂ ᠳ᠋ᠢᠩ ᠰᠢᠤ ᠹᠸᠩ᠂ ᠮᠧᠩ ᠰᠢᠶᠠᠨ ᠳ᠋ᠦᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠵᠧᠩ ᠭᠤᠸᠠᠩ ᠵᠤᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠢ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠪᠰᠢᠯᠲᠠ᠎ᠶᠢᠨ ᠳᠦᠷᠢᠮ (ᠵᠠᠰᠠᠪᠤᠷᠢ ᠣᠷᠣᠭᠤᠯᠤᠭᠰᠠᠨ)᠂ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯᠡᠰ ᠤ᠋ᠨ ᠬᠠᠮᠠᠭᠠᠯᠠᠯᠳᠠ ᠵᠢᠨ ᠳᠦᠷᠢᠮ (ᠵᠠᠰᠠᠪᠤᠷᠢ ᠣᠷᠣᠭᠤᠯᠤᠭᠰᠠᠨ) ᠢ᠋ ᠪᠠᠲᠤᠯᠠᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠦᠨ ᠰᠠᠨᠠᠯ ᠵᠥᠪᠯᠡᠯᠭᠡ᠎ᠶᠢ ᠰᠢᠢᠳᠪᠦᠷᠢᠯᠡᠬᠦ ᠠᠷᠭ᠎ᠠ᠂ ᠲᠥᠯᠥᠭᠡᠯᠡᠭᠴᠢᠳ᠎ᠦᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ᠎ᠢ ᠰᠢᠢᠳᠪᠦᠷᠢᠯᠡᠬᠦ ᠠᠷᠭ᠎ᠠ᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ; ᠥᠪᠡᠷᠲᠡᠭᠡᠨ ᠵᠠᠰᠠᠬᠤ ᠣᠷᠣᠨ᠎ᠤ ᠨᠤᠭᠤ ᠭᠠᠵᠠᠷ᠎ᠤ᠋ᠨ ᠬᠠᠮᠠᠭᠠᠯᠠᠯᠳᠠ ᠵᠢᠨ ᠳᠦᠷᠢᠮ ᠵᠡᠷᠭᠡ ᠣᠷᠣᠨ ᠨᠤᠲᠤᠭ᠎ᠤᠨ ᠴᠢᠨᠠᠷᠲᠠᠢ 6 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ; ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠦ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠳᠦᠷᠢᠮ ᠵᠡᠷᠭᠡ ᠣᠷᠣᠨ ᠨᠤᠲᠤᠭ᠎ᠤᠨ ᠴᠢᠨᠠᠷᠲᠠᠢ 5 ᠬᠠᠤᠯᠢ ᠲᠤᠬᠳᠠᠭᠠᠯ ᠢ᠋ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ ᠢ᠋ ᠪᠠᠳᠤᠯᠠᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠥᠬᠡᠬᠣᠲᠠ᠎ᠶᠢᠨ ᠠᠮᠢᠳᠤ ᠪᠣᠳᠠᠰ ᠤ᠋ᠨ ᠦᠢᠯᠡᠳᠬᠡᠯ ᠤ᠋ᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠎ᠶᠢ ᠠᠬᠢᠭᠤᠯᠬᠤ ᠳᠦᠷᠢᠮ᠂ ᠪᠤᠭᠤᠲᠤ ᠬᠤᠳᠠ᠎ᠶᠢᠨ ᠴᠠᠭ ᠠᠭᠤᠷ᠎ᠤᠨ ᠭᠠᠮᠰᠢᠭ᠋᠎ᠢ ᠰᠡᠷᠭᠡᠢᠯᠡᠬᠦ ᠳᠦᠷᠢᠮ᠂ ᠲᠦᠩᠯᠢᠶᠣᠣ ᠬᠤᠳᠠ᠎ᠶᠢᠨ ᠮᠢᠬᠠᠨ᠎ᠤ ᠦᠬᠡᠷ᠎ᠦᠨ ᠡᠭᠦᠯᠳᠡᠷ᠎ᠦᠨ ᠬᠠᠮᠢᠶᠠᠷᠤᠯᠲᠠ᠎ᠶᠢᠨ ᠳᠦᠷᠢᠮ᠎ᠢ ᠵᠦᠪᠰᠢᠶᠡᠷᠡᠬᠦ ᠵᠡᠷᠭᠡ 5 ᠰᠢᠢᠳᠪᠦᠷᠢ ᠵᠢ ᠪᠠᠲᠤᠯᠠᠪᠠ᠃

ᠬᠤᠷᠠᠯ᠎ᠠᠴᠠ ᠬᠤᠸᠠᠩ ᡁᠢ ᠴᠢᠶᠠᠩ ᠨᠥᠬᠥᠷ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠎ᠶᠢᠨ ᠲᠤᠰᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠬᠦᠯᠢᠶᠡᠨ ᠠᠪᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠲᠣᠭᠲᠠᠭᠠᠯ᠎ᠢ ᠪᠠᠲᠤᠯᠠᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠲᠥᠯᠥᠭᠡᠯᠡᠭᠴᠢ᠎ᠶᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠣᠨᠴᠠ ᠵᠠᠷᠢᠮ ᠲᠥᠯᠥᠭᠡᠯᠡᠭᠴᠢ᠎ᠶᠢᠨ ᠲᠥᠯᠥᠭᠡᠯᠡᠭᠴᠢ᠎ᠶᠢᠨ ᠬᠢᠷᠢ ᠬᠡᠮ᠎ᠦᠨ ᠲᠤᠬᠠᠢ ᠮᠡᠳᠡᠭᠦᠯᠦᠯᠲᠡ᠎ᠶᠢ ᠪᠠᠲᠤᠯᠠᠪᠠ᠃

ᠬᠤᠷᠠᠯ᠎ᠠᠴᠠ ᠠᠵᠢᠯᠲᠠᠨ᠎ᠤ ᠶᠠᠪᠤᠳᠠᠯ᠎ᠤᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠨᠢ ᠪᠠᠭᠤᠯᠭᠠᠬᠤ ᠵᠦᠢᠯᠡᠰ᠎ᠢ ᠪᠠᠲᠤᠯᠠᠵᠤ᠂ ᠸᠠᠩ ᠪᠧᠨ ᠴᠢᠶᠠᠩ᠎ᠢ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠎ᠶᠢᠨ ᠲᠤᠰᠢᠶᠠᠯ᠎ᠳᠤ ᠲᠣᠮᠢᠯᠠᠬᠤ᠎ᠪᠠᠷ ᠲᠣᠭᠲᠠᠪᠠ᠃

ᠵᠠᠩ ᠱᠤᠤ ᠴᠦᠨ ᠡᠴᠡ ᠸᠠᠩ ᠪᠸᠨ ᠴᠢᠶᠠᠩ ᠵᠡᠷᠭᠡ ᠰᠢᠨ᠎ᠡ᠎ᠪᠡᠷ ᠲᠤᠰᠢᠶᠠᠯ᠎ᠳᠤ ᠲᠣᠮᠢᠯᠠᠭᠳᠠᠭ᠍ᠰᠠᠳ ᠲᠸ᠋ ᠲᠤᠰᠢᠶᠠᠯ᠎ᠳᠤ ᠲᠣᠮᠢᠯᠠᠬᠤ ᠪᠢᠴᠢᠭ ᠭᠠᠷᠳᠠᠭᠤᠯᠵᠠᠢ᠃

ᠰᠢᠨ᠎ᠡ᠎ᠪᠡᠷ ᠲᠤᠰᠢᠶᠠᠯ᠎ᠳᠤ ᠲᠣᠮᠢᠯᠠᠭᠳᠠᠭᠰᠠᠳ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭᠠᠷᠢᠭ᠍ᠯᠠᠵᠤ᠂ ᠸᠠᠩ ᠪᠸᠨ ᠴᠢᠶᠠᠩ ᠳᠠᠭᠠᠭᠤᠯᠤᠨ ᠲᠠᠩᠭᠠᠷᠢᠭ᠍ᠯᠠᠭᠰᠠᠨ ᠪᠥᠭᠡᠳ ᠣᠪᠣᠷ᠎ᠢᠶᠠᠨ ᠢᠯᠡᠳᠬᠡᠬᠦ ᠦᠭᠡ ᠬᠡᠯᠡᠵᠡᠢ᠃

ᠬᠤᠷᠠᠯ᠎ᠠᠴᠠ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ ᠵᠢᠨ ᠡᠬᠢᠯᠡᠯᠲᠡ᠎ᠶᠢᠨ ᠵᠢᠯ ᠮᠥᠨ᠂ ᠳᠥᠷᠪᠡᠳᠦᠭᠡᠷ ᠤᠯᠠᠷᠢᠯ᠎ᠤᠨ ᠠᠵᠢᠯ᠎ᠢ ᠰᠠᠢᠳᠤᠷ ᠬᠢᠬᠦ ᠨᠢ ᠣᠨ᠎ᠤ ᠬᠠᠷᠠᠯᠲᠠ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳ᠋ᠤ ᠬᠣᠯᠪᠣᠭᠳᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ ᠵᠢᠨ ᠰᠠᠢᠨ ᠡᠬᠢᠯᠡᠯᠲᠡ᠎ᠲᠠᠢ ᠬᠣᠯᠪᠣᠭᠳᠠᠨ᠎ᠠ᠃ ᠪᠠᠢᠩᠭᠤ᠎ᠶᠢᠨ ᠬᠣᠷᠢᠶ᠎ᠠ ᠵᠢᠨ ᠪᠦᠷᠢᠯᠳᠦᠭᠦᠨ ᠨᠠᠷ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ᠎ᠢᠶᠠᠨ ᠴᠢᠨᠠᠬᠰᠢᠳᠠ ᠴᠢᠩᠭᠠᠳᠬᠠᠵᠤ᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠬᠡᠵᠦ᠂ ᠰᠡᠳᠬᠢᠯ ᠨᠢᠭᠡᠳᠤᠨ ᠬᠦᠴᠦ᠎ᠪᠡᠨ ᠬᠠᠮᠲᠤᠳᠬᠠᠵᠤ ᠪᠠᠢᠩᠭᠤ᠎ᠶᠢᠨ ᠬᠣᠷᠢᠶ᠎ᠠ ᠵᠢᠨ ᠪᠦᠬᠦ ᠵᠢᠯ᠎ᠦᠨ ᠡᠯ᠎ᠡ ᠵᠦᠢᠯ᠎ᠦᠨ ᠠᠵᠢᠯ᠎ᠤᠨ ᠡᠭᠦᠷᠭᠡ᠎ᠶᠢ ᠰᠠᠢᠲᠤᠷ ᠪᠡᠶᠡᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ᠎ᠦᠨ ᠬᠢᠨ ᠵᠢᠯ᠎ᠦᠨ ᠡᠬᠢᠨ᠎ᠳᠦ ᠲᠣᠭᠲᠠᠭᠠᠭᠰᠠᠨ 《ᠨᠢᠭᠡ ᠭᠣᠣᠯᠳᠠᠯᠭ᠎ᠠ ᠭᠤᠷᠪᠠᠨ ᠲᠥᠯᠥᠪᠯᠡᠭᠡ》 ᠲᠠᠢ ᠬᠠᠷᠢᠴᠠᠭᠤᠯᠤᠨ ᠵᠦᠢᠯ ᠳᠠᠷᠠᠭᠠᠯᠠᠨ ᠬᠠᠷᠭᠤᠭᠤᠯᠤᠨ ᠪᠦᠷᠢᠳᠬᠡᠵᠦ᠂ ᠠᠵᠢᠯ᠎ᠤᠨ ᠬᠤᠭᠤᠴᠠᠭ᠎ᠠ᠎ᠶᠢ ᠲᠣᠩᠭᠣᠷᠠᠭᠤᠯᠤᠨ ᠵᠢᠭ᠍ᠰᠠᠭᠠᠵᠤ᠂ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠨᠢᠭᠡᠨᠲᠡ ᠲᠣᠭᠲᠠᠭᠠᠭᠰᠠᠨ 《ᠪᠠᠷᠢᠯᠭ᠎ᠠ᠎ᠶᠢᠨ ᠵᠢᠷᠤᠭ》 ᠢ᠋ ᠴᠢᠨᠠᠷ ᠰᠠᠢᠲᠠᠢ᠎ᠪᠠᠷ 《ᠪᠣᠳᠠᠲᠤ ᠦᠵᠡᠮᠵᠢ᠎ᠶᠢᠨ ᠵᠢᠷᠤᠭ》 ᠪᠣᠯᠭᠠᠨ ᠬᠤᠪᠢᠷᠠᠭᠤᠯᠬᠤ ᠬᠡᠷᠡᠭᠲᠡᠢ᠃ ᠢᠷᠡᠬᠦ ᠵᠢᠯ᠎ᠦᠨ ᠠᠵᠢᠯ᠎ᠢ ᠤᠷᠢᠳᠴᠢᠯᠠᠨ ᠰᠤᠳᠤᠯᠤᠨ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ ᠪᠠᠢᠩᠭᠤ᠎ᠶᠢᠨ ᠬᠣᠷᠢᠶ᠎ᠠ ᠵᠢᠨ 2027 ᠣᠨ᠎ᠤ ᠬᠠᠤᠯᠢ ᠲᠣᠭᠲᠠᠭᠠᠬᠤ᠂ ᠬᠢᠨᠠᠯᠳᠠ ᠲᠠᠯᠪᠢᠬᠤ᠂ ᠴᠢᠬᠤᠯᠠ ᠶᠡᠬᠡ ᠵᠤᠢᠯᠡᠰ ᠢ᠋ ᠶᠠᠷᠢᠯᠴᠠᠨ ᠲᠤᠬᠳᠠᠭᠠᠬᠤ᠂ ᠲᠥᠯᠥᠭᠡᠯᠡᠭᠴᠢ᠎ᠶᠢᠨ ᠠᠵᠢᠯ᠎ᠤᠨ ᠲᠦᠷᠦᠯ ᠵᠦᠢᠯ᠎ᠢ ᠨᠠᠷᠢᠨ ᠬᠢᠨᠠᠮᠠᠭᠠᠢ ᠰᠤᠳᠤᠯᠤᠨ ᠳᠤᠷᠠᠳᠴᠤ᠂ ᠰᠢᠯᠢᠳᠡᠭ ᠰᠤᠷᠲᠠᠯ ᠪᠠ ᠴᠢᠨᠠᠷ ᠰᠠᠢᠲᠠᠢ ᠠᠵᠢᠯ᠎ᠤᠨ ᠦᠷ᠎ᠡ ᠪᠦᠲᠦᠮᠵᠢ᠎ᠪᠡᠷ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠤᠪᠢ ᠨᠡᠮᠡᠷᠢ ᠵᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠯ᠎ᠡ ᠲᠤᠰᠬᠠᠢ ᠵᠥᠪᠯᠡᠯ᠎ᠦᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠪᠦᠬᠦ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠪᠠᠢᠭᠤᠯᠤᠮᠵᠢ ᠪᠠ ᠠᠢᠮᠠᠭ᠎ᠤᠨ ᠠᠵᠢᠯ᠎ᠤᠨ ᠵᠥᠪᠯᠡᠯ᠎ᠦᠨ ᠬᠠᠷᠢᠭᠤᠴᠠᠯᠭᠠᠲᠠᠨ ᠨᠥᠬᠥᠳ᠂ ᠡᠯ᠎ᠡ ᠲᠣᠭᠣᠷᠢᠭ᠋᠎ᠪᠠᠢᠭᠤᠯᠤᠬᠰᠠᠨ ᠬᠤᠳᠠ᠂ ᠮᠠᠨᠵᠤᠤᠷ ᠬᠤᠳᠠ᠂ ᠡᠷᠢᠶᠡᠨ ᠬᠤᠳᠠ ᠵᠢᠴᠢ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面