ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:21

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠶᠠᠷᠢᠶ᠎ᠠ ᠲᠠᠯᠪᠢᠪᠠ


9 ᠰᠠᠷ᠎ᠠ᠎ᠶᠢᠨ 17 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠳᠦᠷᠢᠮ》 (ᠳᠣᠷᠣᠭ᠍ᠰᠢ 《ᠳᠦᠷᠢᠮ》 ᠭᠡᠵᠦ ᠲᠦᠬᠦᠮᠴᠢᠯᠡᠨ᠎ᠠ) ᠢ᠋ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠬᠡᠯᠪᠡᠷᠢ᠎ᠶᠢᠨ ᠵᠥᠪᠯᠡᠬᠦ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠬᠡ ᠬᠣᠯᠪᠣᠭᠳᠠᠯ ᠪᠦᠬᠦᠢ ᠪᠠᠢᠳᠠᠯ᠎ᠢ ᠵᠠᠷᠯᠡᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠵᠠᠩ ᠯᠧᠢ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠢᠦᠢ ᠷᠧᠨ ᠵᠢᠶᠧ ᠬᠤᠷᠠᠯ᠎ᠳᠦ ᠤᠷᠤᠯᠴᠠᠵᠠᠢ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠦᠨᠳᠦᠰᠦᠲᠡᠨ ᠪᠠ ᠱᠠᠰᠢᠨ ᠰᠤᠷᠲᠠᠬᠤᠨ᠎ᠤ ᠵᠥᠪᠯᠡᠯ᠎ᠦᠨ ᠬᠠᠷᠢᠭᠤᠴᠠᠯᠭᠠᠲᠠᠨ ᠪᠠᠢᠴᠠᠭᠠᠨ ᠰᠤᠳᠤᠯᠤᠬᠰᠡᠨ ᠪᠠᠢᠳᠠᠯ᠎ᠤᠨ ᠲᠣᠳᠣᠷᠬᠠᠢᠯᠠᠯᠲᠠ ᠬᠢᠵᠦ᠂ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠂ ᠲᠤᠮᠳᠠᠳᠤ ᠤᠯᠤᠰ ᠤ᠋ᠨ ᠠᠷᠠᠳᠴᠢᠯᠠᠯ᠎ᠢᠶᠠᠷ ᠠᠬᠢᠭᠤᠯᠬᠤ ᠬᠤᠷᠠᠯ ᠪᠠ ᠲᠤᠮᠳᠠᠳᠤ ᠤᠯᠤᠰ ᠤ᠋ᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ ᠤ᠋ ᠬᠣᠷᠢᠶ᠎ᠠ᠂ ᠬᠡᠰᠡᠭ ᠠᠢᠮᠠᠭ ᠬᠣᠲᠠ᠎ᠶᠢᠨ ᠤᠯᠤᠰ ᠲᠥᠷᠥ᠎ᠶᠢᠨ ᠵᠥᠪᠯᠡᠯᠭᠡᠨ᠎ᠦ ᠬᠠᠷᠢᠭᠤᠴᠠᠯᠭᠠᠲᠠᠨ ᠨᠥᠬᠥᠳ ᠵᠢᠴᠢ ᠲᠤᠰᠬᠠᠢ ᠮᠡᠷᠭᠡᠵᠢᠯᠲᠡᠨ ᠡᠷᠳᠡᠮᠲᠡᠳ ᠰᠠᠨᠠᠯ᠎ᠢᠶᠠᠨ ᠰᠣᠯᠢᠯᠴᠠᠬᠤ ᠦᠭᠡ ᠬᠡᠯᠡᠵᠤ᠂ ᠬᠠᠷᠢᠯᠴᠠᠨ ᠵᠥᠪᠳᠡᠯᠴᠡᠭᠡ ᠬᠢᠪᠠ ᠃

ᠬᠤᠷᠠᠯ᠎ᠡᠴᠡ᠂ ᠤᠯᠤᠰ ᠲᠦᠷᠦ᠎ᠶᠢ ᠡᠷᠬᠢᠮᠯᠡᠬᠦ ᠦᠨᠳᠦᠷᠴᠡ᠎ᠡᠴᠡ 《ᠳᠦᠷᠢᠮ》 ᠢ᠋ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ᠎ᠢ ᠭᠦᠨᠵᠡᠭᠡᠢ ᠪᠠᠢᠴᠠᠭᠠᠨ ᠰᠤᠳᠤᠯᠤᠯᠲᠠ ᠬᠢᠯᠭᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠲᠡᠪᠰᠢᠬᠦᠯᠬᠦ ᠵᠢ ᠬᠥᠲᠥᠯᠥᠨ ᠵᠢᠯᠤᠭᠣᠳᠴᠤ᠂ ᠦᠨᠳᠦᠰᠦᠲᠡᠨ᠎ᠦ ᠪᠦᠯᠬᠦᠮᠳᠡᠯ ᠳᠠᠪᠰᠢᠯᠳᠠ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠦᠯᠢᠬᠡᠷ ᠳᠠᠭᠤᠷᠢᠶᠠᠯ ᠪᠣᠯᠭᠠᠬᠤ ᠬᠡᠷᠡᠭᠲᠡᠢ ᠭᠡᠵᠤ ᠳᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠣᠯᠪᠣᠭᠳᠠᠯ ᠪᠦᠬᠦᠢ ᠨᠥᠬᠥᠳ ᠣᠷᠣᠯᠴᠠᠵᠤ᠂ ᠡᠯ᠎ᠡ ᠠᠢᠮᠠᠭ ᠬᠤᠳᠠ ᠵᠢᠴᠢ ᠮᠠᠨᠵᠤᠤᠷ ᠬᠤᠳᠠ᠂ ᠡᠷᠢᠶᠡᠨ ᠬᠤᠳᠠ᠎ᠶᠢᠨ ᠤᠯᠤᠰ ᠲᠦᠷᠦ᠎ᠶᠢᠨ ᠵᠥᠪᠯᠡᠯᠭᠡᠨ ᠸᠢᠳᠢᠤ᠋᠎ᠬᠡᠯᠪᠡᠷᠢ᠎ᠪᠡᠷ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面