ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:22

ᠵᠣᠬᠢᠶᠠᠭ᠍ᠴᠢ᠄ ᠭᠤᠤ ᠮᠢᠨ ᠨᠠ ᠸᠧᠢ ᠨᠠ ᠪᠠᠶᠠᠰᠬᠤᠯᠠᠩ ᠰᠦᠩ ᠠ ᠨᠠᠠ ᠪᠤᠶᠠᠨ᠌ᠡᠨᠡᠷᠢᠯ ᠭᠦᠧᠧ ᠢᠦᠢ ᠬᠦᠤᠳᠠᠭᠤᠯᠠ ᠣᠩᠱᠢᠭ᠍ᠰᠠᠨ ᠣᠳᠠᠭ᠎ᠠ᠄ 3

ᠡᠨᠡ ᠵᠢᠯ ᠪᠣᠯ 《 9·18 》 ᠤ᠋ ᠬᠡᠷᠡᠭ ᠬᠤᠪᠢᠰᠤᠯ ᠡᠭᠦᠰᠦᠭᠰᠡᠨ 95 ᠵᠢᠯ᠎ᠦᠨ ᠤᠢ ᠪᠣᠯᠤᠨ᠎ᠠ᠃ 9 ᠰᠠᠷ᠎ᠠ᠎ᠶᠢᠨ 18 ᠤ᠋ ᠡᠳᠦᠷ᠂ ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠠᠭᠠᠷ᠎ᠤᠨ ᠰᠡᠷᠭᠡᠶ᠋ᠢᠯᠡᠯᠲᠡ᠎ᠶᠢᠨ ᠰᠡᠷᠡᠮᠵᠢ᠎ᠶᠢᠨ ᠳᠣᠬᠢᠶ᠎ᠠ᠎ᠶᠢ ᠵᠡᠷᠭᠡ᠎ᠪᠡᠷ ᠳᠤᠤᠭᠠᠷᠭᠠᠵᠤ᠂ ᠡᠯ᠎ᠡ ᠰᠤᠷᠭᠠᠭᠤᠯᠢ᠂ ᠪᠠᠶ᠋ᠢᠭᠤᠯᠭ᠎ᠠ ᠨᠢᠭᠡᠴᠢ᠂ ᠨᠡᠶ᠋ᠢᠭᠡᠮ ᠲᠣᠭᠣᠷᠢᠭ ᠎ᠤᠨ ᠎ᠬᠢᠨ ᠦᠷᠡᠭᠳᠡᠭᠰᠡᠨ ᠪᠠᠭᠠᠲᠤᠷᠴᠤᠳ᠎ᠢᠶᠠᠨ ᠳᠤᠷᠠᠰᠬᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠂ ᠪᠠᠴᠢᠮ ᠪᠠᠶ᠋ᠢᠳᠠᠯ ᠎ᠢ ᠠᠷᠭᠠᠴᠠᠭᠠᠬᠤ ᠰᠣᠷᠢᠯᠲᠠ ᠵᠡᠷᠭᠡ ᠰᠢᠷᠢᠰ ᠭᠤᠤᠯ ᠰᠡᠳᠦᠪᠲᠦ᠍ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠂ ᠵᠠᠯᠠᠭᠤᠴᠤᠳ ᠪᠠᠭᠠᠴᠤᠳ ᠤ᠋ᠨ ᠲᠡᠦᠬᠡ᠎ᠶᠢ ᠪᠠᠲᠤ᠌ ᠴᠡᠭᠡᠵᠢᠯᠡᠵᠦ᠍᠂ ᠡᠩᠬᠡ ᠲᠠᠶ᠋ᠢᠪᠤᠩ᠎ᠢ ᠨᠠᠨᠳᠢᠩᠨᠠᠨ ᠬᠠᠶ᠋ᠢᠷᠠᠯᠠᠬᠤ ᠵᠢ ᠬᠦᠳᠦᠯᠦᠨ ᠵᠢᠯᠤᠭᠤᠳᠴᠤ᠂ ᠤᠯᠤᠰ ᠵᠢᠡᠨ ᠬᠠᠢᠷᠠᠯᠠᠬᠤ ᠰᠡᠳᠬᠢᠯᠭᠡ᠎ᠶᠢ ᠵᠤᠵᠠᠭᠠᠳᠬᠠᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠤᠬᠠᠮᠰᠠᠷ᠎ᠢ ᠴᠢᠩᠭᠠᠳᠬᠠᠵᠤ᠂ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ᠎ᠶᠢ ᠠᠬᠢᠭᠤᠯᠪᠠ᠃

9 ᠰᠠᠷ᠎ᠠ᠎ᠶᠢᠨ 18 ᠤ᠋ ᠦᠳᠡ᠎ᠶᠢᠨ ᠡᠮᠦᠨᠡᠬᠢ 10 ᠴᠠᠭ᠎ᠲᠤ᠌᠂ ᠣᠷᠳᠣᠰ ᠬᠣᠲᠠ᠎ᠶᠢᠨ ᠬᠠᠩᠭᠢᠨ ᠬᠣᠰᠢᠭᠤᠨ᠎ᠤ ᠠᠭᠠᠷ᠎ᠤᠨ ᠰᠡᠷᠭᠡᠶ᠋ᠢᠯᠡᠯᠲᠡ᠎ᠶᠢᠨ ᠰᠡᠷᠡᠮᠵᠢ᠎ᠶᠢᠨ ᠳᠣᠬᠢᠶ᠎ᠠ ᠳᠤᠤᠭᠠᠷᠴᠦ᠍᠂ ᠲᠣᠰ ᠪᠦᠷᠢ ᠭᠤᠷᠪᠠᠨ ᠮᠢᠨᠦ᠋ᠲ ᠵᠢᠡᠷ ᠭᠤᠷᠪᠠ ᠤᠳᠠᠭ᠎ᠠ ᠳᠤᠤᠭᠠᠷᠭᠠᠭᠰᠠᠨ ᠰᠡᠷᠡᠮᠵᠢ᠎ᠶᠢᠨ ᠳᠣᠬᠢᠶ᠎ᠠ ᠪᠠᠯᠭᠠᠰᠤ ᠭᠤᠳᠤᠮᠵᠢ ᠳ᠋ᠤ ᠴᠤᠤᠷᠢᠶᠠᠲᠤᠵᠤ᠂ ᠵᠡᠭᠡᠯᠢ ᠭᠤᠳᠤᠮᠵᠢ᠎ᠪᠠᠷ ᠥᠩᠭᠡᠷᠡᠬᠦ᠌ ᠬᠣᠲᠠ᠎ᠶᠢᠨ ᠠᠷᠠᠳ᠎ᠤᠳ ᠲᠥᠪ ᠵᠣᠭᠰᠣᠨ ᠨᠠᠮᠠᠨᠴᠢᠯᠠᠵᠤ᠂ ᠭᠠᠶ᠋ᠢᠬᠠᠮᠰᠢᠭᠲᠤ᠌ ᠣᠨ ᠰᠠᠷ᠎ᠠ ᠵᠢ ᠡᠷᠭᠢᠴᠡᠭᠦᠯᠵᠦ᠍᠂ ᠬᠤᠪᠢᠰᠬᠠᠯ᠎ᠤᠨ ᠤᠷᠢᠳᠤᠰ᠎ᠲᠤ᠌ ᠬᠦᠨᠳᠦᠳᠬᠡᠯ ᠳᠡᠪᠰᠢᠭᠦᠯᠪᠡ᠃ ᠬᠠᠩᠭᠢᠨ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠪᠠᠭᠰᠢ ᠰᠤᠷᠤᠭᠴᠢᠳ ᠰᠤᠷᠭᠠᠭᠤᠯᠢ᠎ᠶᠢᠨ ᠬᠦᠷᠢᠶᠡᠨ᠎ᠳ᠋ᠡᠬᠡᠨ ᠲᠥᠪ ᠵᠣᠭᠰᠣᠨ ᠨᠠᠮᠠᠨᠴᠢᠯᠠᠨ ᠭᠠᠰᠢᠭᠤᠳᠠᠪᠠ᠃ ᠰᠣᠷᠣᠭᠴᠢ ᠵᠠᠩ ᠰᠢᠤᠸᠠᠢ᠄ 《ᠠᠭᠠᠷ᠎ᠤᠨ ᠰᠡᠷᠭᠡᠶ᠋ᠢᠯᠡᠯᠲᠡ᠎ᠶᠢᠨ ᠰᠡᠷᠡᠮᠵᠢ᠎ᠶᠢᠨ ᠳᠣᠬᠢᠶ᠎ᠠ᠎ᠶᠢ ᠰᠣᠨᠣᠰᠤᠭᠠᠳ᠂ ᠥᠨᠥᠳᠦᠷ ᠠᠭᠤᠯᠠ ᠤᠰᠤ ᠠᠮᠤᠷ ᠲᠦᠪᠰᠢᠨ᠂ ᠰᠤᠷᠭᠠᠭᠤᠯᠢ᠎ᠶᠢᠨ ᠬᠦᠷᠢᠶ᠎ᠡ ᠠᠮᠤᠷ ᠲᠠᠶ᠋ᠢᠪᠤᠩ᠂ ᠲᠦᠭ ᠲᠦᠮᠡᠨ ᠠᠶ᠋ᠢᠯ ᠡᠷᠦᠬᠡ ᠠᠮᠤᠷ ᠠᠮᠤᠭᠤᠯᠠᠩ ᠠᠵᠤ ᠲᠦᠷᠦᠵᠤ ᠪᠠᠢᠬᠤ ᠨᠢ ᠴᠥᠮ ᠦᠷᠡᠭᠳᠡᠭᠰᠡᠨ ᠪᠠᠭᠠᠲᠤᠷᠴᠤᠳ᠎ᠤᠨ ᠬᠠᠯᠠᠭᠤᠨ ᠴᠢᠰᠤ ᠪᠡᠷ ᠵᠢᠡᠨ ᠰᠤᠯᠢᠵᠤ ᠠᠪᠴᠢᠷᠠᠭᠰᠠᠨ ᠶᠤᠮ᠂ ᠡᠩᠬᠡ ᠲᠠᠶ᠋ᠢᠪᠤᠩ ᠣᠨ ᠰᠠᠷ᠎ᠠ᠎ᠶᠢ ᠬᠢᠯᠪᠠᠷ ᠪᠤᠰᠤ᠎ᠪᠠᠷ ᠣᠯᠤᠭᠰᠠᠨ ᠭᠡᠳᠡᠭ᠎ᠢ ᠪᠢ ᠰᠠᠶᠢ ᠦᠨᠡᠨ ᠬᠦ᠌ ᠣᠶ᠋ᠢᠯᠠᠭᠠᠵᠤ ᠪᠠᠶ᠋ᠢᠨ᠎ᠠ》 ᠭᠡᠵᠤ ᠳᠤᠭᠳᠤᠯᠤᠨ ᠬᠡᠯᠡᠪᠡ᠃

ᠬᠢᠩᠭᠠᠨ ᠠᠶ᠋ᠢᠮᠠᠭ᠂ ᠤᠯᠠᠭᠠᠨᠬᠠᠳᠠ ᠬᠣᠲᠠ᠂ ᠪᠤᠭᠤᠲᠤ᠌ ᠬᠣᠲᠠ ᠳᠤᠷᠠᠰᠬᠠᠬᠤ ᠠᠵᠢᠯᠯᠠᠭ᠎ᠠ ᠎ᠶᠢ ᠵᠡᠷᠭᠡ ᠪᠡᠷ ᠵᠣᠬᠢᠶᠠᠨ ᠪᠠᠶ᠋ᠢᠭᠤᠯᠪᠠ᠃ ᠵᠠᠯᠠᠶ᠋ᠢᠳ ᠬᠣᠰᠢᠭᠤᠨ᠎ᠤ ᠢᠨᠳᠡᠷ ᠭᠤᠷᠪᠠᠳᠤᠭᠠᠷ ᠪᠠᠭ᠎ᠠ ᠰᠤᠷᠭᠠᠭᠤᠯᠢ᠎ᠶᠢᠨ ᠪᠦᠬᠦ᠌ ᠪᠠᠭᠰᠢ ᠰᠤᠷᠤᠭᠴᠢᠳ ᠲᠥᠪ ᠵᠣᠭᠰᠣᠨ ᠤᠯᠤᠰ᠎ᠤᠨ ᠰᠦᠯᠳᠡ ᠳᠠᠭᠤᠤ᠎ᠶᠢ ᠳᠠᠭᠤᠯᠠᠵᠤ᠂ ᠨᠠᠮᠠᠨᠴᠢᠯᠠᠨ ᠭᠠᠰᠢᠭᠤᠳᠠᠵᠤ᠂ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ ᠪᠣᠯᠤᠨ ᠡᠨᠳᠡᠭᠰᠡᠨ ᠠᠬ᠎ᠠ ᠳᠡᠭᠦᠦ᠎ᠨᠡᠷ ᠢ᠋ ᠳᠤᠷᠠᠰᠤᠨ ᠰᠠᠨᠠᠭᠠᠯᠵᠠᠵᠤ᠂ ᠬᠤᠪᠢᠰᠬᠠᠯ᠎ᠤᠨ ᠬᠥᠮᠦᠵᠢᠯ ᠎ᠦᠨ ᠣᠬᠣᠷ ᠹᠢᠯᠢᠮ᠂ ᠬᠤᠪᠢᠰᠬᠠᠯᠳᠤ ᠰᠤᠳᠤᠨ ᠪᠦᠳᠦᠬᠡᠯ᠎ᠤᠨ ᠤᠩᠰᠢᠯᠭ᠎ᠠ ᠵᠡᠷᠭᠡ ᠬᠡᠯᠪᠡᠷᠢ᠎ᠪᠡᠷ ᠲᠡᠦᠬᠡ᠎ᠶᠢ ᠡᠷᠭᠢᠴᠡᠭᠦᠯᠪᠡ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠴᠢᠨᠳᠠᠮᠤᠨᠢ ᠨᠡᠶ᠋ᠢᠭᠡᠮ ᠲᠣᠭᠣᠷᠢᠭ ᠰᠠᠭᠤᠭᠠᠯᠢ ᠠᠷᠠᠳ᠎ᠢ ᠵᠣᠬᠢᠶᠠᠨ ᠪᠠᠶ᠋ᠢᠭᠤᠯᠤᠨ 《 9·18 》 ᠤ᠋ ᠭᠤᠤᠯ ᠰᠡᠳᠦᠪᠲᠦ᠍ ᠬᠥᠮᠦᠵᠢᠯ᠎ᠦᠨ ᠺᠢᠨᠤ᠋᠎ᠶᠢ ᠦᠵᠡᠭᠦᠯᠵᠦ᠍᠂ ᠤᠬᠠᠭᠤᠯᠭ᠎ᠠ᠎ᠶᠢᠨ ᠮᠠᠲ᠋ᠧᠷᠢᠶᠠᠯ ᠲᠠᠷᠬᠠᠭᠠᠵᠤ ᠲᠡᠦᠬᠡ᠎ᠶᠢᠨ ᠮᠡᠳᠡᠯᠭᠡ᠎ᠶᠢ ᠲᠦᠭᠡᠮᠡᠯᠵᠢᠭᠦᠯᠪᠡ᠃ ᠰᠠᠶ᠋ᠢᠬᠠᠨ ᠨᠡᠶ᠋ᠢᠭᠡᠮ ᠲᠣᠭᠣᠷᠢᠭ ᠨᠠᠮᠠᠨᠴᠢᠯᠠᠨ ᠭᠠᠰᠢᠭᠤᠳᠠᠬᠤ ᠶᠣᠰᠣᠯᠠᠯ ᠶᠠᠪᠤᠭᠤᠯᠵᠤ᠂ ᠳᠠᠷᠠᠭ᠎ᠠ᠎ᠨᠢ ᠭᠡᠷ᠎ᠦᠨ ᠰᠤᠷᠲᠠᠯ᠎ᠤᠨ ᠣᠷᠳᠣᠨ ᠢ᠋ ᠲᠣᠭᠣᠷᠢᠨ ᠦᠵᠡᠵᠦ᠍᠂ ᠰᠢᠯᠢᠳᠡᠭ ᠰᠠᠶ᠋ᠢᠨ ᠭᠡᠷ᠎ᠦᠨ ᠰᠤᠷᠲᠠᠯ ᠪᠣᠯᠤᠨ ᠤᠯᠤᠰ ᠭᠡᠷ᠎ᠦᠨ ᠬᠠᠶ᠋ᠢᠷ᠎ᠠ ᠰᠡᠳᠬᠢᠯᠭᠡ᠎ᠶᠢ ᠤᠢᠯᠠᠭᠠᠪᠠ᠃ ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠎ᠤᠨ ᠮᠢᠩ ᠶᠤᠸᠠᠨ ᠢᠦᠶ ᠵᠢᠩ ᠵᠡᠷᠭᠡ ᠨᠡᠶ᠋ᠢᠭᠡᠮ ᠲᠣᠭᠣᠷᠢᠭ ᠠᠷᠠᠳ᠎ᠤᠨ ᠠᠭᠠᠷ᠎ᠤᠨ ᠰᠡᠷᠭᠡᠶ᠋ᠢᠯᠡᠯᠲᠡ᠎ᠶᠢᠨ ᠰᠢᠨᠵᠢᠯᠡᠬᠦ᠌ ᠤᠬᠠᠭᠠᠨ᠎ᠤ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠭ᠎ᠠ ᠥᠷᠨᠢᠭᠦᠯᠪᠡ᠃

ᠰᠢᠯᠢ᠎ᠶᠢᠨ ᠭᠤᠤᠯ ᠠᠶ᠋ᠢᠮᠠᠭ ᠎ᠤᠨ ᠡᠯ᠎ᠡ ᠰᠤᠷᠭᠠᠭᠤᠯᠢ᠎ᠨᠤᠭᠤᠳ ᠠᠭᠠᠷ᠎ᠤᠨ ᠰᠡᠷᠭᠡᠶ᠋ᠢᠯᠡᠯᠲᠡ᠎ᠶᠢᠨ ᠲᠠᠷᠬᠠᠭᠠᠨ ᠵᠠᠢᠯᠠᠭᠤᠯᠬᠤ ᠰᠣᠷᠢᠯᠲᠠ ᠥᠷᠨᠢᠭᠦᠯᠵᠦ᠍᠂ ᠰᠤᠷᠤᠭᠴᠢᠳ᠎ᠲᠤ᠌ ᠠᠶᠤᠯ᠎ᠡᠴᠡ ᠵᠠᠶ᠋ᠢᠯᠠᠵᠤ ᠥᠪᠡᠷ᠎ᠢ᠎ᠪᠡᠨ ᠠᠪᠤᠷᠠᠬᠤ ᠤᠷ᠎ᠠ ᠴᠢᠳᠠᠪᠤᠷᠢ᠎ᠶᠢ ᠪᠣᠯᠪᠠᠰᠤᠷᠠᠩᠭᠤᠶ ᠡᠵᠡᠮᠰᠢᠬᠦ᠌᠎ᠶᠢ ᠵᠢᠭᠠᠨ ᠥᠭᠪᠡ᠃ ᠪᠤᠭᠤᠲᠤ᠌ ᠬᠣᠲᠠ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠶ᠋ᠢᠴᠢᠯᠠᠯᠲᠠ᠎ᠶᠢᠨ ᠠᠯᠪᠠᠨ ᠬᠡᠷ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠶᠡᠬᠡ ᠰᠤᠷᠭᠠᠭᠤᠯᠢ᠎ᠳᠤ 《9·18 ᠎ᠤ᠋ ᠬᠡᠷᠡᠭ ᠬᠤᠪᠢᠰᠤᠯ᠎ᠢ᠎ᠪᠠᠲᠤ᠌ ᠴᠡᠭᠡᠵᠢᠯᠡᠵᠦ᠍ ᠵᠤᠷᠢᠭ ᠰᠢᠭᠤᠳᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠦᠴᠦᠷᠬᠡᠭᠵᠢᠭᠦᠯᠦᠶ᠎ᠡ》 ᠬᠡᠬᠦ ᠭᠤᠤᠯ ᠰᠡᠳᠦᠪᠲᠦ᠍ ᠠᠵᠢᠯᠯᠠᠭ᠎ᠠ ᠥᠷᠨᠢᠭᠦᠯᠵᠦ᠍᠂ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠰᠠᠷ᠎ᠠ ᠪᠣᠯᠤᠨ ᠰᠢᠨ᠎ᠡ ᠰᠤᠷᠤᠭᠴᠢᠳ᠎ᠤᠨ ᠴᠡᠷᠢᠭ᠎ᠦᠨ ᠪᠣᠯᠪᠠᠰᠤᠷᠠᠯ᠎ᠲᠠᠶ ᠤᠶᠠᠯᠳᠤᠭᠤᠯᠤᠨ᠂ ᠭᠦᠨᠵᠡᠭᠡᠢ ᠪᠡᠶᠡᠴᠢᠯᠡᠨ ᠤᠢᠯᠠᠭᠠᠬᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠬᠢᠴᠢᠶᠡᠯ᠎ᠦᠨ ᠲᠠᠩᠬᠢᠮ᠎ᠢ ᠪᠠᠶ᠋ᠢᠭᠤᠯᠪᠠ᠃

ᠥᠪᠥᠷ ᠮᠣᠩᠭᠣᠯ ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠰᠤᠷᠤᠭᠴᠢᠳ᠎ᠤᠨ ᠠᠵᠢᠯ᠎ᠤᠨ ᠬᠡᠯᠲᠡᠰ᠎ᠦᠨ ᠳᠠᠷᠤᠭ᠎ᠠ ᠵᠠᠩ ᠰᠢᠨ᠂ ᠰᠤᠷᠭᠠᠭᠤᠯᠢ᠎ᠡᠴᠡ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠴᠡᠷᠢᠭ᠎ᠦᠨ ᠪᠣᠯᠪᠠᠰᠤᠷᠠᠯ᠎ᠤᠨ ᠵᠠᠪᠠᠯ ᠰᠤᠷᠬᠤ ᠬᠢᠴᠢᠶᠡᠯ᠎ᠳᠦ ᠣᠷᠣᠭᠤᠯᠵᠤ᠂ ᠴᠡᠷᠢᠭ᠎ᠦᠨ ᠶᠠᠪᠤᠳᠠᠯ᠎ᠤᠨ ᠤᠷ᠎ᠠ ᠴᠢᠳᠠᠪᠤᠷᠢ᠎ᠶᠢᠨ ᠪᠡᠶᠡᠴᠢᠯᠡᠨ ᠣᠶ᠋ᠢᠯᠠᠭᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠶ᠋ᠢᠴᠢᠯᠠᠯᠲᠠ᠎ᠶᠢᠨ ᠲᠠᠶ᠋ᠢᠯᠤᠮᠵᠢ ᠬᠢᠬᠦ᠌᠂ ᠬᠤᠪᠢᠰᠬᠠᠯ᠎ᠤᠨ ᠬᠥᠮᠦᠵᠢᠯ᠎ᠦᠨ ᠺᠢᠨᠤ᠋ ᠰᠣᠨᠢᠷᠬᠠᠬᠤ ᠵᠡᠷᠭᠡ ᠠᠵᠢᠯᠯᠠᠭ᠎ᠠ᠎ᠶᠢ ᠪᠠᠶ᠋ᠢᠩᠭᠤ ᠥᠷᠨᠢᠭᠦᠯᠵᠦ ᠪᠤᠢ ᠭᠡᠵᠦ ᠲᠠᠨᠢᠯᠴᠠᠭᠤᠯᠪᠠ᠃ ᠬᠣᠲᠠ᠎ᠶᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ᠎ᠶᠢᠨ ᠭᠡᠰᠢᠭᠦᠴᠢ ᠯᠢ ᠶᠠᠩ᠂ ᠲᠣᠰ ᠤᠳᠠᠭ᠎ᠠ᠎ᠶᠢᠨ ᠠᠵᠢᠯᠯᠠᠭ᠎ᠠ ᠪᠣᠯ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠠᠮᠢᠳᠤᠯᠢᠭ ᠦᠢᠯᠡᠳᠦᠯᠭᠡ ᠪᠠᠶ᠋ᠢᠵᠤ᠂ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠰᠢᠨ᠎ᠡ ᠴᠠᠭ ᠦᠶ᠎ᠡ᠎ᠳᠦ ᠭᠠᠪᠢᠶ᠎ᠠ ᠵᠢᠳᠬᠦᠯ ᠪᠠᠶ᠋ᠢᠭᠤᠯᠬᠤ᠎ᠶᠢ ᠵᠣᠷᠢᠭᠵᠢᠭᠤᠯᠪᠠ ᠭᠡᠵᠦ ᠢᠯᠡᠳᠭᠡᠪᠡ᠃

ᠰᠡᠷᠡᠮᠵᠢ᠎ᠶᠢᠨ ᠬᠤᠩᠬᠤ᠎ᠶᠢ ᠪᠠᠶ᠋ᠢᠩᠭᠤ ᠳᠤᠤᠭᠠᠷᠭᠠᠵᠤ᠂ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠠᠶᠠᠨ᠎ᠢᠶᠠᠨ ᠡᠬᠢᠯᠡᠭᠦᠯᠦᠨ᠎ᠡ᠃ ᠥᠷᠭᠡᠨ ᠣᠯᠠᠨ ᠺᠠᠳ᠋ᠷ ᠣᠯᠠᠨ ᠲᠦᠮᠡᠨ ᠪᠣᠯᠤᠨ ᠵᠠᠯᠠᠭᠤᠴᠤᠳ ᠪᠠᠭᠠᠴᠤᠳ ᠲᠡᠦᠬᠡ᠎ᠶᠢ ᠡᠷᠭᠢᠴᠡᠭᠦᠯᠬᠦ᠌ ᠪᠠ ᠪᠠᠲᠤ᠌ ᠴᠡᠭᠡᠵᠢᠯᠡᠬᠦ᠌ ᠳᠤᠮᠳᠠ ᠣᠶᠤᠨ ᠰᠠᠨᠠᠭᠠᠨ᠎ᠤ ᠬᠦᠴᠦᠨ ᠴᠢᠳᠠᠯ ᠣᠯᠵᠤ᠂ ᠣᠶ᠋ᠢᠯᠠᠭᠠᠯᠲᠠ᠎ᠶᠢᠨ ᠳᠤᠮᠳᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠰᠠᠬᠢᠵᠤ᠂ ᠤᠬᠠᠮᠰᠠᠷ᠎ᠡᠴᠡ᠎ᠪᠠᠨ ᠬᠤᠪᠢᠰᠬᠠᠯ᠎ᠤᠨ ᠤᠳᠤᠮᠰᠢᠯ᠎ᠢ ᠵᠠᠯᠭᠠᠮᠵᠢᠯᠠᠵᠤ᠂ ᠤᠯᠤᠰ᠎ᠢᠶᠠᠨ ᠬᠠᠶ᠋ᠢᠷᠠᠯᠠᠬᠤ ᠬᠠᠶ᠋ᠢᠷ᠎ᠠ ᠰᠡᠳᠬᠢᠯᠭᠡ᠎ᠶᠢ ᠵᠤᠵᠠᠭᠠᠳᠬᠠᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠪᠡᠷ ᠡᠩᠬᠡ ᠲᠠᠶ᠋ᠢᠪᠤᠩ ᠣᠨ ᠰᠠᠷ᠎ᠠ᠎ᠶᠢ ᠰᠠᠬᠢᠨ ᠬᠠᠮᠠᠭᠠᠯᠠᠵᠤ᠂ ᠰᠢᠨ᠎ᠡ ᠴᠠᠭ ᠦᠶ᠎ᠡ᠎ᠶᠢᠨ ᠤᠮᠠᠷᠠᠲᠤ᠌ ᠬᠢᠯᠢ᠎ᠶᠢᠨ ᠡᠷᠡᠮᠡᠬᠡᠶ᠋ᠢᠯᠡᠨ ᠤᠷᠤᠭᠰᠢᠯᠠᠬᠤ ᠬᠠᠭᠤᠳᠠᠰᠤ᠎ᠶᠢ ᠪᠢᠴᠢᠭᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面