ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:23

ᠵᠣᠬᠢᠶᠠᠭ᠍ᠴᠢ᠄ ᠪᠠᠢ ᠯᠢᠶᠠᠨ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠡᠴᠡ ᠤᠢ᠌ᠯᠠᠭᠠᠭᠰᠠᠨ ᠵᠢᠡᠷ᠂ ᠲᠦᠷᠦᠭᠦᠬᠡᠨ ᠦᠨᠳᠦᠷᠯᠡᠭᠰᠡᠨ 2026 ᠫᠦᠵᠢᠶᠠᠩ᠎ᠤᠨ ᠰᠢᠨ᠎ᠡ ᠵᠢ ᠡᠭᠦᠳᠬᠦ ᠶᠠᠷᠢᠶᠠᠨ᠎ᠤ ᠲᠠᠪᠴᠠᠩ᠎ᠤᠨ 《ᠰᠢᠨ᠎ᠡ᠎ᠵᠢ ᠡᠭᠦᠳᠬᠦ ᠰᠣᠶᠣᠯ᠎ᠤᠨ ᠶᠠᠷᠢᠶᠠᠨ᠎ᠤ ᠲᠠᠪᠴᠠᠩ》 ᠳ᠋ᠦ᠍᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠰᠢᠨ᠎ᠡ ᠎ᠶᠢ ᠡᠭᠦᠳᠦᠭᠰᠡᠨ ᠰᠣᠶᠣᠯ᠎ᠤᠨ ᠪᠠᠶ᠋ᠢᠭᠤᠯᠤᠯᠲᠠ᠎ᠶᠢᠨ 16 ᠨᠡᠶ᠋ᠢᠲᠡᠯᠢᠭ ᠬᠡᠷᠡᠭ ᠤ᠋ᠨ ᠵᠢᠱ᠌ᠢᠢ᠎ᠡ ᠵᠢ ᠨᠡᠢᠳᠡᠯᠡᠵᠤ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠮᠡᠳᠡᠭᠦᠯᠦᠨ ᠲᠡᠪᠰᠢᠬᠦᠯᠦᠭᠰᠡᠨ 《〈ᠨᠢᠭᠡ ᠪᠦᠰᠡ ᠨᠢᠭᠡ ᠵᠠᠮ〉 ᠤ᠋ᠨ ᠬᠠᠮᠲᠤᠷᠠᠭᠰᠠᠨ ᠲᠤᠷᠰᠢᠯᠲᠠ᠎ᠶᠢᠨ ᠲᠠᠰᠤᠭ ᠨᠢ ᠤᠯᠠᠨ ᠤᠯᠤᠰ᠎ᠤᠨ ᠬᠠᠮᠲᠤᠷᠠᠯᠴᠠᠭᠠᠨ᠎ᠤ ᠰᠢᠨ᠎ᠡ ᠬᠡᠪ ᠵᠠᠭᠪᠤᠷ ᠎ᠢ ᠡᠭᠦᠳᠪᠡ》 ᠬᠡᠬᠦ ᠬᠡᠷᠡᠭ ᠤ᠋ᠨ ᠵᠢᠱ᠌ᠢᠶ᠎ᠠ ᠨᠢ ᠠᠮᠵᠢᠯᠳᠠ ᠲᠠᠢ ᠪᠡᠷ ᠰᠣᠩᠭᠣᠭᠳᠠᠵᠤ᠂ ᠥᠪᠥᠷ ᠮᠣᠩᠭᠣᠯ᠎ᠤᠨ ᠴᠤᠷ᠎ᠤᠨ ᠭᠠᠭᠴᠠ ᠲᠤᠰ ᠢᠷᠠᠭᠤ ᠠᠯᠳᠠᠷ᠎ᠢ ᠬᠦᠷᠳᠡᠭᠰᠡᠨ ᠲᠥᠯᠥᠭᠡᠯᠡᠭᠴᠢ ᠬᠡᠷᠡᠭ ᠤ᠋ᠨ ᠵᠢᠱ᠌ᠢᠢ᠎ᠡ ᠪᠤᠯᠵᠠᠢ᠃

ᠲᠣᠰ ᠬᠡᠷᠡᠭ ᠤ᠋ᠨ ᠵᠢᠱ᠌ᠢᠶ᠎ᠡ᠎ᠨᠢ 《ᠨᠢᠭᠡ ᠪᠦᠰᠡ ᠨᠢᠭᠡ ᠵᠠᠮ》᠎ᠳ᠋ᠤ ᠰᠠᠭᠤᠷᠢᠯᠠᠵᠤ᠂ ᠳᠤᠮᠳᠠᠳᠤ ᠮᠣᠩᠭᠣᠯ᠎ᠤᠨ ᠠᠭᠤᠷᠬᠠᠶ᠎ᠶᠢᠨ ᠦᠢᠯᠡᠰ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠲᠤᠷᠠᠯᠴᠠᠭ᠎ᠠ᠎ᠶᠢᠨ 《ᠪᠠᠷᠢᠮᠵᠢᠶ᠎ᠠ᠎ᠨᠢ ᠨᠡᠪᠲᠡᠷᠡᠯᠴᠡᠬᠦ᠌ ᠥᠬᠡᠶ᠂ ᠲᠣᠭᠲᠠᠴᠠ᠎ᠨᠢ ᠠᠮᠢᠳᠤᠯᠢᠭ ᠪᠤᠰᠤ᠂ ᠤᠨᠳᠤᠤᠰᠢᠭᠤᠯᠤᠯᠳᠠ᠎ᠨᠢ ᠰᠢᠯᠤᠭᠤᠨ ᠪᠤᠰᠤ》 ᠵᠡᠷᠭᠡ ᠪᠣᠭᠣᠮᠢ ᠪᠤᠯᠵᠤ ᠪᠠᠢᠭᠰᠠᠨ ᠠᠰᠠᠭᠤᠳᠠᠯ᠎ᠳᠤ ᠴᠢᠭᠯᠡᠭᠦᠯᠦᠨ᠂ 《ᠬᠣᠶᠠᠷ ᠤᠯᠤᠰ ᠬᠠᠮᠲᠤ ᠎ᠪᠠᠷ ᠪᠥᠲᠥᠭᠡᠨ ᠪᠠᠶ᠋ᠢᠭᠤᠯᠬᠤ᠂ ᠲᠠᠪᠴᠠᠩ ᠬᠠᠷᠢᠯᠴᠠᠨ ᠨᠡᠪᠲᠡᠷᠡᠯᠴᠡᠬᠦ᠌᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠤ ᠬᠣᠯᠪᠣᠭᠠᠯᠠᠨ ᠬᠥᠳᠡᠯᠦᠯᠴᠡᠬᠦ᠌》 ᠰᠢᠨ᠎ᠡ ᠵᠠᠭᠪᠤᠷ᠎ᠢ ᠰᠢᠨ᠎ᠠ ᠵᠢ ᠡᠭᠦᠳᠦᠨ ᠪᠠᠶ᠋ᠢᠭᠤᠯᠵᠤ᠂ ᠲᠦᠷᠢᠮ᠎ᠦᠨ ᠰᠢᠨ᠎ᠡ ᠡᠭᠦᠳᠦᠯᠲᠡ ᠎ᠪᠡᠷ ᠤᠯᠤᠰ᠎ᠤᠨ ᠬᠤᠭᠤᠷᠤᠨᠳᠤᠬᠢ ᠰᠠᠭᠠᠳ ᠢ᠋ ᠡᠪᠳᠡᠵᠦ᠍᠂ ᠪᠠᠷᠢᠮᠵᠢᠶ᠎ᠠ᠎ᠪᠠᠨ ᠭᠠᠳᠠᠭᠰᠢ ᠭᠠᠷᠭᠠᠬᠤ᠎ᠪᠠᠷ ᠳᠡᠮᠵᠢᠨ ᠬᠠᠮᠲᠤᠷᠠᠯᠴᠠᠭᠠᠨ᠎ᠤ ᠲᠦᠷᠢᠮ᠎ᠢ ᠲᠣᠭᠲᠠᠭᠠᠵᠤ᠂ ᠮᠡᠷᠭᠡᠵᠢᠯ ᠵᠢᠡᠨ ᠬᠠᠮᠲᠤ᠎ᠪᠠᠷ ᠡᠳ᠋ᠯᠡᠬᠦ᠌᠎ᠪᠡᠷ ᠳᠡᠮᠵᠢᠨ ᠬᠠᠷᠢᠯᠴᠠᠨ ᠠᠰᠢᠭᠲᠠᠶ ᠬᠠᠮᠲᠤ᠎ᠪᠠᠷ ᠠᠰᠢᠭ ᠭᠥᠷᠳᠡᠬᠦ᠌᠎ᠶᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠰᠢᠨ᠎ᠡ᠎ᠡᠭᠦᠳᠦᠯᠳᠡ ᠵᠢᠨ ᠰᠣᠶᠣᠯ᠎ᠤᠨ ᠰᠢᠰᠲ᠋ᠧᠮ᠎ᠳᠡᠬᠢ 《ᠬᠡᠭᠦᠳᠡᠭ ᠴᠡᠭᠡᠵᠢᠨ ᠳ᠋ᠡᠭᠡᠨ ᠳᠡᠯᠡᠬᠡᠶ ᠳ᠋ᠠᠬᠢᠨ᠎ᠢ ᠪᠠᠭᠲᠠᠭᠠᠬᠤ》 ᠪᠠᠶ᠋ᠢᠯᠳᠤᠬᠤ ᠪᠣᠳᠣᠯᠭ᠎ᠠ ᠵᠢᠨ᠎ᠪᠠᠭᠳᠠᠭᠠᠮᠵᠢ ᠪᠤᠯᠤᠨ 《ᠰᠢᠨ᠎ᠡ᠎ᠶᠢ ᠡᠭᠦᠳᠬᠦ᠌ ᠬᠠᠮᠲᠤᠷᠠᠯᠴᠠᠭᠠᠨ᠎ᠤ ᠬᠣᠯᠪᠣᠭᠠᠰᠤ᠎ᠶᠢ ᠨᠠᠩ ᠨᠢᠭᠲᠠ ᠪᠤᠯᠭᠠᠭᠰᠠᠨ》 ᠦᠢᠯᠡᠳᠦᠯᠭᠡ ᠵᠢᠨ ᠦᠷ᠎ᠠ ᠪᠦᠲᠦᠮᠵᠢ ᠵᠢ ᠭᠦᠢᠴᠡᠳ ᠢᠯᠡᠷᠡᠭᠦᠯᠵᠠᠢ᠃

2020 ᠣᠨ᠎ᠳᠤ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠮᠣᠩᠭᠣᠯ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠲᠡᠶ ᠬᠠᠮᠲᠤᠷᠠᠨ᠂ ᠬᠣᠶᠠᠷ ᠲᠠᠯ᠎ᠠ᠎ᠶᠢᠨ ᠠᠭᠤᠷᠬᠠᠶ᠎ᠶᠢᠨ ᠦᠢᠯᠡᠰ᠎ᠦᠨ ᠬᠦᠷᠢᠶᠡᠨ ᠳ᠋ᠡᠬᠢ ᠮᠡᠷᠭᠡᠵᠢᠯ᠎ᠦᠨ ᠬᠤᠷᠠᠮᠳᠤᠭᠤᠯᠤᠯ ᠬᠢᠭᠡᠳ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠰᠢᠭᠯᠡᠨ᠂ ᠳᠤᠮᠳᠠᠳᠤ ᠤᠯᠤᠰ — ᠮᠣᠩᠭᠣᠯ ᠤᠯᠤᠰ᠎ᠤᠨ ᠬᠦᠳᠡᠷ᠎ᠢ ᠰᠢᠯᠢᠨ ᠰᠣᠩᠭᠣᠬᠤ ᠤᠷ᠎ᠠ ᠮᠡᠷᠭᠡᠵᠢᠯ᠎ᠦᠨ 《ᠨᠢᠭᠡ ᠪᠦᠰᠡ ᠨᠢᠭᠡ ᠵᠠᠮ》 ᠤ᠋ᠨ ᠬᠠᠮᠲᠤᠷᠠᠭᠰᠠᠨ ᠲᠤᠷᠰᠢᠯᠲᠠ᠎ᠶᠢᠨ ᠲᠠᠪᠴᠠᠩ᠎ᠢ ᠬᠠᠮᠲᠤ᠎ᠪᠠᠷ ᠭᠤᠶᠤᠴᠢᠯᠠᠨ ᠮᠡᠳᠡᠭᠦᠯᠦᠭᠰᠡᠨ ᠪᠥᠭᠡᠳ 2021 ᠣᠨ᠎ᠳᠤ ᠵᠢᠩᠬᠢᠨᠢ᠎ᠪᠡᠷ ᠵᠥᠪᠰᠢᠶᠡᠷᠡᠭᠳᠡᠵᠦ᠍᠂ ᠳᠤᠮᠳᠠᠳᠤ ᠮᠣᠩᠭᠣᠯ᠎ᠤᠨ ᠠᠭᠤᠷᠬᠠᠶ᠎ᠶᠢᠨ ᠦᠢᠯᠡᠰ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠤᠯᠤᠰ᠎ᠤᠨ ᠲᠠᠰ᠎ᠤᠨ ᠪᠡᠯᠭᠡ ᠲᠡᠮᠳᠡᠭ᠎ᠦᠨ ᠴᠢᠨᠠᠷᠲᠠᠶ ᠲᠠᠪᠴᠠᠩ ᠪᠣᠯᠤᠭᠰᠠᠨ ᠪᠠᠶ᠋ᠢᠨ᠎ᠠ᠃ ᠲᠣᠰ ᠲᠤᠷᠰᠢᠯᠲᠠ᠎ᠶᠢᠨ ᠲᠠᠪᠴᠠᠩ ᠨᠢ ᠬᠢᠯᠢ ᠠᠯᠤᠰᠯᠠᠭᠰᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠠᠮᠲᠤᠷᠠᠯᠴᠠᠭᠠᠨ᠎ᠤ ᠰᠢᠨ᠎ᠡ ᠬᠡᠪ ᠵᠠᠭᠪᠤᠷ᠎ᠢ ᠰᠢᠰᠲᠸᠮ ᠲᠠᠢ ᠪᠠᠶ᠋ᠢᠭᠤᠯᠵᠤ᠂ ᠳᠡᠯᠡᠬᠡᠶ ᠨᠡᠶ᠋ᠢᠭᠡᠮ᠎ᠳᠦ ᠳᠤᠮᠳᠠᠳᠤ ᠤᠯᠤᠰ᠎ᠤᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢᠶᠡᠷ ᠬᠥᠷᠰᠢ ᠤᠯᠤᠰ ᠲᠠᠭᠠᠨ ᠠᠰᠢᠭ ᠬᠦᠷᠲᠡᠭᠡᠬᠦ᠌ ᠢᠯᠡ ᠲᠣᠳᠣ ᠳᠣᠬᠢᠶ᠎ᠠ᠎ᠶᠢ ᠳᠠᠮᠵᠢᠭᠤᠯᠪᠠ᠃

ᠮᠣᠩᠭᠣᠯ ᠤᠯᠤᠰ᠎ᠤᠨ ᠠᠭᠤᠷᠬᠠᠶ᠎ᠶᠢᠨ ᠦᠢᠯᠡᠰ᠎ᠦᠨ ᠪᠦᠳᠦᠭᠦᠯᠢᠭ ᠵᠢᠡᠷ ᠮᠠᠯᠲᠠᠵᠤ ᠪᠠᠢᠭᠰᠠᠨ᠂ ᠮᠡᠷᠭᠡᠵᠢᠯ ᠬᠣᠴᠣᠷᠤᠩᠭᠤᠶ ᠪᠠᠢᠭᠰᠠᠨ ᠵᠡᠷᠭᠡ ᠡᠪᠡᠷᠰᠢᠶᠡᠯ ᠴᠡᠭ ᠲᠤ᠌ ᠴᠢᠭᠯᠡᠭᠦᠯᠦᠨ᠂ ᠲᠣᠰ ᠲᠠᠪᠴᠠᠩ ᠶᠡᠷᠦᠩᠬᠡᠶ ᠲᠠᠯᠠᠪᠠᠶ᠎ᠨᠢ 4380 ᠲᠡᠭᠰᠢ ᠳᠥᠷᠪᠡᠯᠵᠢᠨ ᠮᠧᠲ᠋ᠷ᠎ᠦᠨ ᠪᠠᠷᠢᠮᠵᠢᠶᠠᠵᠢᠭᠤᠯᠤᠭᠰᠠᠨ ᠲᠤᠷᠰᠢᠯᠲᠠ᠎ᠶᠢᠨ ᠲᠠᠰᠤᠭ᠎ᠢ ᠪᠠᠶ᠋ᠢᠭᠤᠯᠵᠤ᠂ 800 ᠭᠠᠷᠤᠶ ᠰᠠᠭᠤᠷᠢ (ᠢᠵᠢ) ᠲᠤᠰᠬᠠᠶ ᠲᠤᠨᠤᠭ ᠲᠥᠬᠥᠭᠡᠷᠦᠮᠵᠢ ᠵᠢ ᠳᠣᠭᠢᠷᠠᠭᠤᠯᠤᠨ᠂ 126 ᠬᠥᠮᠦᠨ᠎ᠢᠶᠡᠷ ᠪᠦᠷᠢᠯᠳᠦᠭᠰᠡᠨ ᠳᠡᠯᠡᠬᠡᠢᠵᠢᠭᠰᠡᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠠᠭᠤᠷᠬᠠᠶ᠎ᠶᠢᠨ ᠠᠮᠢ ᠠᠬᠤᠶ᠎ᠶᠢ ᠵᠠᠰᠠᠨ ᠰᠡᠷᠭᠦᠭᠡᠬᠦ᠌᠂ ᠪᠣᠬᠢᠷᠲᠤᠯ ᠥᠬᠡᠶ ᠰᠣᠩᠭᠣᠨ ᠪᠣᠯᠪᠠᠰᠤᠷᠠᠭᠤᠯᠬᠤ ᠮᠡᠷᠭᠡᠵᠢᠯ᠂ ᠦᠯᠡᠳᠡᠭᠳᠡᠯ ᠬᠦᠳᠡᠷ᠎ᠢ ᠬᠤᠤᠷ ᠦᠬᠡᠢᠳᠡᠬᠦᠯᠦᠨ ᠰᠢᠢᠳᠪᠦᠷᠢᠯᠡᠬᠦ᠌᠎ᠶᠢ ᠠᠮᠵᠢᠯᠲᠠ᠎ᠲᠠᠶ ᠰᠤᠳᠤᠯᠤᠨ ᠨᠡᠭᠡᠭᠡᠵᠦ᠍ ᠳᠡᠯᠭᠡᠷᠡᠭᠦᠯᠦᠨ᠂ ᠪᠠᠭ᠎ᠠ ᠥᠪᠡᠷ᠎ᠦᠨ ᠥᠷᠲᠡᠭ᠎ᠢᠶᠡᠷ ᠠᠭᠤᠷᠬᠠᠶ᠎ᠶᠢᠨ ᠪᠣᠬᠢᠷᠲᠤᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠍᠂ ᠪᠣᠬᠢᠷᠲᠤᠯ ᠥᠬᠡᠶ ᠮᠡᠷᠭᠡᠵᠢᠯ ᠵᠢᠡᠷ ᠮᠣᠩᠭᠣᠯ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠢ ᠰᠠᠶ᠋ᠢᠵᠢᠷᠠᠭᠤᠯᠬᠤ᠂ ᠠᠵᠤ ᠦᠢᠯᠡᠰ᠎ᠦᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠌᠎ᠳᠦ ᠦᠢᠯᠡᠴᠢᠯᠡᠪᠡ᠃ ᠡᠨᠡ ᠬᠦ᠌ ᠰᠠᠭᠤᠷᠢᠨ ᠳᠡᠭᠡᠷ᠎ᠡ᠂ 《ᠮᠣᠩᠭᠣᠯ᠎ᠤᠯᠤᠰ ᠤ᠋ᠨ ᠲᠠᠯ᠎ᠠ ᠵᠢᠨ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ + ᠳᠤᠮᠳᠠᠳᠤ᠎ᠤᠯᠤᠰ ᠤ᠋ᠨ ᠪᠠᠯᠠ ᠮᠥᠩᠭᠥ᠎ᠪᠡᠷ ᠲᠤᠯᠭᠠᠭᠤᠷᠢᠯᠠᠬᠤ + ᠳᠤᠮᠳᠠᠳᠤ᠎ᠤᠯᠤᠰ ᠤ᠋ᠨ ᠮᠡᠷᠭᠡᠵᠢᠯ᠎ᠦᠨ ᠬᠠᠩᠭᠠᠯᠭ᠎ᠠ》 ᠭᠤᠷᠪᠠᠨ ᠲᠠᠯ᠎ᠠ᠎ᠶᠢᠨ ᠬᠠᠮᠵᠢᠯᠴᠠᠨ ᠪᠣᠭᠣᠮᠲᠠ ᠰᠢᠪᠲᠤᠯᠬᠤ ᠵᠠᠭᠪᠤᠷ᠎ᠢ ᠡᠭᠦᠳᠴᠦ᠍᠂ ᠳᠤᠮᠳᠠᠳᠤ ᠮᠣᠩᠭᠣᠯ᠎ᠤᠨ ᠠᠭᠤᠷᠬᠠᠶ ᠵᠢᠨ ᠮᠡᠷᠭᠡᠵᠢᠯ᠂ ᠴᠢᠳᠠᠪᠤᠷᠢᠲᠠᠨ᠂ ᠠᠵᠤ ᠦᠢᠯᠡᠰ᠎ᠦᠨ ᠬᠣᠯᠪᠣᠭᠠᠯᠠᠨ ᠬᠥᠳᠡᠯᠦᠯᠴᠡᠬᠦ᠌ ᠵᠠᠮ᠎ᠢ ᠨᠡᠪᠲᠡᠷᠡᠭᠦᠯᠪᠡ; 《ᠪᠠᠷᠢᠮᠵᠢᠶ᠎ᠠ᠎ᠪᠠᠷ ᠬᠥᠲᠥᠯᠥᠨ ᠳᠠᠭᠠᠭᠤᠯᠬᠤ》᠎ᠪᠠᠷ ᠭᠠᠳᠠᠭᠠᠳᠤ ᠳ᠋ᠤ ᠭᠠᠷᠭᠠᠬᠤ ᠰᠢᠨ᠎ᠡ ᠠᠷᠭ᠎ᠠ ᠵᠠᠮ᠎ᠢ ᠲᠣᠭᠲᠠᠭᠠᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠠᠭᠤᠷᠬᠠᠶ᠎ᠶᠢᠨ ᠦᠢᠯᠡᠰ᠎ᠦᠨ ᠮᠡᠷᠭᠡᠵᠢᠯ᠎ᠦᠨ 6 ᠵᠦᠢᠯ᠎ᠦᠨ ᠪᠠᠷᠢᠮᠵᠢᠶ᠎ᠠ᠎ᠶᠢ ᠮᠣᠩᠭᠣᠯ ᠤᠯᠤᠰ᠎ᠲᠤ᠌ ᠪᠣᠳᠠᠲᠠᠶ᠋ᠢᠵᠢᠭᠤᠯᠤᠨ ᠬᠡᠷᠡᠭᠯᠡᠬᠦ᠌᠎ᠶᠢ ᠠᠬᠢᠭᠤᠯᠵᠤ᠂ 10 ᠵᠦᠢᠯ᠎ᠦᠨ ᠪᠠᠷᠢᠮᠵᠢᠶ᠎ᠠ᠎ᠶᠢ ᠡᠮᠬᠢ ᠵᠢᠷᠤᠮ᠎ᠲᠠᠶ ᠠᠬᠢᠭᠤᠯᠵᠤ ᠪᠤᠢ; ᠤᠷᠢᠳ ᠬᠣᠵᠢᠳ 2 ᠤᠳᠠᠭ᠎ᠠ ᠤᠯᠠᠨ ᠤᠯᠤᠰ᠎ᠤᠨ ᠡᠷᠳᠡᠮ ᠰᠢᠨᠵᠢᠯᠡᠭᠡᠨ᠎ᠦ ᠬᠤᠷᠠᠯ᠎ᠢ ᠡᠷᠬᠢᠯᠡᠨ ᠬᠤᠷᠠᠯᠳᠤᠭᠤᠯᠵᠤ᠂ ᠮᠣᠩᠭᠣᠯ ᠤᠯᠤᠰ᠎ᠤᠨ ᠡᠷᠳᠡᠮ ᠰᠢᠨᠵᠢᠯᠡᠭᠡᠨ᠎ᠦ ᠭᠣᠣᠯᠯᠠᠭᠴᠢ ᠬᠦᠴᠦᠨ᠎ᠢ 198 ᠬᠥᠮᠦᠨ ᠤᠳᠠᠭ᠎ᠠ ᠪᠣᠯᠪᠠᠰᠤᠷᠠᠭᠤᠯᠪᠠ᠃

《ᠡᠨᠡ ᠪᠣᠯ ᠥᠪᠥᠷ ᠮᠣᠩᠭᠣᠯ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 〈1571〉 ᠠᠵᠢᠯ᠎ᠤᠨ ᠪᠠᠶ᠋ᠢᠷᠢᠯᠠᠭᠤᠯᠤᠯᠲᠠ᠎ᠳᠤ ᠰᠠᠭᠤᠷᠢᠯᠠᠵᠤ᠂ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢ ᠲᠣᠭᠲᠠᠭᠠᠯᠲᠠ᠎ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠭᠰᠠᠨ ᠦᠢᠯᠡᠳᠦᠯᠭᠡ ᠪᠣᠯᠤᠨ᠎ᠠ᠃ ᠪᠠᠷᠠᠯᠠᠯᠳᠤ ᠴᠢᠨᠠᠷᠲᠠᠶ ᠪᠠᠶ᠋ᠢᠷᠢᠰᠢᠭᠤᠯᠤᠯᠲᠠ ᠪᠠ ᠣᠯᠠᠨ ᠲᠦᠮᠡᠨ᠎ᠲᠡᠶ ᠣᠶ᠋ᠢᠷᠠᠳᠬᠤ ᠬᠠᠶ᠋ᠢᠨ ᠰᠦᠪᠡᠭᠴᠢᠯᠡᠯᠳᠡ᠎ᠪᠡᠷ ᠳᠡᠮᠵᠢᠨ᠂ ᠲᠣᠰ ᠬᠡᠷᠡᠭ ᠤ᠋ᠨ ᠵᠢᠱ᠌ᠢᠶ᠎ᠡ᠎ᠨᠢ ᠮᠠᠨ᠎ᠤ ᠤᠯᠤᠰ᠎ᠤᠨ ᠰᠢᠨ᠎ᠡ ᠴᠠᠭ ᠦᠶ᠎ᠡ᠎ᠶᠢᠨ ᠰᠢᠨ᠎ᠡ᠎ᠡᠭᠦᠳᠦᠯᠳᠡ ᠵᠢᠨ ᠰᠣᠶᠣᠯ᠎ᠤᠨ ᠪᠠᠶ᠋ᠢᠭᠤᠯᠤᠯᠲᠠ᠎ᠳᠤ ᠢᠳᠡᠪᠬᠢᠲᠡᠶ ᠬᠦᠴᠦᠨ ᠤᠯᠭᠤᠭᠰᠠᠨ ᠪᠥᠭᠡᠳ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ᠎ᠳᠤ ᠬᠦᠴᠦᠲᠡᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠠᠢ》 ᠭᠡᠵᠤ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠬᠠᠷᠢᠭᠤᠴᠠᠯᠭᠠᠲᠠᠨ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面