ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:27

ᠵᠣᠬᠢᠶᠠᠭ᠍ᠴᠢ᠄ ​ᠯᠢᠦ ᡁᠢ ᠰᠢᠶᠠᠨ ᠣᠩᠱᠢᠭ᠍ᠰᠠᠨ ᠣᠳᠠᠭ᠎ᠠ᠄ 3

2026 ᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠭ᠎ᠠ᠎ᠶᠢᠨ ᠭᠠᠷᠠᠭ᠎ᠤᠨ ᠥᠪᠥᠷ ᠮᠣᠩᠭᠣᠯ᠎ᠤᠨ ᠭᠤᠤᠯ ᠲᠠᠯᠠᠪᠤᠷ᠎ᠤᠨ ᠠᠵᠢᠯᠯᠠᠭ᠎ᠠ ᠶᠠᠪᠤᠭᠳᠠᠪᠠ

ᠰᠦᠶ ᠴᠢᠩ ᠠᠵᠢᠯᠯᠠᠭ᠎ᠠ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ


9 ᠰᠠᠷ᠎ᠠ᠎ᠶᠢᠨ 22 ᠎ᠤ᠋ᠨ ᠦᠳᠡ᠎ᠶᠢᠨ ᠡᠮᠦᠨ᠎ᠡ᠂ 2026 ᠣᠨ᠎ᠤ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠤᠬᠠᠭᠤᠯᠭ᠎ᠠ᠎ᠶᠢᠨ ᠭᠠᠷᠠᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠲᠠᠯᠠᠪᠤᠷ᠎ᠤᠨ ᠠᠵᠢᠯᠯᠠᠭ᠎ᠠ ᠥᠪᠥᠷ ᠮᠣᠩᠭᠣᠯ᠎ᠤᠨ ᠮᠦᠽᠧᠢ᠎ᠳᠦ ᠶᠠᠪᠤᠭᠳᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠰᠦᠢ ᠴᠢᠩ ᠠᠵᠢᠯᠯᠠᠭ᠎ᠠ᠎ᠳᠤ ᠣᠷᠣᠯᠴᠠᠵᠤ ᠪᠠᠶᠠᠷ᠎ᠤᠨ ᠦᠭᠡ ᠬᠡᠯᠡᠪᠠ᠃

ᠲᠣᠰ ᠤᠳᠠᠭᠠᠨ᠎ᠤ ᠠᠵᠢᠯᠯᠠᠭ᠎ᠠ ᠨᠢ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠵᠤ᠂ ᠠᠭᠤᠤ ᠶᠡᠬᠡ ᠰᠡᠷᠭᠦᠨ ᠮᠠᠨᠳᠤᠯᠲᠠ᠎ᠶᠢᠨ ᠠᠶᠠᠨ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ᠌ ᠭᠤᠤᠯ ᠰᠡᠳᠦᠪ᠎ᠢᠶᠡᠷ ᠶᠠᠪᠤᠭᠳᠠᠵᠤ᠂ ᠪᠤᠳᠠᠳᠤ ᠦᠵᠡᠭᠳᠡᠯᠳᠤ ᠤᠷᠠᠨ ᠤᠩᠰᠢᠯᠭ᠎ᠠ᠂ ᠭᠤᠤᠯ ᠰᠡᠳᠦᠪᠲᠦ᠍ ᠤᠬᠠᠭᠤᠯᠭ᠎ᠠ᠎ᠶᠢᠨ ᠹᠢᠯᠢᠮ ᠪᠠ ᠦᠷ᠎ᠡ ᠪᠦᠲᠦᠭᠡᠯ᠎ᠦᠨ ᠲᠤᠰᠬᠠᠶ ᠰᠡᠳᠦᠪᠲᠦ᠍ ᠹᠢᠯᠢᠮ᠎ᠢ ᠳᠡᠯᠭᠡᠨ ᠦᠵᠡᠭᠦᠯᠬᠦ᠌᠂ ᠨᠣᠮ ᠪᠡᠯᠡᠭᠯᠡᠬᠦ᠌ ᠶᠣᠰᠣᠯᠠᠯ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠰᠠᠨᠠᠭᠠᠴᠢᠯᠠᠭ᠎ᠠ᠎ᠶᠢᠨ ᠪᠢᠴᠢᠭ᠎ᠢ ᠤᠩᠰᠢᠬᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠤᠨ ᠲᠠᠶ᠋ᠢᠯᠪᠤᠷᠢᠯᠠᠬᠤ ᠠᠩᠭᠢ᠎ᠳᠤ ᠲᠣᠭ ᠣᠯᠭᠣᠬᠤ ᠵᠡᠷᠭᠡ᠎ᠪᠡᠷ ᠳᠠᠮᠵᠢᠨ᠂ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠡᠷ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠪᠡ᠃ ᠠᠵᠢᠯᠯᠠᠭ᠎ᠠ ᠳ᠋ᠤ ᠮᠠᠨ᠎ᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠠᠵᠢᠯ᠎ᠤᠨ ᠡᠯᠪᠡᠭ ᠪᠠᠶᠠᠯᠢᠭ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠬ᠎ᠠ ᠳᠡᠭᠦᠦ ᠮᠡᠲᠦ᠍ ᠳᠣᠲᠣᠨᠣ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠎ᠶᠢ ᠬᠥᠲᠥᠯᠥᠨ ᠵᠢᠯᠣᠭᠣᠳᠴᠤ᠌᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢ ᠬᠥᠮᠦᠰ᠎ᠦᠨ ᠰᠡᠳᠬᠢᠯ᠎ᠳᠦ ᠬᠠᠳᠠᠩᠰᠢᠭᠤᠯᠬᠤ᠎ᠶᠢ ᠦᠷᠭᠦᠯᠵᠢᠯᠡᠨ ᠠᠬᠢᠭᠤᠯᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠪᠦᠯᠬᠦᠮᠳᠡᠨ ᠲᠡᠮᠡᠴᠡᠬᠦ᠌᠂ ᠭᠠᠷ ᠬᠣᠯᠪᠣᠯᠴᠠᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠪᠠ᠃

2026 ᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠭ᠎ᠠ᠎ᠶᠢᠨ ᠭᠠᠷᠠᠭ᠎ᠢ 9 ᠰᠠᠷ᠎ᠠ᠎ᠶᠢᠨ 21 ᠎ᠡᠴᠡ 27 ᠎ᠤ᠋ ᠡᠳᠦᠷ ᠪᠣᠯᠲᠠᠯ᠎ᠠ ᠡᠷᠭᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面