2026-10-21 13:42:27
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠭᠡᠷ᠎ᠦᠨ ᠬᠤᠷᠠᠯ ᠵᠢᠴᠢ ᠵᠠᠰᠠᠭ ᠤ᠋ᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯ
9 ᠰᠠᠷ᠎ᠠ᠎ᠶᠢᠨ 22᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠭᠡᠷ᠎ᠦᠨ ᠬᠤᠷᠠᠯ ᠵᠢᠴᠢ ᠵᠠᠰᠠᠭ ᠤ᠋ᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠬᠢᠨᠠᠨ ᠵᠢᠯᠤᠭᠣᠳᠬᠤ ᠳᠤᠭᠤᠢᠯᠠᠩ ᠪᠣᠯᠣᠨ ᠠᠵᠢᠯ᠎ᠤᠨ ᠲᠤᠰᠬᠠᠢ ᠠᠩᠭᠢ᠎ᠶᠢᠨ ᠳ᠋ᠦᠩᠨᠡᠯᠲᠡ᠎ᠶᠢᠨ ᠬᠤᠷᠠᠯ ᠬᠤᠷᠠᠯᠳᠤᠪᠠ᠃
ᠬᠤᠷᠠᠯ ᠡᠴᠡ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤ᠋ᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠲᠥᠪ᠎ᠦᠨ ᠵᠢᠯᠤᠭᠣᠳᠬᠤ ᠳᠤᠭᠤᠢᠯᠠᠩ ᠵᠢᠴᠢ ᠲᠥᠪ᠎ᠦᠨ ᠳᠠᠪᠬᠤᠷᠭ᠎ᠠ᠎ᠶᠢᠨ ᠠᠵᠢᠯ᠎ᠤᠨ ᠲᠤᠰᠬᠠᠢ ᠠᠩᠭᠢ᠎ᠶᠢᠨ ᠳ᠋ᠦᠩᠨᠡᠯᠲᠡ᠎ᠶᠢᠨ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠰᠤᠷᠤᠯᠴᠠᠯᠭ᠎ᠠ ᠬᠥᠮᠦᠵᠢᠯ᠎ᠦᠨ ᠬᠢᠨᠠᠨ ᠵᠢᠯᠤᠭᠣᠳᠬᠤ ᠳᠤᠭᠤᠢᠯᠠᠩ ᠪᠣᠯᠣᠨ ᠠᠵᠢᠯ᠎ᠤᠨ ᠲᠤᠰᠬᠠᠢ ᠠᠩᠭᠢ᠎ᠶᠢᠨ ᠠᠵᠢᠯ᠎ᠳ᠋ᠤ ᠳ᠋ᠦᠩᠨᠡᠯᠳᠠ ᠬᠢᠪᠡ᠃
ᠬᠤᠷᠠᠯ ᠡᠴᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ᠎ᠦᠨ ᠳᠠᠪᠬᠤᠷᠭ᠎ᠠ᠎ᠶᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠬᠠᠢ ᠠᠩᠭᠢ᠎ᠶᠢᠨ ᠨᠠᠷᠢᠨ ᠨᠢᠮᠪᠠᠢ ᠵᠢᠯᠣᠭᠣᠳᠤᠯᠭ᠎ᠠ ᠳᠣᠣᠷ᠎ᠠ᠂ ᠰᠤᠷᠤᠯᠴᠠᠯᠭ᠎ᠠ ᠬᠥᠮᠦᠵᠢᠯ᠎ᠦᠨ ᠬᠢᠨᠠᠨ ᠵᠢᠯᠤᠭᠣᠳᠬᠤ ᠳᠤᠭᠤᠢᠯᠠᠩ ᠪᠣᠯᠣᠨ ᠠᠵᠢᠯ᠎ᠤᠨ ᠲᠤᠰᠬᠠᠢ ᠠᠩᠭᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠷᠢᠯᠠᠭᠤᠯᠤᠯᠲᠠ ᠵᠢᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠦᠨᠡᠨ ᠬᠦ᠌ ᠴᠢᠩᠭᠠᠳᠬᠠᠵᠤ᠂ ᠨᠢᠭ᠍ᠲᠠ ᠡᠴᠡ ᠨᠢᠭ᠍ᠲᠠ ᠬᠠᠨᠳᠤᠵᠤ ᠪᠠᠲᠤᠯᠠᠭ᠎ᠠ᠎ᠶᠢᠨ ᠠᠵᠢᠯ᠎ᠢ ᠰᠠᠢᠲᠤᠷ ᠬᠢᠪᠡ; ᠤᠨᠤᠯ᠎ᠤᠨ ᠰᠤᠷᠤᠯᠴᠠᠯᠭ᠎ᠠ᠎ᠶᠢ ᠦᠷᠭᠦᠯᠵᠢᠯᠡᠨ ᠴᠢᠩᠭᠠᠳᠬᠠᠵᠤ᠂ ᠵᠥᠪ ᠤᠯᠤᠰ ᠲᠦᠷᠦ᠎ᠶᠢᠨ ᠴᠢᠭᠯᠡᠯ᠎ᠢ ᠣᠨᠣᠪᠴᠢᠲᠠᠢ ᠡᠵᠡᠮᠳᠡᠪᠡ; ᠦᠨᠡᠨ ᠬᠦ᠌ ᠬᠠᠲᠠᠭᠤ᠎ᠲᠠᠢ ᠨᠢ ᠬᠠᠯᠳᠠᠵᠤ ᠠᠰᠠᠭᠤᠳᠠᠯ᠎ᠢ ᠪᠠᠢᠴᠠᠭᠠᠨ ᠵᠠᠯᠠᠷᠠᠭᠤᠯᠵᠤ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ᠎ᠶᠢ ᠠᠬᠢᠭᠤᠯᠪᠠ; ᠢᠮᠠᠭᠲᠠ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠎ᠶᠢ ᠪᠡᠶᠡᠯᠡᠭᠦᠯᠵᠦ᠂ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠤᠨᠢᠨ ᠳᠡᠭᠡᠷ᠎ᠡ ᠨᠢ ᠬᠦᠴᠦᠲᠡᠢ ᠠᠬᠢᠭᠤᠯᠪᠡ; ᠰᠠᠢᠨ ᠰᠠᠢᠬᠠᠨ ᠠᠭᠤᠷ ᠠᠮᠢᠰᠬᠤᠯ᠎ᠢ ᠢᠳᠡᠪᠬᠢᠲᠡᠢ ᠪᠣᠶ ᠪᠣᠯᠭᠠᠵᠤ᠂ ᠦᠷ᠎ᠠ ᠪᠦᠲᠦᠮᠵᠢ ᠵᠢ ᠣᠯᠠᠨ ᠲᠦᠮᠡᠨ ᠦᠨᠡᠨ ᠬᠦ᠌ ᠤᠯᠵᠤ ᠮᠠᠳᠠᠷᠠᠬᠦ ᠪᠠ ᠬᠦᠷᠳᠡᠬᠦ ᠵᠢ ᠪᠠᠲᠤᠯᠠᠨ᠂ ᠦᠨᠡᠨᠴᠢ ᠰᠢᠳᠤᠷᠭᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠪᠡᠷ ᠰᠤᠷᠤᠯᠴᠠᠯᠭ᠎ᠠ ᠬᠥᠮᠦᠵᠢᠯ᠎ᠦᠨ ᠬᠢᠷᠢ ᠲᠡᠩᠴᠡᠭᠰᠡᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠭᠰᠡᠨ ᠪᠠᠢᠨ᠎ᠠ ᠬᠡᠵᠦ ᠵᠢᠭᠠᠵᠦ ᠭᠠᠷᠭᠠᠪᠠ᠃
ᠬᠤᠷᠠᠯ ᠡᠴᠡ᠂ ᠵᠠᠰᠠᠭ ᠤ᠋ᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠦᠷᠨᠢᠭᠦᠯᠬᠦ ᠳᠤᠮᠳᠠ ᠡᠴᠡ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ᠎ᠢ ᠬᠥᠭᠵᠢᠭᠡᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠪᠣᠳᠠᠲᠤ ᠬᠢᠷᠢ ᠪᠦᠳᠦᠮᠵᠢ᠎ᠶᠢ ᠴᠢᠷᠮᠠᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃