ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:27

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

9 ᠰᠠᠷ᠎ᠠ ᠶ᠋ᠢᠨ 23 ᠤ᠋ ᠡᠳᠦᠷ᠂ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠡᠴᠡ ᠶᠠᠰᠤ ᠴᠢᠨᠠᠷ ᠢ᠋ᠶ᠋ᠡᠷ ᠤᠷᠤᠨ ᠢ᠋ᠶ᠋ᠡᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠦ᠂ ᠥᠪᠡᠷᠲᠡᠭᠡᠨ ᠵᠠᠰᠠᠬᠤ ᠣᠷᠤᠨ ᠤ᠋ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢ᠋ᠶ᠋ᠡᠷ ᠤᠷᠤᠨ ᠢ᠋ᠶ᠋ᠡᠨ ᠬᠦᠴᠦᠷᠬᠡᠭᠵᠢᠭᠦᠯᠬᠦ ᠠᠵᠢᠯ ᠤ᠋ᠨ ᠤᠳᠤᠷᠢᠳᠭᠤ ᠳᠤᠭᠤᠢᠯᠠᠩ ᠤ᠋ᠨ ᠠᠯᠪᠠᠨ ᠭᠡᠷ ᠪᠠ ᠬᠠᠮᠢᠶ᠎ᠠ ᠪᠦᠬᠦᠢ ᠪᠦᠷᠢᠯᠳᠦᠬᠦᠨ ᠨᠢᠭᠡᠴᠢ ᠵᠢ ᠤᠷᠢᠵᠤ᠂ ᠶᠠᠰᠤ ᠴᠢᠨᠠᠷ ᠢ᠋ᠶ᠋ᠡᠷ ᠤᠷᠤᠨ ᠢ᠋ᠶ᠋ᠡᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ ᠶ᠋ᠢᠨ ᠬᠣᠯᠪᠤᠭᠳᠠᠯ ᠪᠦᠬᠦᠢ ᠪᠠᠢᠳᠠᠯ ᠢ᠋ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶ᠋ᠢᠨ ᠠᠰᠠᠭᠤᠯᠲᠠ ᠵᠢ ᠬᠠᠷᠢᠭᠤᠯᠪᠠ᠃

ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠤᠨ ᠤ᠋ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢ᠋ᠶ᠋ᠡᠷ ᠤᠷᠤᠨ ᠢ᠋ᠶ᠋ᠡᠨ ᠬᠦᠴᠦᠷᠬᠡᠭᠵᠢᠭᠦᠯᠬᠦ ᠠᠵᠢᠯ ᠤ᠋ᠨ ᠤᠳᠤᠷᠢᠳᠭᠤ ᠳᠤᠭᠤᠶ᠋ᠢᠯᠠᠩ ᠤ᠋ᠨ ᠠᠯᠪᠠᠨ ᠬᠡᠷ ᠤ᠋ᠨ ᠳᠡᠳ᠋ ᠡᠷᠬᠢᠯᠡᠭᠴᠢ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠳᠡᠳ᠋ ᠳᠠᠷᠤᠭ᠎ᠠ ᠯᠢ ᠳ᠋ᠦᠩ ᠡᠴᠡ ᠪᠥᠬᠦ᠌ ᠣᠷᠤᠨ ᠤ᠋ ᠶᠠᠰᠤ ᠴᠢᠨᠠᠷ ᠤ᠋ᠨ ᠠᠵᠢᠯ ᠤ᠋ᠨ ᠠᠬᠢᠴᠠ ᠶ᠋ᠢᠨ ᠪᠠᠶ᠋ᠢᠳᠠᠯ ᠢ᠋ ᠲᠠᠨᠢᠯᠴᠠᠭᠤᠯᠵᠠᠢ᠃

ᠦᠪᠤᠷ ᠮᠤᠨᠭᠭᠤᠯ ᠪᠤᠯ ᠡᠬᠢ ᠪᠠᠶᠠᠯᠢᠭ ᠤ᠋ᠨ ᠲᠤᠮᠤ ᠤᠷᠤᠨ᠂ ᠠᠵᠤ ᠦᠢᠯᠡᠰ ᠤ᠋ᠨ ᠲᠤᠮᠤ ᠤᠷᠤᠨ᠂ ᠠᠮᠢ ᠠᠬᠤᠢ ᠶ᠋ᠢᠨ ᠲᠤᠮᠤ ᠤᠷᠤᠨ ᠪᠤᠯᠤᠨ᠎ᠠ᠃ ᠶᠠᠰᠤ ᠴᠢᠨᠠᠷ ᠤ᠋ᠨ ᠠᠵᠢᠯ ᠨᠢ ᠠᠵᠤ ᠠᠬᠤᠢ ᠶ᠋ᠢᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ᠂ ᠠᠵᠤ ᠦᠢᠯᠡᠰ ᠢ᠋ ᠠᠭᠤᠰᠤᠯᠴᠠᠭᠤᠯᠤᠨ ᠰᠢᠨ᠎ᠡ ᠵᠢ ᠡᠭᠦᠳᠬᠦ ᠲᠠᠢ ᠬᠤᠯᠪᠤᠬᠳᠠᠬᠤ ᠪᠡᠷ ᠪᠠᠷᠠᠬᠤ ᠥᠬᠡᠢ ᠤᠯᠤᠰ ᠤ᠋ᠨ ᠡᠨᠧᠷᠭᠢ ᠶ᠋ᠢᠨ ᠠᠮᠤᠷ ᠲᠦᠪᠰᠢᠨ᠂ ᠠᠮᠤ ᠪᠤᠳᠠᠭᠠᠨ ᠤ᠋ ᠠᠮᠤᠷ ᠲᠦᠪᠰᠢᠨ᠂ ᠠᠮᠢ ᠠᠬᠤᠢ ᠶ᠋ᠢᠨ ᠠᠮᠤᠷ ᠲᠦᠪᠰᠢᠨ ᠤ᠋ ᠶᠡᠭᠡ ᠲᠠᠯ᠎ᠠ ᠲᠠᠢ ᠨᠠᠩ ᠰᠢᠭᠤᠳ ᠬᠤᠯᠪᠤᠭᠳᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠣᠷᠳᠤᠨ ᠶᠠᠰᠤ ᠴᠢᠨᠠᠷ ᠤ᠋ᠨ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠶᠠᠰᠤ ᠴᠢᠨᠠᠷ ᠢ᠋ᠶ᠋ᠡᠷ ᠣᠷᠤᠨ ᠢ᠋ᠶ᠋ᠡᠨ ᠬᠦᠴᠦᠷᠬᠡᠭᠵᠢᠭᠦᠯᠬᠦ ᠵᠢ ᠴᠢᠨᠠᠷ ᠰᠠᠶ᠋ᠢᠲᠠᠢ ᠬᠥᠭᠵᠢᠯᠲᠡ ᠶ᠋ᠢᠨ ᠴᠢᠬᠤᠯᠠ ᠭᠠᠷᠳᠠᠴᠠ ᠪᠣᠯᠭᠠᠵᠤ᠂ ᠶᠠᠰᠤ ᠴᠢᠨᠠᠷ ᠤ᠋ᠨ ᠬᠤᠪᠢᠰᠤᠯᠲᠠ ᠪᠡᠷ ᠰᠢᠨ᠎ᠡ ᠴᠢᠨᠠᠷ᠎ᠤᠨ ᠦᠢᠯᠡᠳᠪᠦᠷᠢᠯᠡᠯ ᠤ᠋ᠨ ᠬᠦᠴᠦᠨ ᠢ᠋ ᠪᠤᠶ᠋ᠢᠵᠢᠭᠤᠯᠵᠤ᠂ ᠶᠠᠰᠤ ᠴᠢᠨᠠᠷ ᠢ᠋ᠶ᠋ᠡᠷ ᠣᠷᠤᠨ ᠢ᠋ᠶ᠋ᠡᠨ ᠬᠦᠴᠦᠷᠬᠡᠭᠵᠢᠭᠦᠯᠬᠦ᠌ ᠪᠦᠲᠦᠭᠡᠨ ᠪᠠᠶ᠋ᠢᠭᠤᠯᠤᠯᠲᠠ ᠳᠤᠪᠤᠢᠮ᠎ᠠ ᠦᠷ᠎ᠡ ᠪᠦᠲᠦᠮᠵᠢ ᠣᠯᠪᠠ᠃

ᠶᠠᠰᠤ ᠴᠢᠨᠠᠷ ᠢ᠋ᠶ᠋ᠡᠷ ᠤᠷᠤᠨ ᠢ᠋ᠶ᠋ᠡᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠭᠦᠨᠵᠡᠭᠡᠶ ᠠᠬᠢᠪᠠ᠃ ᠦᠪᠡᠷᠲᠠᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠤᠷᠳᠤᠨ ᠶᠠᠰᠤ ᠴᠢᠨᠠᠷ ᠤ᠋ᠨ ᠠᠵᠢᠯ ᠢ᠋ 《1571》 ᠠᠵᠢᠯ ᠤ᠋ᠨ ᠪᠠᠶ᠋ᠢᠷᠢᠯᠠᠭᠤᠯᠤᠯᠲᠠ ᠶ᠋ᠢᠨ ᠪᠥᠬᠦ᠌ ᠶᠠᠪᠤᠴᠠ᠂ ᠡᠯ᠎ᠡ ᠲᠠᠯ᠎ᠠ ᠳ᠋ᠤ ᠨᠠᠶ᠋ᠢᠳᠠᠪᠤᠷᠢᠵᠢᠭᠤᠯᠤᠨ᠂ 《ᠶᠠᠰᠤ ᠴᠢᠨᠠᠷ ᠢ᠋ᠶ᠋ᠡᠷ ᠤᠷᠤᠨ ᠢ᠋ᠶ᠋ᠡᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠶ᠋ᠢᠨ ᠬᠥᠲᠦᠯᠪᠦᠷᠢ》 ᠵᠢ ᠲᠤᠬᠲᠠᠭᠠᠨ ᠬᠡᠷᠡᠭᠵᠢᠭᠦᠯᠵᠦ᠂ ᠶᠠᠰᠤ ᠴᠢᠨᠠᠷ ᠢ᠋ ᠳᠡᠭᠡᠭᠰᠢᠯᠡᠭᠦᠯᠬᠦ 《1+ N》 ᠲᠥᠷᠦ ᠶ᠋ᠢᠨ ᠪᠣᠳᠤᠯᠭ᠎ᠠ ᠶ᠋ᠢᠨ ᠰᠢᠰᠲᠧᠮ ᠢ᠋ ᠪᠥᠬᠦ᠌ ᠲᠠᠯ᠎ᠠ ᠪᠡᠷ ᠪᠠᠶ᠋ᠢᠭᠤᠯᠪᠠ᠃ ᠥᠪᠡᠷᠲᠡᠭᠡᠨ ᠵᠠᠰᠠᠬᠤ ᠣᠷᠤᠨ ᠤ᠋ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢ᠋ᠶ᠋ᠡᠷ ᠤᠷᠤᠨ ᠢ᠋ᠶ᠋ᠡᠨ ᠬᠦᠴᠦᠷᠬᠡᠭᠵᠢᠭᠦᠯᠬᠦ ᠠᠵᠢᠯ ᠤ᠋ᠨ ᠤᠳᠤᠷᠢᠳᠭᠤ ᠳᠤᠭᠤᠶ᠋ᠢᠯᠠᠩ ᠤ᠋ᠨ ᠬᠢᠨ ᠰᠠᠯᠠᠭ᠎ᠠ ᠮᠥᠴᠢᠷ᠎ᠦᠨ ᠬᠠᠮᠵᠢᠯᠴᠠᠬᠤ ᠠᠵᠢᠯ ᠤ᠋ᠨ ᠲᠣᠭᠲᠠᠴᠠ ᠵᠢ ᠲᠡᠭᠦᠯᠳᠡᠷᠵᠢᠭᠦᠯᠦᠨ᠂ ᠶᠠᠰᠤ ᠴᠢᠨᠠᠷ ᠢ᠋ᠶ᠋ᠡᠷ ᠤᠷᠤᠨ ᠢ᠋ᠶ᠋ᠡᠨ ᠬᠦᠴᠦᠷᠬᠡᠭᠵᠢᠭᠦᠯᠬᠦ ᠠᠵᠢᠯ ᠢ᠋ ᠲᠣᠭᠲᠠᠮᠠᠯ ᠬᠤᠭᠤᠴᠠᠭ᠎ᠠ ᠲᠠᠢ ᠪᠡᠷ ᠰᠤᠳᠤᠯᠵᠤ᠂ ᠪᠦᠬᠦ᠌ ᠣᠷᠤᠨ ᠤ᠋ ᠶᠠᠰᠤ ᠴᠢᠨᠠᠷ ᠤ᠋ᠨ ᠠᠵᠢᠯ ᠲᠣᠭᠲᠠᠭᠤᠨ ᠢ᠋ᠶ᠋ᠡᠷ ᠠᠬᠢᠵᠤ᠂ ᠶᠠᠰᠤ ᠴᠢᠨᠠᠷ ᠤ᠋ᠨ ᠲᠦᠪᠰᠢᠨ ᠲᠠᠰᠤᠷᠠᠯᠲᠠ ᠦᠭᠡᠢ ᠰᠠᠢᠵᠢᠷᠠᠪᠠ᠃

ᠶᠠᠰᠤ ᠴᠢᠨᠡᠷ ᠤ᠋ᠨ ᠰᠠᠭᠤᠷᠢ ᠲᠦᠬᠦᠭᠡᠷᠦᠮᠵᠢ ᠶ᠋ᠢᠨ ᠲᠣᠯᠭᠠᠭᠤᠷᠢᠯᠠᠬᠤ ᠴᠢᠳᠡᠪᠦᠷᠢ ᠳᠤᠪᠤᠢᠮ᠎ᠠ ᠴᠢᠩᠭᠠᠷᠡᠪᠠ᠃ ᠤᠯᠠᠮᠵᠢᠯᠠᠯᠲᠤ᠌ ᠠᠵᠤ ᠦᠢᠯᠡᠰ ᠤ᠋ᠨ ᠲᠠᠯ᠎ᠠ ᠪᠡᠷ ᠂ ᠦᠪᠦᠷ ᠮᠤᠨᠭᠭᠤᠯ ᠰᠦ ᠶ᠋ᠢᠨ ᠦᠢᠯᠡᠰ᠂ ᠬᠤᠪᠤᠷ ᠰᠢᠷᠤᠢ ᠵᠡᠷᠭᠡ ᠳᠠᠪᠠᠭᠤᠯᠢᠬᠲᠤ ᠤᠨᠴᠠᠯᠢᠭᠳᠤ ᠠᠵᠤ ᠦᠢᠯᠡᠰ ᠤ᠋ᠨ ᠴᠢᠨᠠᠷ ᠰᠠᠶ᠋ᠢᠲᠠᠢ ᠬᠥᠭᠵᠢᠯᠲᠡ ᠶ᠋ᠢᠨ ᠪᠠᠷᠢᠮᠵᠢᠶ᠎ᠠ ᠶ᠋ᠢᠨ ᠰᠢᠰᠲᠧᠮ ᠢ᠋ 134 ᠵᠦᠢᠯ ᠲᠣᠭᠲᠠᠭᠠᠵᠤ᠂ 26 ᠵᠦᠢᠯ ᠤ᠋ᠨ ᠣᠯᠠᠨ ᠤᠯᠤᠰ ᠤ᠋ᠨ ᠪᠠᠷᠢᠮᠵᠢᠶ᠎ᠠ ᠵᠢ ᠲᠤᠬᠲᠠᠭᠠᠬᠤ ᠳ᠋ᠤ ᠭᠤᠤᠯᠯᠠᠨ ᠤᠳᠤᠷᠢᠳᠤᠬᠰᠠᠨ ᠪᠤᠶᠤ ᠤᠷᠤᠯᠴᠠᠵᠤ᠂ ᠤᠳᠤ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ᠂ ᠰᠦ ᠮᠢᠬᠠᠨ ᠤ᠋ ᠪᠦᠲᠦᠭᠡᠭᠳᠡᠬᠦᠨ ᠵᠡᠷᠭᠡ ᠶ᠋ᠢᠨ 9 ᠤᠯᠤᠰ ᠤ᠋ᠨ ᠲᠠᠰ ᠤ᠋ᠨ ᠶᠠᠰᠤ ᠴᠢᠨᠠᠷ ᠢ᠋ ᠪᠠᠶ᠋ᠢᠴᠠᠭᠠᠬᠤ ᠲᠥᠪ ᠢ᠋ ᠪᠠᠶ᠋ᠢᠭᠤᠯᠪᠠ᠃ ᠰᠢᠨ᠎ᠡ ᠪᠡᠷ ᠮᠠᠨᠳᠤᠬᠰᠠᠨ ᠠᠵᠤ ᠦᠢᠯᠡᠰ ᠤ᠋ᠨ ᠲᠠᠯ᠎ᠠ ᠪᠠᠷ᠂ ᠦᠪᠦᠷ ᠮᠤᠨᠭᠭᠤᠯ ᠬᠤᠪᠤᠷ ᠰᠢᠷᠤᠢ ᠶ᠋ᠢᠨ ᠬᠦᠷᠢᠶᠡᠨ ᠳ᠋ᠡᠬᠢ ᠴᠤᠷ ᠤ᠋ᠨ ᠭᠠᠭᠴᠠ ᠤᠯᠤᠰ ᠤ᠋ᠨ ᠲᠠᠰ ᠤ᠋ᠨ ᠮᠡᠷᠭᠡᠵᠢᠯ ᠤ᠋ᠨ ᠪᠠᠷᠢᠮᠵᠢᠶ᠎ᠠ ᠶ᠋ᠢᠨ ᠰᠢᠨ᠎ᠡ ᠵᠢ ᠡᠭᠦᠳᠬᠦ᠌ ᠰᠠᠭᠤᠷᠢᠨ ᠢ᠋ ᠪᠠᠶ᠋ᠢᠭᠤᠯᠵᠤ᠂ ᠪᠥᠬᠦ᠌ ᠤᠯᠤᠰ ᠤ᠋ᠨ ᠠᠩᠬᠠᠳᠠᠭᠴᠢ ᠨᠡᠭᠦᠷᠡᠰᠦᠲᠦᠢ᠍ᠷᠦᠭᠴᠢ ᠶ᠋ᠢᠨ ᠬᠡᠮᠵᠢᠯᠲᠡ ᠶ᠋ᠢᠨ ᠲᠥᠪ ᠪᠠ ᠬᠤᠪᠤᠷ ᠰᠢᠷᠤᠢ᠂ ᠴᠠᠭᠠᠨ ᠢᠳᠡᠭᠡᠨ ᠤ᠋ ᠤᠯᠤᠰ ᠤ᠋ᠨ ᠲᠠᠰ ᠤ᠋ᠨ ᠬᠡᠮᠵᠢᠯᠲᠡ ᠶ᠋ᠢᠨ ᠲᠥᠪ ᠢ᠋ ᠪᠠᠶ᠋ᠢᠭᠤᠯᠵᠤ᠂ ᠮᠤᠵᠢ ᠶ᠋ᠢᠨ ᠱᠠᠲᠤᠨ ᠤ᠋ ᠠᠩᠬᠠᠳᠠᠭᠴᠢ ᠦᠶ᠋ᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠢ᠋ ᠢᠯᠡᠷᠬᠡᠢᠯᠡᠨ ᠭᠡᠷᠡᠴᠢᠯᠡᠬᠦ᠌ ᠬᠡᠷᠡᠭᠵᠢᠭᠦᠯᠬᠦ᠌ ᠰᠠᠨᠠᠯ ᠢ᠋ ᠨᠡᠶ᠋ᠢᠲᠡᠯᠡᠪᠡ᠃ ᠢᠷᠡᠭᠡᠳᠦᠢ ᠶ᠋ᠢᠨ ᠠᠵᠤ ᠦᠢᠯᠡᠰ ᠤ᠋ᠨ ᠲᠠᠯ᠎ᠠ ᠪᠡᠷ᠂ ᠤᠢᠷ᠎ᠠ ᠣᠭᠲᠠᠷᠭᠤᠢ ᠶ᠋ᠢᠨ ᠠᠵᠤ ᠠᠬᠤᠢ ᠵᠡᠷᠭᠡ ᠶ᠋ᠢᠨ ᠴᠢᠨᠠᠷ ᠰᠠᠶ᠋ᠢᠲᠠᠢ ᠪᠠᠷᠢᠮᠵᠢᠶ᠎ᠠ ᠶ᠋ᠢᠨ ᠰᠢᠰᠲᠧᠮ ᠢ᠋ 154 ᠵᠦᠢᠯ ᠲᠣᠭᠲᠠᠭᠠᠵᠤ᠂ ᠰᠢᠨ᠎ᠡ ᠡᠨᠧᠷᠭᠢ ᠵᠡᠷᠭᠡ ᠠᠵᠤ ᠦᠢᠯᠡᠰ ᠤ᠋ᠨ ᠬᠡᠮᠵᠢᠨ ᠰᠢᠯᠭᠠᠬᠤ ᠲᠥᠪ ᠪᠣᠯᠤᠨ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ ᠤ᠋ ᠪᠠᠷᠢᠮᠵᠢᠶ᠎ᠠ ᠶ᠋ᠢᠨ ᠰᠢᠰᠲᠧᠮ ᠢ᠋ ᠪᠠᠶ᠋ᠢᠷᠢᠰᠢᠭᠤᠯᠪᠠ᠃

ᠶᠠᠰᠤ ᠴᠢᠨᠠᠷ ᠢ᠋ᠶ᠋ᠡᠷ ᠠᠵᠤ ᠠᠬᠤᠶ᠋ᠢᠯᠠᠯ ᠢ᠋ ᠬᠦᠴᠦᠷᠬᠡᠭᠵᠢᠭᠦᠯᠬᠦ ᠠᠵᠤ ᠦᠢᠯᠡᠰ ᠤ᠋ᠨ ᠬᠡᠯᠬᠢᠶ᠎ᠡ ᠵᠢ ᠬᠦᠴᠦᠷᠬᠡᠭᠵᠢᠭᠦᠯᠬᠦ ᠰᠢᠶᠠᠨ ᠢ᠋ ᠬᠦᠴᠦᠷᠬᠡᠭᠵᠢᠭᠦᠯᠬᠦ᠌ ᠠᠵᠢᠯᠯᠠᠭ᠎ᠠ ᠭᠦᠨᠵᠡᠭᠡᠢ ᠶᠠᠪᠤᠬᠳᠠᠪᠠ᠃ ᠶᠠᠰᠤ ᠴᠢᠨᠠᠷ ᠢ᠋ᠶ᠋ᠡᠷ ᠠᠵᠤ ᠠᠬᠤᠶ᠋ᠢᠯᠠᠯ ᠢ᠋ ᠬᠦᠴᠦᠷᠬᠡᠭᠵᠢᠭᠦᠯᠬᠦ ᠪᠡᠷ ᠤᠳᠤᠷᠢᠳᠤᠮᠵᠢ ᠪᠣᠯᠭᠠᠵᠤ᠂ ᠶᠠᠰᠤ ᠴᠢᠨᠠᠷ ᠤ᠋ᠨ ᠮᠡᠷᠭᠡᠵᠢᠯ ᠤ᠋ᠨ ᠪᠣᠭᠤᠮᠲᠠ ᠰᠢᠪᠲᠤᠯᠤᠯᠲᠠ ᠪᠠ ᠪᠠᠷᠢᠮᠵᠢᠶ᠎ᠠ ᠶ᠋ᠢᠨ ᠵᠢᠯᠤᠭᠤᠳᠤᠯᠭ᠎ᠠ ᠵᠢ ᠴᠢᠩᠭᠠᠳᠭᠠᠵᠤ᠂ ᠠᠵᠤ ᠠᠬᠤᠶ᠋ᠢᠯᠠᠯ ᠤ᠋ᠨ ᠲᠡᠷᠢᠭᠦᠨ ᠤ᠋ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠵᠠᠭᠪᠤᠷ ᠢ᠋ ᠣᠷᠤᠭᠤᠯᠤᠨ ᠠᠪᠴᠢᠷᠠᠬᠤ ᠵᠢ ᠪᠠᠢᠨᠭᠭᠤᠵᠢᠭᠤᠯᠤᠨ ᠵᠢᠯᠤᠭᠤᠳᠴᠤ᠂ ᠢᠯᠢ᠂ ᠮᠸᠩ ᠼᠤᠤ ᠵᠡᠷᠭᠡ ᠠᠵᠤ ᠠᠬᠤᠶ᠋ᠢᠯᠠᠯ ᠳᠤᠮᠳᠠᠳᠤ ᠤᠯᠤᠰ ᠤ᠋ᠨ ᠶᠠᠰᠤ ᠴᠢᠨᠠᠷ ᠤ᠋ᠨ ᠱᠠᠩᠨᠠᠯ ᠤ᠋ᠨ ᠨᠡᠷ᠎ᠡ ᠳᠤᠷᠠᠳᠤᠭᠰᠠᠨ ᠱᠠᠩᠨᠠᠯ ᠢ᠋ ᠬᠦᠷᠲᠡᠵᠦ᠍᠂ ᠤᠮᠠᠷᠠᠲᠤ ᠶ᠋ᠢᠨ ᠬᠤᠪᠤᠷ ᠰᠢᠷᠤᠢ ᠵᠢᠨ ᠪᠦᠯᠦᠭᠯᠡᠯ ᠶᠠᠰᠤ ᠴᠢᠨᠠᠷ ᠢ᠋ᠶ᠋ᠡᠷ ᠤᠯᠤᠰ ᠢ᠋ᠶ᠋ᠡᠨ ᠬᠦᠴᠦᠷᠬᠡᠭᠵᠢᠭᠦᠯᠬᠦ ᠪᠥᠲᠦᠭᠡᠨ ᠪᠠᠶ᠋ᠢᠭᠤᠯᠤᠯᠲᠠ ᠶ᠋ᠢᠨ ᠲᠠᠭᠠᠭᠤᠯᠤᠭᠴᠢ ᠠᠵᠤ ᠠᠬᠤᠶ᠋ᠢᠯᠠᠯ ᠢ᠋ ᠪᠤᠢᠵᠢᠭᠤᠯᠬᠤ ᠬᠥᠮᠦᠷᠭᠡ ᠳ᠋ᠤ ᠰᠤᠨᠭᠭᠤᠬᠳᠠᠨ ᠤᠷᠤᠪᠠ᠃ ᠶᠠᠰᠤ ᠴᠢᠨᠠᠷ ᠢ᠋ᠶ᠋ᠡᠷ ᠠᠵᠤ ᠦᠢᠯᠡᠰ ᠤ᠋ᠨ ᠬᠡᠯᠬᠢᠶ᠎ᠡ ᠵᠢ ᠬᠦᠴᠦᠷᠬᠡᠭᠵᠢᠬᠦᠯᠬᠦ ᠪᠦᠲᠦᠭᠡᠨ ᠪᠠᠢᠭᠤᠯᠤᠯᠲᠠ ᠪᠡᠷ ᠬᠥᠲᠦᠯᠦᠮᠵᠢ ᠪᠣᠯᠭᠠᠵᠤ᠂ ᠭᠧᠨ᠎ᠦ ᠴᠢᠫ᠂ ᠰᠦᠨ ᠬᠦᠴᠢᠯ᠎ᠦᠨ ᠪᠠᠺᠲᠧᠷᠢ ᠶ᠋ᠢᠨ ᠭᠣᠤᠯᠯᠠᠬᠤ ᠮᠡᠷᠭᠡᠵᠢᠯ᠎ᠦᠨ ᠪᠣᠭᠤᠮᠢ ᠵᠢ ᠰᠢᠪᠲᠤᠯᠵᠤ᠂ ᠤᠯᠤᠰ ᠤ᠋ᠨ ᠭᠠᠳᠠᠭᠠᠳᠤ ᠶ᠋ᠢᠨ ᠭᠠᠭᠴᠠᠭᠠᠷ ᠡᠵᠡᠮᠰᠢᠯ ᠢ᠋ ᠡᠪᠳᠡᠪᠡ; ᠬᠦᠩᠭᠡᠨᠴᠠᠭᠠᠨ ᠢᠰᠦᠯ ᠦᠨᠳᠦᠷ ᠠᠭᠤᠯᠤᠬᠳᠠᠬᠤ ᠨᠡᠭᠦᠷᠡᠰᠦᠨ ᠤ᠋ ᠨᠠᠷᠢᠨ ᠦᠨᠡᠰᠦ ᠶ᠋ᠢ ᠠᠵᠤ ᠦᠢᠯᠡᠰᠵᠢᠭᠦᠯᠦᠨ ᠠᠰᠢᠬᠯᠠᠬᠤ᠂ ᠰᠦᠨ ᠲᠡᠮᠦᠷᠲᠦ ᠤᠭᠤᠷᠠᠭ ᠤ᠋ᠨ ᠰᠢᠩᠭᠡᠨ ᠢ᠋ ᠬᠡᠪᠴᠢᠶᠡᠵᠢᠭᠦᠯᠦᠨ ᠦᠢᠯᠡᠳᠪᠦᠷᠢᠯᠡᠬᠦ᠌ ᠵᠡᠷᠭᠡ ᠨᠢᠭᠡ ᠪᠦᠯᠦᠭ ᠵᠠᠩᠭᠢᠯᠠᠭ᠎ᠠ ᠶ᠋ᠢᠨ ᠮᠡᠷᠭᠡᠵᠢᠯ ᠤ᠋ᠨ ᠬᠦᠴᠢᠷ ᠠᠰᠠᠭᠤᠳᠠᠯ ᠢ᠋ ᠰᠢᠢᠳᠪᠦᠷᠢᠯᠡᠵᠦ᠂ ᠰᠦ ᠶ᠋ᠢᠨ ᠦᠢᠯᠡᠰ᠂ ᠰᠠᠯᠬᠢᠨ ᠬᠦᠴᠦᠨ ᠤ᠋ ᠴᠠᠬᠢᠯᠭᠠᠨ ᠤ᠋ ᠲᠣᠨᠤᠭ ᠲᠥᠬᠦᠭᠡᠷᠦᠮᠵᠢ ᠦᠢᠯᠡᠳᠬᠦ᠂ ᠬᠤᠪᠤᠷ ᠰᠢᠷᠤᠢ ᠶ᠋ᠢᠨ ᠰᠢᠨ᠎ᠡ ᠮᠠᠲᠧᠷᠢᠶᠠᠯ᠂ ᠣᠲᠤ᠌ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ ᠵᠡᠷᠭᠡ 4 ᠵᠦᠢᠯ ᠤ᠋ᠨ ᠠᠵᠤ ᠦᠢᠯᠡᠰ ᠤ᠋ᠨ ᠬᠡᠯᠬᠢᠶ᠎ᠡ ᠪᠥᠬᠦ᠌ ᠤᠯᠤᠰ ᠤ᠋ᠨ ᠵᠠᠭᠤᠨ ᠶᠠᠰᠤ ᠴᠢᠨᠠᠷ ᠢ᠋ᠶ᠋ᠡᠷ ᠠᠵᠤ ᠦᠢᠯᠡᠰ ᠤ᠋ᠨ ᠬᠡᠯᠬᠢᠶ᠎ᠡ ᠵᠢ ᠬᠦᠴᠦᠷᠬᠡᠭᠵᠢᠭᠦᠯᠬᠦ ᠭᠤᠤᠯᠳᠠᠯᠭᠠᠲᠤ ᠲᠥᠷᠦᠯ ᠵᠦᠢᠯ ᠳ᠋ᠤ ᠰᠤᠨᠭᠭᠤᠬᠳᠠᠪᠠ᠃ ᠶᠠᠰᠤ ᠴᠢᠨᠠᠷ ᠢ᠋ᠶ᠋ᠡᠷ ᠰᠢᠶᠠᠨ ᠢ᠋ ᠬᠦᠴᠦᠷᠬᠡᠭᠵᠢᠭᠦᠯᠬᠦ ᠪᠡᠷ ᠰᠠᠭᠤᠷᠢ ᠪᠣᠯᠭᠠᠵᠤ᠂ ᠰᠢᠶᠠᠨ ᠤ᠋ ᠬᠡᠪᠴᠢᠶᠡᠨ ᠤ᠋ ᠪᠦᠬᠦ᠌ ᠣᠷᠤᠨ ᠪᠦᠰᠡ ᠶ᠋ᠢᠨ ᠪᠠᠷᠢᠮᠵᠢᠶᠠᠵᠢᠭᠤᠯᠤᠭᠰᠠᠨ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ᠌ ᠵᠠᠭᠪᠤᠷ ᠢ᠋ ᠳᠡᠯᠭᠡᠷᠡᠭᠦᠯᠵᠦ᠍᠂ ᠠᠵᠤ ᠦᠢᠯᠡᠰ ᠤ᠋ᠨ ᠲᠡᠰ ᠳᠡᠪᠰᠢᠬᠦ᠂ ᠮᠠᠯᠴᠢᠨ ᠲᠠᠷᠢᠶᠠᠴᠢᠨ ᠤ᠋ ᠣᠷᠤᠯᠭ᠎ᠠ ᠵᠢ ᠨᠡᠮᠡᠭᠳᠡᠭᠦᠯᠬᠦ ᠵᠢ ᠳᠠᠶ᠋ᠢᠴᠢᠯᠠᠵᠤ᠂ ᠦᠦᠰᠢᠨ ᠬᠤᠰᠢᠭᠤ᠂ ᠺᠠᠶ᠋ᠢᠯᠦ᠍ ᠰᠢᠶᠠᠨ ᠪᠦᠬᠦ᠌ ᠤᠯᠤᠰ ᠤ᠋ᠨ ᠶᠠᠰᠤ ᠴᠢᠨᠠᠷ ᠢ᠋ᠶ᠋ᠡᠷ ᠰᠢᠶᠠᠨ ᠢ᠋ ᠬᠦᠴᠦᠷᠬᠡᠭᠵᠢᠭᠦᠯᠬᠦ ᠰᠢᠨ᠎ᠡ ᠵᠢ ᠡᠭᠦᠳᠬᠦ᠌ ᠲᠤᠷᠰᠢᠯᠲᠠ ᠶ᠋ᠢᠨ ᠴᠡᠭ ᠲᠦ᠍ ᠰᠣᠩᠭᠤᠭᠳᠠᠪᠠ᠃ ᠬᠦᠷᠢᠶᠡᠯᠡᠩ ᠲᠣᠭᠤᠷᠢᠭ ᠢ᠋ᠶ᠋ᠡᠷ ᠭᠤᠤᠯ ᠴᠣᠭᠴᠠ ᠪᠣᠯᠭᠠᠨ ᠶᠠᠰᠤ ᠴᠢᠨᠠᠷ ᠢ᠋ᠶ᠋ᠡᠷ ᠬᠠᠪᠰᠤᠷᠤᠨ ᠲᠡᠳᠬᠦᠬᠦ ᠵᠢ ᠭᠦᠨᠵᠡᠭᠡᠢ ᠥᠷᠨᠢᠭᠦᠯᠵᠦ᠍᠂ ᠣᠶ᠋ᠢᠷ᠎ᠠ ᠶ᠋ᠢᠨ ᠵᠢᠯ ᠡᠴᠡ ᠨᠠᠭᠠᠰᠢ ᠨᠡᠶ᠋ᠢᠲᠡ 1.2 ᠲᠦᠮᠡᠨ ᠡᠷᠦᠬᠡ ᠠᠵᠤ ᠠᠬᠤᠶ᠋ᠢᠯᠠᠯ ᠳ᠋ᠤ ᠶᠠᠰᠤ ᠴᠢᠨᠠᠷ ᠤ᠋ᠨ ᠮᠡᠷᠭᠡᠵᠢᠯ ᠤ᠋ᠨ ᠦᠢᠯᠡᠴᠢᠯᠡᠭᠡ ᠬᠠᠩᠭᠠᠵᠤ᠂ ᠶᠠᠰᠤ ᠴᠢᠨᠠᠷ ᠤ᠋ᠨ ᠬᠦᠴᠢᠷ ᠠᠰᠠᠭᠤᠳᠠᠯ ᠢ᠋ 1680 ᠰᠢᠢᠳᠪᠦᠷᠢᠯᠡᠵᠦ᠂ 2200 ᠲᠦᠮᠡ ᠭᠠᠷᠤᠢ ᠲᠥᠭᠦᠷᠢᠭ ᠤ᠋ᠨ ᠥᠪᠡᠷ ᠤ᠋ᠨ ᠥᠷᠲᠡᠭ ᠢ᠋ ᠠᠷᠪᠢᠯᠠᠪᠠ᠃

ᠦᠢᠯᠡᠳᠬᠦᠨ ᠪᠠᠷᠢᠯᠭ᠎ᠠ ᠦᠢᠯᠡᠴᠢᠯᠡᠭᠡᠨ ᠤ᠋ ᠬᠠᠩᠭᠠᠯᠭ᠎ᠠ ᠨᠡᠩ ᠴᠢᠨᠠᠷ ᠰᠠᠶ᠋ᠢᠲᠠᠢ ᠪᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠪᠥᠬᠦ᠌ ᠣᠷᠤᠨ ᠤ᠋ 10 ᠶᠡᠭᠡ ᠠᠵᠤ ᠦᠢᠯᠡᠰ ᠤ᠋ᠨ ᠪᠦᠯᠦᠭᠵᠢᠯ ᠤ᠋ᠨ 21 ᠵᠦᠢᠯ ᠤ᠋ᠨ ᠭᠤᠤᠯᠳᠠᠯᠭ᠎ᠠ ᠲᠠᠢ ᠠᠵᠤ ᠦᠢᠯᠡᠰ ᠤ᠋ᠨ ᠬᠡᠯᠬᠢᠶ᠎ᠡ ᠲᠣᠭᠲᠠᠭᠤᠨ ᠢ᠋ᠶ᠋ᠡᠷ ᠬᠥᠭᠵᠢᠵᠦ᠍᠂ ᠦᠢᠯᠡᠳᠬᠦ᠌ ᠦᠢᠯᠡᠰ ᠤ᠋ᠨ ᠦᠢᠯᠡᠳᠬᠦᠨ ᠤ᠋ ᠶᠠᠰᠤ ᠴᠢᠨᠠᠷ ᠤ᠋ᠨ ᠬᠢᠷᠢ ᠲᠡᠩᠴᠡᠭᠰᠡᠨ ᠨᠣᠷᠮ᠎ᠠ 95% ᠳ᠋ᠤ ᠬᠦᠷᠴᠦ᠍᠂ ᠪᠥᠬᠦ᠌ ᠤᠯᠤᠰ ᠤ᠋ᠨ ᠳᠤᠮᠳᠠᠴᠢ ᠲᠦᠪᠰᠢᠨ ᠡᠴᠡ ᠥᠨᠳᠦᠷ ᠪᠣᠯᠵᠠᠢ; ᠭᠤᠤᠯ ᠪᠣᠯᠬᠤ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠤ᠋ ᠵᠤᠷᠰᠢᠯᠳᠤ ᠬᠢᠨᠠᠨ ᠬᠡᠮᠵᠢᠯᠲᠡ ᠳ᠋ᠤ ᠶᠡᠷᠦᠩᠬᠡᠢ ᠬᠢᠷᠢ ᠲᠡᠩᠴᠡᠭᠰᠡᠨ ᠨᠣᠷᠮ᠎ᠠ᠂ ᠢᠳᠡᠭᠡᠨ ᠤ᠋ ᠦᠨᠡᠯᠡᠯᠲᠡ ᠶ᠋ᠢᠨ ᠴᠢᠨᠠᠷᠲᠠᠢ ᠰᠤᠭᠤᠴᠢᠨ ᠪᠠᠶ᠋ᠢᠴᠠᠭᠠᠯᠲᠠ ᠳ᠋ᠤ ᠬᠢᠷᠢ ᠲᠡᠩᠴᠡᠭᠰᠡᠨ ᠨᠣᠷᠮ᠎ᠠ 98% ᠡᠴᠡ ᠳᠡᠭᠡᠭᠰᠢ ᠳ᠋ᠤ ᠬᠦᠷᠴᠦ᠂ ᠡᠮ ᠤ᠋ᠨ ᠵᠦᠢᠯ ᠤ᠋ᠨ ᠰᠤᠭᠤᠴᠢᠨ ᠪᠠᠶ᠋ᠢᠴᠠᠭᠠᠯᠲᠠ ᠳ᠋ᠤ ᠬᠢᠷᠢ ᠲᠡᠩᠴᠡᠭᠰᠡᠨ ᠨᠣᠷᠮ᠎ᠠ 99.62% ᠲᠦ᠍ ᠬᠦᠷᠴᠦ᠍᠂ ᠴᠥᠮ ᠲᠡᠦᠬᠡ ᠶ᠋ᠢᠨ ᠬᠠᠮᠤᠭ ᠤ᠋ᠨ ᠰᠠᠶ᠋ᠢᠨ ᠲᠦᠪᠰᠢᠨ ᠳ᠋ᠤ ᠬᠦᠷᠦᠭᠰᠡᠨ ᠪᠠᠶ᠋ᠢᠨ᠎ᠠ᠃ ᠪᠥᠬᠦ᠌ ᠣᠷᠤᠨ ᠤ᠋ ᠪᠠᠷᠢᠯᠭ᠎ᠠ ᠶ᠋ᠢᠨ ᠶᠠᠰᠤ ᠴᠢᠨᠠᠷ ᠲᠦ᠍ ᠬᠢᠨᠠᠯᠲᠠ ᠲᠠᠯᠪᠢᠬᠤ ᠪᠦᠷᠬᠦᠴᠡ ᠶ᠋ᠢᠨ ᠨᠣᠷᠮ᠎ᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠶ᠋ᠢᠨ ᠪᠠᠷᠢᠯᠭ᠎ᠠ ᠶ᠋ᠢᠨ ᠠᠵᠢᠯ ᠳᠠᠭᠤᠰᠴᠦ᠍ ᠰᠢᠯᠭᠠᠨ ᠠᠪᠬᠤ ᠳ᠋ᠤ ᠬᠢᠷᠢ ᠲᠡᠩᠴᠡᠭᠰᠡᠨ ᠨᠣᠷᠮ᠎ᠠ ᠴᠥᠮ 100% ᠳ᠋ᠤ ᠬᠦᠷᠴᠦ᠍᠂ ᠰᠢᠨ᠎ᠡ ᠪᠡᠷ ᠪᠠᠶ᠋ᠢᠭᠤᠯᠤᠭᠰᠠᠨ ᠠᠵᠢᠯ ᠳᠠᠭᠤᠰᠤᠬᠰᠠᠨ ᠪᠠᠷᠢᠯᠭ᠎ᠠ ᠳ᠋ᠡᠬᠢ ᠪᠣᠬᠢᠷᠲᠤᠯ ᠥᠬᠡᠢ ᠪᠠᠷᠢᠯᠭ᠎ᠠ ᠶ᠋ᠢᠨ ᠡᠵᠡᠯᠡᠬᠦ᠌ ᠬᠠᠷᠢᠴᠠᠯ 100% ᠳ᠋ᠤ ᠬᠦᠷᠴᠡᠢ᠃ ᠪᠦᠬᠦ᠌ ᠣᠷᠤᠨ ᠤ᠋ ᠤᠯᠠᠨ ᠨᠡᠢᠲᠡ ᠶ᠋ᠢᠨ ᠦᠢᠯᠡᠴᠢᠯᠡᠭᠡᠨ᠎ᠦ ᠶᠠᠰᠤ ᠴᠢᠨᠠᠷ ᠤ᠋ᠨ ᠭᠦᠢᠴᠡᠳᠭᠡᠯ ᠲᠤᠭ᠎ᠠ 77.11᠎ᠳ᠋ᠦ᠍ ᠬᠦᠷᠴᠦ᠍᠂ ᠪᠦᠬᠦ᠌ ᠤᠯᠤᠰ ᠤ᠋ᠨ ᠳᠤᠮᠳᠠᠴᠢ ᠲᠦᠪᠰᠢᠨ ᠡᠴᠡ ᠵᠠᠭᠤᠨ ᠤ᠋ ᠬᠠᠷᠢᠴᠠᠯ ᠢ᠋ᠶ᠋ᠡᠷ 0.2 ᠬᠤᠪᠢ ᠥᠨᠳᠦᠷ ᠪᠣᠯᠵᠠᠢ᠃ A ᠳᠡᠰ ᠤ᠋ᠨ ᠦᠵᠡᠮᠵᠢ ᠶ᠋ᠢᠨ ᠣᠷᠤᠨ 518 ᠪᠣᠯᠵᠤ᠂ ᠲᠠᠪᠤᠨ ᠵᠢᠯ ᠳ᠋ᠤ 47% ᠪᠡᠷ ᠨᠡᠮᠡᠭᠳᠡᠪᠡ᠃ ᠪᠥᠬᠦ᠌ ᠣᠷᠤᠨ ᠤ᠋ ᠬᠡᠷ᠎ᠲᠡᠭᠡᠨ ᠰᠠᠭᠤᠬᠤ ᠨᠡᠶ᠋ᠢᠭᠡᠮ ᠲᠣᠭᠤᠷᠢᠭ ᠤ᠋ᠨ ᠨᠠᠰᠤᠵᠢᠯ ᠤ᠋ᠨ ᠠᠰᠠᠷᠠᠮᠵᠢ ᠶ᠋ᠢᠨ ᠦᠢᠯᠡᠴᠢᠯᠡᠭᠡᠨ ᠤ᠋ ᠪᠦᠷᠬᠦᠴᠡ ᠶ᠋ᠢᠨ ᠨᠣᠷᠮ᠎ᠠ 98.2% ᠲᠦ᠍ ᠬᠦᠷᠴᠦ᠂ ᠮᠢᠩᠭᠠᠨ ᠬᠥᠮᠦᠨ ᠪᠦᠷᠢ ᠳ᠋ᠤ ᠨᠤᠬᠳᠠᠬᠤ 3 ᠨᠠᠰᠤᠨ ᠡᠴᠡ ᠳᠣᠷᠤᠭᠰᠢᠬᠢ ᠨᠢᠯᠬ᠎ᠠ ᠬᠡᠤᠬᠡᠳ ᠢ᠋ ᠰᠠᠭᠠᠲᠠᠭᠤᠯᠬᠤ ᠤᠷᠤᠨ ᠲᠤᠭ᠎ᠠ 4.5 ᠪᠣᠯᠤᠨ ᠳᠡᠭᠡᠭᠰᠢᠯᠡᠵᠦ᠂ ᠨᠠᠰᠤᠵᠢᠯ ᠤ᠋ᠨ ᠠᠰᠠᠷᠠᠮᠵᠢ᠂ ᠨᠠᠶ᠋ᠢᠳᠠᠨ ᠰᠠᠭᠠᠲᠠᠭᠤᠯᠬᠤ᠂ ᠡᠮᠴᠢᠯᠡᠭᠡᠨ ᠤ᠋ ᠦᠢᠯᠡᠴᠢᠯᠡᠭᠡ ᠶ᠋ᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面