ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:28

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

9 ᠰᠠᠷ᠎ᠠ᠎ᠶᠢᠨ 23 ᠤ᠋ ᠦᠳᠡ᠎ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ 《ᠳᠤᠮᠳᠠᠳᠤ ᠤᠯᠤᠰ᠎ᠢ ᠤᠢᠯᠠᠭᠠᠬᠤᠢ》 ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠤᠨ ᠡᠬᠢᠯᠡᠯᠲᠡ᠎ᠶᠢᠨ ᠶᠣᠰᠣᠯᠠᠯ ᠮᠣᠩᠭᠣᠯ ᠤᠯᠤᠰ᠎ᠤᠨ ᠤᠯᠠᠭᠠᠨᠪᠠᠭᠠᠲᠤᠷ᠎ᠲᠤ᠌ ᠶᠠᠪᠤᠭᠳᠠᠪᠠ᠃

ᠮᠣᠩᠭᠣᠯ ᠤᠯᠤᠰ᠎ᠲᠤ᠌ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ᠎ᠤᠨ ᠶᠠᠮᠤᠨ᠎ᠤ ᠲᠦᠷ ᠣᠷᠣᠯᠠᠨ ᠭᠦᠢᠴᠡᠳᠭᠡᠭᠴᠢ ᠼᠤᠤ ᠯᠢ᠂ ᠮᠣᠩᠭᠣᠯ ᠤᠯᠤᠰ᠎ᠲᠤ᠌ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ᠎ᠤᠨ ᠶᠠᠮᠤᠨ᠎ᠤ ᠰᠣᠶᠣᠯ᠎ᠤᠨ ᠵᠥᠪᠯᠡᠭᠴᠢ᠂ ᠤᠯᠠᠭᠠᠨᠪᠠᠭᠠᠲᠤᠷ᠎ᠲᠠᠬᠢ ᠳᠤᠮᠳᠠᠳᠤ ᠤᠯᠤᠰ᠎ᠤᠨ ᠰᠣᠶᠣᠯ᠎ᠤᠨ ᠲᠥᠪ᠎ᠦᠨ ᠡᠷᠬᠢᠯᠡᠭᠴᠢ ᠯᠢ ᡁᠢ; ᠮᠣᠩᠭᠣᠯ ᠤᠯᠤᠰ᠎ᠤᠨ ᠶᠡᠬᠡ ᠬᠤᠷᠠᠯ᠎ᠤᠨ ᠭᠡᠰᠢᠭᠦᠨ ᠯᠣᠪᠰᠠᠩᠵᠠᠮᠰᠤ᠂ ᠮᠣᠩᠭᠣᠯ ᠤᠯᠤᠰ᠎ᠤᠨ ᠳᠡᠳ᠋ ᠶᠡᠷᠦᠩᠬᠡᠶ ᠰᠠᠢᠳ ᠤ᠋ᠨ ᠵᠥᠪᠯᠡᠭᠴᠢ ᠪᠠᠶᠠᠷᠲᠤᠯᠭ᠎ᠠ᠂ ᠪᠡᠬᠢᠪᠡᠳᠤ᠂ ᠮᠣᠩᠭᠣᠯ ᠤᠯᠤᠰ᠎ᠤᠨ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠬᠢᠭᠡᠳ ᠵᠠᠯᠠᠭᠤᠴᠤᠳ᠎ᠤᠨ ᠶᠠᠮᠤᠨ᠎ᠤ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ᠠᠯᠲᠠᠨᠲᠤᠶᠠᠭ᠎ᠠ᠂ ᠮᠣᠩᠭᠣᠯ ᠤᠯᠤᠰ᠎ᠤᠨ ᠰᠣᠶᠣᠯ ᠤᠷᠠᠯᠢᠭ᠎ᠤᠨ ᠲᠣᠪᠴᠢᠶᠠᠨ᠎ᠤ ᠳᠠᠷᠤᠭ᠎ᠠ ᠪᠠᠲᠤᠬᠤᠶᠠᠭ ᠵᠡᠷᠭᠡ ᠬᠦᠨᠳᠦᠲᠦ᠍ ᠵᠣᠴᠢᠳ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠪᠠ᠃ ᠮᠣᠩᠭᠣᠯ ᠤᠯᠤᠰ᠎ᠲᠤ᠌ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ᠎ᠤᠨ ᠶᠠᠮᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠮᠣᠩᠭᠣᠯ ᠤᠯᠤᠰ᠎ᠤᠨ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠬᠢᠭᠡᠳ ᠵᠠᠯᠠᠭᠤᠴᠤᠳ᠎ᠤᠨ ᠶᠠᠮᠤᠨ᠎ᠤ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠵᠤᠷᠭᠠᠨ᠎ᠤ ᠬᠤᠯᠪᠤᠬᠳᠠᠯ ᠪᠥᠬᠥᠶ ᠬᠠᠷᠢᠭᠤᠴᠠᠯᠭᠠᠲᠠᠨ ᠲᠣᠰ ᠲᠣᠰ ᠪᠠᠶᠠᠷ᠎ᠤᠨ ᠦᠭᠡ ᠬᠡᠯᠡᠪᠡ᠃

ᠮᠣᠩᠭᠣᠯ ᠤᠯᠤᠰ᠎ᠲᠤ᠌ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ᠎ᠤᠨ ᠶᠠᠮᠤᠨ᠎ᠤ ᠲᠦᠷ ᠣᠷᠣᠯᠠᠨ ᠭᠦᠢᠴᠡᠳᠬᠡᠭᠴᠢ ᠼᠤᠤ ᠯᠢ ᠪᠠᠶᠠᠷ᠎ᠤᠨ ᠦᠭᠡ ᠬᠡᠯᠡᠬᠦ᠎ᠳᠡᠭᠡᠨ᠂ ᠳᠤᠮᠳᠠᠳᠤ ᠮᠣᠩᠭᠣᠯ ᠬᠣᠶᠠᠷ ᠤᠯᠤᠰ ᠪᠣᠯ ᠠᠭᠤᠯᠠ ᠤᠰᠤ᠎ᠪᠠᠷ᠎ᠢᠶᠠᠨ ᠵᠠᠯᠭᠠᠯᠳᠤᠭᠰᠠᠨ ᠨᠥᠬᠥᠷᠰᠡᠭ ᠬᠥᠷᠰᠢ ᠮᠥᠨ᠂ ᠬᠣᠶᠠᠷ ᠲᠠᠯ᠎ᠠ᠎ᠪᠠᠷ᠎ᠢᠶᠠᠨ ᠠᠵᠤ ᠠᠬᠤᠢ ᠠᠷᠠᠯᠵᠢᠶ᠎ᠠ᠂ ᠰᠣᠶᠣᠯ ᠵᠢᠭᠤᠯᠴᠢᠯᠠᠯ᠂ ᠠᠮᠢ ᠠᠬᠤᠢ ᠵᠡᠷᠭᠡ ᠬᠦᠷᠢᠶᠡᠨ ᠳ᠋ᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠪᠠ᠃ ᠮᠣᠩᠭᠣᠯ ᠤᠯᠤᠰ᠎ᠤᠨ ᠨᠠᠶ᠋ᠢᠵᠠ᠎ᠨᠠᠷ ᠲᠣᠰ ᠤᠳᠠᠭᠠᠨ᠎ᠤ ᠠᠵᠢᠯᠯᠠᠭ᠎ᠠ᠎ᠶᠢ ᠠᠰᠢᠭᠯᠠᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠦᠨᠡᠨ ᠬᠦ᠌ ᠲᠠᠨᠢᠨ ᠣᠶ᠋ᠢᠯᠠᠭᠠᠵᠤ᠂ ᠳᠤᠮᠳᠠᠳᠤ ᠮᠣᠩᠭᠣᠯ᠎ᠤᠨ ᠤᠯᠠᠮᠵᠢᠯᠠᠯᠲᠤ᠌ ᠨᠥᠬᠥᠷᠯᠡᠯ᠎ᠢ ᠨᠠᠨᠳᠢᠩᠨᠠᠬᠤ ᠳᠤᠮᠳᠠᠳᠤ ᠤᠯᠤᠰ ᠤ᠋ᠨ ᠲᠠᠯ᠎ᠠ ᠵᠢᠨ ᠴᠢᠩ ᠦᠨᠡᠨᠴᠢ ᠰᠡᠳᠬᠢᠯ᠎ᠢ ᠣᠶ᠋ᠢᠯᠠᠭᠠᠬᠤ᠎ᠶᠢ ᠬᠦᠰᠡᠵᠦ᠍ ᠪᠠᠶ᠋ᠢᠨ᠎ᠠ ᠭᠡᠵᠤ ᠢᠯᠡᠳᠭᠡᠵᠠᠢ᠃

《ᠰᠣᠶᠣᠯ᠎ᠤᠨ ᠭᠠᠷᠠᠭ᠎ᠤᠨ ᠠᠵᠢᠯᠯᠠᠭ᠎ᠠ᠎ᠪᠠᠷ ᠳᠠᠮᠵᠢᠨ ᠣᠯᠠᠨ᠎ᠳᠤ ᠨᠠᠩ ᠣᠯᠠᠨ ᠳᠡᠯᠭᠡᠨ ᠦᠵᠡᠭᠦᠯᠬᠦ᠌ ᠪᠠ ᠰᠣᠯᠢᠯᠴᠠᠬᠤ ᠲᠣᠬᠢᠶᠠᠯ ᠣᠯᠭᠣᠯ᠎ᠠ᠃ ᠪᠠᠰᠠ ᠴᠤ᠌ ᠮᠣᠩᠭᠣᠯ ᠳᠤᠮᠳᠠᠳᠤ ᠬᠣᠶᠠᠷ ᠤᠯᠤᠰ᠎ᠤᠨ ᠡᠯ᠎ᠡ ᠲᠠᠯ᠎ᠠ᠎ᠶᠢᠨ ᠬᠠᠮᠲᠤᠷᠠᠯᠴᠠᠭ᠎ᠠ᠎ᠶᠢ ᠨᠠᠩ ᠰᠠᠶ᠋ᠢᠲᠤᠷ ᠠᠬᠢᠭᠤᠯᠬᠤ ᠪᠣᠯᠤᠨ᠎ᠠ》 ᠭᠡᠵᠤ ᠮᠣᠩᠭᠣᠯ ᠤᠯᠤᠰ᠎ᠤᠨ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠬᠢᠭᠡᠳ ᠵᠠᠯᠠᠭᠤᠴᠤᠳ᠎ᠤᠨ ᠶᠠᠮᠤᠨ᠎ᠤ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ᠠᠯᠲᠠᠨᠲᠤᠶᠠᠭ᠎ᠠ ᠢᠳᠡᠬᠡᠯ ᠬᠦᠰᠡᠯ᠎ᠢᠶᠡᠷ ᠲᠦᠬᠦᠷᠡᠩ ᠪᠠᠢᠯ᠎ᠠ᠃ ᠮᠣᠩᠭᠣᠯ ᠤᠯᠤᠰ᠎ᠤᠨ ᠰᠣᠶᠣᠯ ᠤᠷᠠᠯᠢᠭ᠎ᠤᠨ ᠲᠣᠪᠴᠢᠶᠠᠨ᠎ᠤ ᠳᠠᠷᠤᠭ᠎ᠠ ᠪᠠᠲᠤᠬᠤᠶᠠᠭ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠰᠣᠶᠣᠯ᠎ᠤᠨ ᠰᠤᠯᠢᠯᠴᠠᠭ᠎ᠠ ᠪᠣᠯ ᠬᠣᠶᠠᠷ ᠤᠯᠤᠰ᠎ᠤᠨ ᠬᠠᠷᠢᠯᠴᠠᠭᠠᠨ᠎ᠤ ᠳᠤᠮᠳᠠᠬᠢ ᠮᠠᠰᠢ ᠴᠢᠬᠤᠯᠠ ᠪᠦᠷᠢᠯᠳᠦᠬᠦᠨ ᠬᠡᠰᠡᠭ ᠮᠥᠨ᠃ ᠬᠣᠶᠠᠷ ᠤᠯᠤᠰ᠎ᠤᠨ ᠪᠠᠶ᠋ᠢᠭᠤᠯᠤᠮᠵᠢ᠂ ᠠᠵᠤ ᠠᠬᠤᠶ᠋ᠢᠯᠠᠯ᠎ᠤᠨ ᠬᠣᠭᠣᠷᠣᠨᠳᠣᠬᠢ ᠬᠠᠮᠲᠤᠷᠠᠯᠴᠠᠭ᠎ᠠ ᠤᠷᠳᠤ ᠬᠤᠭᠤᠴᠠᠭ᠎ᠠ᠎ᠪᠠᠷ ᠦᠷᠭᠦᠯᠵᠢᠯᠡᠬᠦ᠌᠎ᠶᠢ ᠬᠦᠰᠡᠵᠦ᠍ ᠪᠠᠶ᠋ᠢᠨ᠎ᠠ᠂ ᠪᠢᠳᠡ ᠪᠦᠷ ᠶᠡᠬᠡ᠎ᠪᠡᠷ ᠳᠡᠮᠵᠢᠨ᠎ᠡ》 ᠭᠡᠪᠡ᠃

ᠡᠬᠢᠯᠡᠯᠲᠡ᠎ᠶᠢᠨ ᠶᠣᠰᠣᠯᠠᠯ ᠳᠡᠭᠡᠷ᠎ᠡ ᠪᠠᠰᠠ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢᠨ ᠪᠠᠶ᠋ᠢᠳᠠᠯ᠎ᠤᠨ ᠲᠠᠨᠢᠯᠴᠠᠭᠤᠯᠭ᠎ᠠ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠂ 《ᠨᠣᠮᠢᠨ ᠨᠣᠭᠣᠭᠠᠨ ᠲᠣᠷᠭᠠᠨ ᠵᠠᠮ᠎ᠢ ᠤᠮᠳᠠᠯᠠᠵᠤ ᠡᠯᠡᠰᠦᠨ ᠲᠠᠯᠠᠢ ᠡᠴᠡ ᠠᠮᠢᠯᠠᠯ᠎ᠤᠨ ᠰᠢᠨ᠎ᠠ ᠬᠦᠴᠦᠨ ᠤᠨᠳᠤᠷᠤᠨ᠎ᠠ》 ᠥᠪᠥᠷ ᠮᠣᠩᠭᠣᠯ᠎ᠤᠨ ᠠᠮᠢ ᠠᠬᠤᠶ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠪᠠᠷᠢᠮᠲᠠᠲᠤ᠌ ᠹᠢᠯᠢᠮ᠎ᠦᠨ ᠦᠵᠡᠭᠦᠯᠭᠡ᠂ 《ᠺᠢᠨᠤ᠋ ᠵᠢᠷᠤᠭ᠎ᠲᠡᠬᠢ ᠳᠤᠮᠳᠠᠳᠤ ᠤᠯᠤᠰ》 ᠬᠡᠬᠦ ᠦᠵᠡᠵᠦ᠍ ᠰᠣᠨᠣᠰᠬᠤ ᠰᠢᠯᠢᠳᠡᠭ ᠪᠦᠲᠦᠭᠡᠯ᠎ᠢ ᠰᠣᠯᠢᠯᠴᠠᠵᠤ ᠨᠡᠪᠲᠡᠷᠡᠭᠦᠯᠬᠥ ᠡᠬᠢᠯᠡᠯᠲᠡ᠎ᠶᠢᠨ ᠶᠣᠰᠣᠯᠠᠯ᠂ 《ᠳᠤᠮᠳᠠᠳᠤ ᠤᠯᠤᠰ ᠲᠦ᠍ ᠢᠷᠡᠬᠦᠢ·ᠥᠪᠥᠷ ᠮᠣᠩᠭᠣᠯ᠎ᠳᠦ ᠰᠤᠷᠤᠯᠴᠠᠬᠤᠢ》 ᠳᠤᠮᠳᠠᠳᠤ ᠤᠯᠤᠰ᠎ᠲᠤ᠌ ᠢᠷᠡᠵᠦ᠍ ᠰᠤᠷᠤᠯᠴᠠᠬᠤ ᠰᠣᠷᠣᠭᠴᠢ ᠡᠯᠰᠡᠬᠦ᠌ ᠦᠵᠡᠭᠦᠯᠭᠡ᠂ ᠪᠢᠴᠢᠯ ᠣᠬᠣᠷ ᠵᠦᠴᠦᠭᠡ ᠪᠠ ᠰᠢᠨᠵᠢᠯᠡᠬᠦ᠌ ᠤᠬᠠᠭᠠᠨ᠎ᠤ ᠮᠡᠳᠡᠯᠬᠡ᠎ᠵᠢ ᠲᠦᠭᠡᠮᠡᠯᠵᠢᠭᠦᠯᠬᠦ᠌ ᠣᠬᠣᠷ ᠸᠢᠳᠢᠣ᠋᠎ᠶᠢᠨ ᠤᠬᠠᠭᠤᠯᠭ᠎ᠠ ᠲᠠᠨᠢᠯᠴᠠᠭᠤᠯᠭ᠎ᠠ᠂ ᠤᠷᠠᠨ ᠪᠢᠴᠢᠯᠭᠡ᠂ ᠴᠠᠭᠠᠰᠤᠨ ᠬᠠᠶ᠋ᠢᠴᠢᠯᠠᠮᠠᠯ᠂ ᠵᠣᠬᠢᠶᠠᠨ ᠪᠦᠲᠦᠭᠡᠯᠭᠡ ᠵᠢᠨ᠎ᠦᠵᠡᠭᠦᠯᠭᠡ ᠵᠡᠷᠭᠡ ᠠᠵᠢᠯᠯᠠᠭ᠎ᠠ᠎ᠶᠢ ᠵᠡᠷᠭᠡ ᠪᠡᠷ ᠡᠷᠭᠢᠯᠡᠪᠡ᠃

ᠲᠣᠰ ᠬᠤᠭᠤᠴᠠᠭᠠᠨ᠎ᠤ ᠰᠣᠶᠣᠯ᠎ᠤᠨ ᠭᠠᠷᠠᠭ᠎ᠤᠨ ᠠᠵᠢᠯᠯᠠᠭ᠎ᠠ᠎ᠵᠢ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ᠂ ᠮᠣᠩᠭᠣᠯ ᠤᠯᠤᠰ᠎ᠲᠤ᠌ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ᠎ᠤᠨ ᠶᠠᠮᠤᠨ᠂ ᠮᠣᠩᠭᠣᠯ ᠤᠯᠤᠰ᠎ᠤᠨ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠬᠢᠭᠡᠳ ᠵᠠᠯᠠᠭᠤᠴᠤᠳ᠎ᠤᠨ ᠶᠠᠮᠤᠨ᠎ᠡᠴᠡ ᠬᠠᠮᠲᠤᠷᠠᠨ ᠭᠤᠤᠯᠯᠠᠨ ᠡᠷᠭᠢᠯᠡᠵᠦ᠍᠂ 9 ᠰᠠᠷ᠎ᠠ᠎ᠶᠢᠨ 25᠎ᠤ᠋ ᠡᠳᠦᠷ ᠪᠣᠯᠲᠠᠯ᠎ᠠ ᠦᠷᠭᠦᠯᠵᠢᠯᠡᠨ᠎ᠡ᠃ ᠰᠣᠶᠣᠯ᠎ᠤᠨ ᠭᠠᠷᠠᠭ ᠨᠢ 《ᠨᠡᠭᠡᠭᠡᠯᠲᠡ᠎ᠶᠢᠨ ᠰᠢᠨ᠎ᠡ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠎ᠲᠠᠯ᠎ᠠ ᠨᠤᠲᠤᠭ᠎ᠤᠨ ᠰᠢᠨ᠎ᠡ ᠲᠣᠷᠭᠠᠨ ᠵᠠᠮ᠎ᠢ ᠬᠠᠮᠲᠤ᠎ᠪᠠᠷ ᠴᠣᠭᠴᠠᠯᠠᠶ᠎ᠠ》 ᠭᠡᠬᠦ᠌ ᠭᠤᠤᠯ ᠰᠡᠳᠦᠪ ᠤ᠋ᠨ ᠲᠣᠭᠣᠷᠢᠨ᠎ᠳᠤ ᠡᠬᠢᠯᠡᠯᠲᠡ᠎ᠶᠢᠨ ᠶᠣᠰᠣᠯᠠᠯ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢᠨ ᠪᠠᠶ᠋ᠢᠳᠠᠯ᠎ᠤᠨ ᠲᠠᠨᠢᠯᠴᠠᠭᠤᠯᠭ᠎ᠠ᠂ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠂ ᠶᠡᠷᠦᠩᠬᠡᠶ᠋ᠢᠯᠡᠭᠰᠡᠨ ᠦᠵᠡᠭᠦᠯᠭᠡ᠂ ᠤᠷᠠᠨ ᠰᠠᠶ᠋ᠢᠬᠠᠨ᠎ᠤ ᠲᠣᠭᠯᠠᠯᠲᠠ᠂ ᠮᠣᠩᠭᠣᠯ ᠤᠯᠤᠰ᠎ᠤᠨ ᠵᠠᠯᠠᠭᠤᠴᠤᠳ᠎ᠤᠨ ᠳᠠᠭᠤᠤ ᠬᠥᠭᠵᠢᠮ᠎ᠦᠨ ᠤᠷᠤᠯᠳᠤᠭᠠᠨ᠂ ᠨᠣᠮ ᠪᠢᠴᠢᠭ ᠬᠡᠪᠯᠡᠬᠦ ᠰᠣᠯᠢᠯᠴᠠᠭ᠎ᠠ᠂ ᠺᠢᠨᠤ᠋᠎ᠶᠢᠨ ᠲᠡᠯᠬᠡᠨ ᠦᠵᠡᠭᠦᠯᠭᠡ᠂ ᠪᠢᠴᠢᠯ ᠣᠬᠣᠷ ᠵᠦᠴᠦᠭᠡ᠎ᠶᠢᠨ ᠦᠵᠡᠭᠦᠯᠭᠡ᠂ ᠦᠵᠡᠵᠦ᠍ ᠰᠣᠨᠣᠰᠬᠤ ᠰᠢᠯᠢᠳᠡᠭ ᠪᠦᠲᠦᠭᠡᠯ᠎ᠦᠨ ᠰᠣᠯᠢᠯᠴᠠᠭᠠᠨ᠎ᠤ ᠦᠵᠡᠭᠦᠯᠭᠡ᠂ ᠬᠢᠲᠠᠳ (ᠮᠣᠩᠭᠣᠯ) ᠡᠮᠨᠡᠯᠭᠡ᠎ᠶᠢᠨ ᠠᠯᠪᠠᠨ ᠵᠢᠷᠤᠮ᠎ᠤᠨ ᠡᠮᠴᠢᠯᠡᠭᠡ᠂ ᠠᠭᠤᠯᠵᠠᠯᠲᠠ ᠬᠢᠬᠦ᠌ ᠬᠡᠯᠡᠯᠴᠡᠭᠡ ᠬᠢᠬᠦ᠌ ᠵᠡᠷᠭᠡ 12 ᠶᠡᠬᠡ ᠲᠦᠷᠦᠯ᠎ᠦᠨ 23 ᠵᠦᠢᠯ᠎ᠦᠨ ᠠᠵᠢᠯᠯᠠᠭ᠎ᠠ ᠵᠢ ᠨᠠᠷᠢᠯᠢᠭ ᠨᠢᠮᠪᠠᠶ ᠲᠣᠬᠢᠷᠠᠭᠤᠯᠵᠤ᠂ ᠠᠭᠤᠯᠭ᠎ᠠ ᠨᠢ ᠪᠠᠶᠠᠯᠢᠭ ᠣᠯᠠᠨ ᠡᠰᠢᠲᠦ᠍᠂ ᠡᠯ᠎ᠡ ᠵᠦᠢᠯ᠎ᠦᠨ ᠣᠨᠴᠠᠯᠢᠭᠲᠤ᠌ ᠠᠵᠢᠯᠯᠠᠭ᠎ᠠ᠎ᠶᠢᠨ ᠭᠢᠯᠠᠰ ᠴᠡᠭ ᠤᠯᠠᠨ ᠪᠠᠢᠵᠤ᠂ ᠶᠡᠬᠡ ᠬᠡᠮᠵᠢᠶᠡᠨ᠎ᠦ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠠᠵᠠ ᠲᠣᠬᠢᠶᠠᠯ ᠬᠠᠳᠠᠭᠠᠯᠠᠭᠳᠠᠵᠤ ᠪᠠᠢᠬᠤ ᠪᠡᠷ ᠪᠠᠷᠠᠬᠤ ᠦᠭᠡᠢ ᠨᠡᠩ ᠴᠤ᠌ ᠳᠤᠮᠳᠠᠳᠤ ᠮᠣᠩᠭᠣᠯ᠎ᠤᠨ ᠰᠣᠶᠣᠯ᠎ᠤᠨ ᠰᠣᠯᠢᠯᠴᠠᠭ᠎ᠠ ᠬᠠᠷᠢᠯᠴᠠᠨ ᠲᠤᠯᠢ ᠪᠤᠯᠭᠠᠬᠤ ᠬᠤᠪᠤᠷ ᠨᠠᠨᠳᠢᠨ ᠲᠠᠪᠴᠠᠩ ᠪᠣᠯᠤᠨ᠎ᠠ᠃

ᠣᠶ᠋ᠢᠯᠠᠭᠠᠭᠰᠠᠨ᠎ᠢᠶᠠᠷ᠂ ᠡᠨᠡ ᠵᠢᠯ ᠪᠣᠯᠲᠠᠯ᠎ᠠ 《ᠳᠤᠮᠳᠠᠳᠤ ᠤᠯᠤᠰ᠎ᠢ ᠤᠢᠯᠠᠭᠠᠬᠤᠢ》 ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠤᠨ ᠠᠵᠢᠯᠯᠠᠭ᠎ᠠ᠎ᠵᠢ ᠨᠢᠭᠡᠨᠲᠡ 14 ᠬᠤᠭᠤᠴᠠᠭ᠎ᠠ ᠡᠷᠭᠢᠯᠡᠵᠦ᠍᠂ ᠣᠲᠣ ᠨᠢᠭᠡᠨᠲᠡ ᠬᠣᠶᠠᠷ ᠤᠯᠤᠰ᠎ᠤᠨ ᠠᠷᠠᠳ ᠲᠦᠮᠡᠨ᠎ᠦ ᠬᠠᠷᠢᠯᠴᠠᠨ ᠣᠶ᠋ᠢᠯᠠᠭᠠᠯᠴᠠᠵᠤ ᠬᠠᠷᠢᠯᠴᠠᠨ ᠳᠣᠲᠣᠨᠣ ᠪᠠᠶ᠋ᠢᠬᠤ᠎ᠶᠢ ᠠᠬᠢᠭᠤᠯᠬᠤ ᠲᠦᠷᠦᠯ ᠲᠡᠮᠳᠡᠭᠳᠤ ᠠᠵᠢᠯᠯᠠᠭ᠎ᠠ ᠪᠣᠯᠤᠭᠰᠠᠨ ᠪᠠᠶ᠋ᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面