2026-10-21 13:42:31
9 ᠰᠠᠷ᠎ᠠ᠎ᠶᠢᠨ 28 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠪᠠᠢᠩᠭᠤ᠎ᠶᠢᠨ ᠬᠤᠷᠢᠶ᠎ᠠ ᠵᠢᠨ ᠠᠷᠪᠠᠨ ᠨᠠᠢ᠍ᠮᠠᠳᠤᠭᠠᠷ ᠬᠤᠷᠠᠯ᠎ᠤᠨ ᠪᠡᠯᠡᠳᠬᠡᠯ ᠪᠠᠢᠳᠠᠯ ᠪᠣᠯᠣᠨ ᠶᠡᠷᠦᠩᠬᠡᠢ ᠲᠣᠬᠢᠷᠠᠭᠤᠯᠤᠯᠲᠠ᠎ᠶᠢᠨ ᠲᠤᠬᠠᠢ ᠲᠠᠨᠢᠯᠴᠠᠭᠤᠯᠪᠠ᠃
ᠲᠠᠨᠢᠯᠴᠠᠭᠤᠯᠤᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ ᠦ ᠠᠷᠪᠠᠨ ᠭᠤᠷᠪᠠᠳᠤᠭᠠᠷ ᠬᠤᠭᠤᠴᠠᠭᠠᠨ ᠤ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠠᠷᠪᠠᠨ ᠨᠠᠢ᠍ᠮᠠᠳᠤᠭᠠᠷ ᠬᠤᠷᠠᠯ ᠢ 10 ᠰᠠᠷ᠎ᠠ᠎ᠶᠢᠨ 8 ᠤ᠋ ᠦᠳᠡ᠎ᠶᠢᠨ ᠬᠣᠢᠨ᠎ᠠ᠎ᠡᠴᠡ 9 ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠭᠤᠯᠬᠤ ᠪᠡᠷ ᠳᠤᠭᠳᠠᠵᠦ᠂ 《ᠤᠯᠠᠮᠵᠢᠯᠠᠯᠲᠤ ᠠᠵᠤ ᠦᠢᠯᠡᠰ᠎ᠢ 〈ᠤᠶᠤᠨᠴᠢᠯᠠᠨ ᠦᠬᠡᠷᠡᠴᠢᠯᠡᠵᠦ ᠳᠤᠭᠠᠴᠢᠯᠠᠯᠳᠠ ᠳᠡᠢᠰᠢ ᠬᠤᠪᠢᠷᠠᠭᠤᠯᠬᠤ〉᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ ᠤᠨ ᠰᠠᠭᠤᠷᠢ᠎ᠶᠢ ᠪᠡᠬᠢᠵᠢᠭᠦᠯᠬᠦ》 ᠵᠥᠪᠯᠡᠬᠦ ᠰᠡᠳᠦᠪ᠎ᠦᠨ ᠲᠣᠭᠣᠷᠢᠨ᠎ᠳᠤ ᠵᠠᠰᠠᠭ᠎ᠤᠨ ᠶᠠᠪᠤᠳᠠᠯ᠎ᠢ ᠵᠥᠪᠯᠡᠬᠦ ᠴᠢᠨᠠᠷᠲᠠᠢ ᠲᠤᠰᠬᠠᠢ ᠰᠡᠳᠦᠪᠲᠦ ᠵᠥᠪᠯᠡᠯᠬᠡ ᠬᠢᠨ᠎ᠡ᠃
ᠵᠢᠯ᠎ᠦᠨ ᠡᠬᠢᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ ᠨᠢᠬᠡ ᠪᠦᠯᠦᠭ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠤᠶᠤᠨ᠎ᠤ ᠬᠥᠮᠥᠷᠭᠡ᠎ᠶᠢᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠣᠷᠣᠨ᠎ᠤ ᠳᠣᠲᠣᠨ᠎ᠠ ᠭᠠᠳᠠᠨ᠎ᠠ ᠪᠠᠢᠴᠠᠭᠠᠨ ᠰᠤᠳᠤᠯᠵᠤ ᠰᠢᠨᠵᠢᠯᠡᠨ ᠪᠠᠢᠴᠠᠭᠠᠵᠤ᠂ ᠡᠯ᠎ᠡ ᠲᠠᠯ᠎ᠠ᠎ᠶᠢᠨ ᠰᠠᠨᠠᠯ ᠢ ᠰᠢᠩᠭᠡᠬᠡᠨ ᠠᠪᠴᠤ᠂ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ ᠠᠷᠭ᠎ᠠ ᠵᠠᠮ᠎ᠢ ᠬᠠᠮᠲᠤ ᠪᠠᠷ ᠰᠤᠳᠤᠯᠤᠨ ᠰᠦᠪᠡᠭᠴᠢᠯᠡᠵᠦ᠂ ᠴᠢᠨᠠᠷ ᠰᠠᠢᠲᠠᠢ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ ᠶᠢ ᠪᠦᠷᠢᠯᠳᠦᠭᠦᠯᠪᠡ᠃
ᠬᠤᠷᠠᠯ ᠤᠨ ᠬᠤᠭᠤᠴᠠᠭᠠᠨ᠎ᠳᠤ᠂ ᠬᠤᠯᠪᠤᠬᠳᠠᠯ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠲᠤᠰᠬᠠᠢ ᠰᠡᠳᠦᠪ᠎ᠢᠶᠡᠷ ᠬᠠᠪᠰᠤᠷᠤᠨ ᠵᠢᠯᠤᠭᠣᠳᠴᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠣᠯᠣᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠲᠤᠰᠬᠠᠢ ᠮᠡᠷᠭᠡᠵᠢᠯᠲᠡᠨ᠎ᠢ ᠲᠣᠬᠢᠷᠠᠭᠤᠯᠤᠨ ᠶᠠᠷᠢᠶ᠎ᠠ ᠢᠯᠡᠳᠬᠡᠯ ᠬᠢᠯᠬᠡᠬᠦ᠎ᠶᠢᠨ ᠬᠠᠮᠲᠤ ᠬᠠᠷᠢᠯᠴᠠᠨ ᠵᠥᠪᠯᠡᠯᠬᠡ ᠬᠢᠵᠦ᠂ ᠵᠥᠪᠯᠡᠯᠬᠡ᠎ᠶᠢᠨ ᠪᠣᠳᠠᠲᠤ ᠦᠷ᠎ᠡ ᠪᠦᠲᠦᠮᠵᠢ᠎ᠶᠢ ᠴᠢᠨᠠᠬᠰᠢᠳᠠ ᠳᠡᠭᠡᠭᠰᠢᠯᠡᠭᠦᠯᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃