ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠪᠠᠶᠠᠯᠢᠭ ᠠᠭᠤᠯᠭ᠎ᠠ ᠪᠦᠬᠦᠢ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠭᠣᠣᠯ ᠰᠡᠳᠦᠪᠲᠦ᠍ ᠠᠵᠢᠯᠯᠠᠭ᠎ᠠ ᠥᠷᠨᠢᠭᠦᠯᠪᠡ


ᠠᠯᠲᠠᠨ ᠨᠠᠮᠤᠷ ᠤ᠋ᠨ ᠲᠡᠷᠭᠡᠯ ᠰᠠᠷᠠᠨ ᠲᠤᠶᠠᠭᠠᠷᠠᠵᠤ᠂ ᠬᠠᠢᠷ᠎ᠠ ᠪᠢᠯᠬᠠᠬᠰᠡᠨ ᠲᠡᠷᠭᠡᠯ ᠪᠠᠶᠠᠷ ᠲᠤᠬᠢᠶᠠᠯ᠎ᠠ᠃ ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠣᠯᠠᠨ ᠬᠡᠯᠪᠡᠷᠢ᠎ᠶᠢᠨ ᠪᠠᠶᠠᠷ ᠳᠤᠷᠠᠰᠬᠠᠯ᠎ᠤᠨ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠍᠂ ᠠᠷᠠᠳ᠎ᠤᠨ ᠵᠠᠩ ᠦᠢᠯᠡ᠎ᠶᠢᠨ ᠰᠣᠶᠣᠯ᠎ᠢ ᠪᠠᠳᠠᠷᠠᠭᠤᠯᠵᠤ᠂ ᠬᠥᠷᠰᠢ ᠵᠡᠷᠭᠡᠯᠡᠳᠡᠭᠡ᠎ᠶᠢᠨ ᠬᠠᠶ᠋ᠢᠷ᠎ᠠ ᠰᠡᠳᠬᠢᠯᠭᠡ᠎ᠶᠢ ᠨᠢᠭᠲᠠᠷᠠᠭᠤᠯᠵᠤ᠂ ᠰᠣᠶᠣᠯ ᠵᠢᠭᠤᠯᠴᠢᠯᠠᠯ᠎ᠤᠨ ᠬᠠᠩᠭᠠᠯᠭ᠎ᠠ᠎ᠶᠢ ᠪᠠᠶᠠᠯᠢᠭᠵᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠪᠠᠶᠠᠷ ᠬᠥᠷ᠎ᠲᠡᠶ᠂ ᠥᠯᠵᠡᠶ ᠪᠡᠯᠭᠡ᠎ᠲᠡᠶ ᠠᠭᠤᠷ ᠠᠮᠢᠰᠬᠤᠯ᠎ᠤᠨ ᠳᠤᠮᠳᠠ ᠪᠣᠯᠪᠠᠰᠤᠨ ᠡᠶ᠎ᠡ ᠨᠠᠶ᠋ᠢᠷᠲᠠᠶ᠂ ᠠᠮᠤᠷ ᠠᠮᠤᠭᠤᠯᠠᠩ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠢ ᠬᠠᠮᠲᠤ᠎ᠪᠠᠷ ᠥᠩᠭᠡᠷᠡᠭᠦᠯᠦᠨ᠎ᠠ᠃

ᠠᠷᠠᠳ᠎ᠤᠨ ᠵᠠᠩ ᠦᠢᠯᠡ ᠰᠡᠳᠬᠢᠯ ᠢ᠋ ᠤᠮᠳᠠᠯᠠᠵᠤ ᠪᠠᠶᠠᠷ᠎ᠤᠨ ᠡᠳᠦᠷ᠎ᠦᠨ ᠰᠣᠶᠣᠯ᠎ᠢ ᠤᠯᠠᠮᠵᠢᠯᠠᠨ᠎ᠠ

ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠶ ᠠᠭᠤᠳᠠᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠭᠠᠷ ᠤᠷᠠᠯᠠᠯ᠎ᠢ ᠪᠡᠶᠡᠴᠢᠯᠡᠨ ᠣᠶ᠋ᠢᠯᠠᠭᠠᠬᠤ᠂ ᠰᠣᠶᠣᠯ᠎ᠤᠨ ᠬᠢᠴᠢᠶᠡᠯ᠎ᠦᠨ ᠲᠠᠩᠬᠢᠮ᠂ ᠳᠤᠮᠳᠠᠳᠤ ᠭᠠᠳᠠᠭᠠᠳᠤ᠎ᠶᠢᠨ ᠰᠣᠯᠢᠯᠴᠠᠭ᠎ᠠ ᠵᠡᠷᠭᠡ ᠭᠦᠨᠵᠡᠭᠡᠢ ᠪᠠᠶᠠᠴᠢᠯᠡᠨ ᠤᠢᠯᠠᠭᠠᠬᠤ ᠠᠵᠢᠯᠯᠠᠭ᠎ᠠ᠎ᠪᠠᠷ ᠳᠠᠮᠵᠢᠭᠤᠯᠤᠨ᠂ ᠤᠯᠠᠮᠵᠢᠯᠠᠯᠲᠤ᠌ ᠠᠷᠠᠳ᠎ᠤᠨ ᠵᠠᠩ ᠦᠢᠯᠡ᠎ᠶᠢ ᠰᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠪᠠ᠃

ᠲᠦᠩᠯᠢᠶᠣᠤ ᠬᠤᠳᠠ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠣᠷᠴᠢᠨ ᠨᠡᠶ᠋ᠢᠭᠡᠮ ᠲᠣᠭᠣᠷᠢᠭ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠶ᠋ᠢᠯᠠᠭᠠᠬᠤ ᠠᠵᠢᠯᠯᠠᠭ᠎ᠠ ᠥᠷᠨᠢᠭᠦᠯᠵᠦ᠍᠂ ᠤᠯᠠᠮᠵᠢᠯᠠᠯᠲᠤ᠌ ᠵᠠᠩ ᠦᠢᠯᠡ ᠵᠢ ᠰᠠᠭᠤᠭᠠᠯᠢ ᠠᠷᠠᠳ᠎ᠤᠨ ᠭᠡᠷ᠎ᠦᠨ ᠡᠭᠦᠳᠡᠨ᠎ᠳᠦ ᠬᠦᠷᠭᠡᠪᠡ᠃ ᠨᠡᠶ᠋ᠢᠭᠡᠮ ᠲᠣᠭᠣᠷᠢᠭ᠎ᠤᠨ ᠠᠵᠢᠯᠯᠠᠭᠠᠨ᠎ᠤ ᠬᠡᠷ᠎ᠲᠡᠬᠢ ᠮᠣᠷᠢᠨ ᠬᠤᠭᠤᠷ᠂ ᠳᠥᠷᠪᠡᠨ ᠤᠲᠠᠰᠤᠲᠤ᠌ ᠬᠤᠭᠤᠷ ᠡᠭᠡᠯᠵᠢᠯᠡᠨ ᠲᠠᠳᠠᠬᠤ᠂ ᠠᠷᠠᠰᠤᠨ ᠤᠷᠠᠯᠠᠯ᠂ ᠮᠣᠩᠭᠣᠯ ᠦᠨᠳᠦᠰᠦᠲᠡᠨ᠎ᠦ ᠬᠠᠳᠬᠤᠮᠠᠯ᠂ ᠴᠠᠭᠠᠰᠤᠨ ᠬᠠᠢᠴᠢᠯᠡᠮᠠᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠢ ᠬᠡᠷᠡᠮ ᠲᠠᠭᠠᠭᠤᠯᠤᠨ ᠳᠡᠯᠭᠡᠨ ᠦᠵᠡᠭᠦᠯᠦᠨ᠎ᠡ᠃ ᠰᠠᠭᠤᠭᠠᠯᠢ ᠠᠷᠠᠳ ᠴᠠᠭᠠᠰᠤᠨ ᠬᠠᠶ᠋ᠢᠴᠢᠯᠠᠮᠠᠯ ᠬᠠᠢᠴᠢᠯᠠᠬᠤ ᠵᠢ ᠲᠣᠭᠣᠷᠢᠨ ᠰᠠᠭᠤᠯᠴᠠᠵᠤ ᠰᠤᠷᠤᠯᠴᠠᠨ᠂ ᠡᠯ᠎ᠡ ᠵᠦᠢᠯ᠎ᠦᠨ ᠥᠯᠵᠡᠶ ᠪᠡᠯᠭᠡ᠎ᠲᠡᠶ ᠬᠡ ᠤᠭᠠᠯᠵᠠ ᠬᠠᠶ᠋ᠢᠴᠢᠯᠠᠨ ᠭᠠᠷᠭᠠᠵᠤ᠂ ᠵᠣᠬᠢᠶᠠᠨ ᠪᠦᠲᠦᠭᠡᠬᠦ᠌᠎ᠶᠢᠨ ᠳᠠᠭᠠᠤ ᠭᠡᠷ᠎ᠤᠨ ᠵᠣᠭᠣᠭ ᠳᠡᠯᠭᠡᠨ᠎ᠡ᠃

ᠤᠷᠳᠤᠰ ᠬᠤᠳᠠ᠎ᠶᠢᠨ ᠬᠢᠶ᠎ᠠ ᠪᠠᠭᠰᠢ ᠲᠣᠭᠣᠷᠢᠭ 《ᠨᠠᠢ᠍ᠮᠠᠨ ᠰᠠᠷ᠎ᠠ ᠵᠢᠨ ᠲᠡᠷᠭᠡᠯ ᠪᠠᠶᠠᠷ ᠵᠢᠡᠷ ᠠᠷᠠᠳ ᠤ᠋ᠨ ᠵᠠᠩ ᠦᠢᠯᠡ ᠵᠢᠨ ᠬᠠᠪᠤ ᠴᠡᠨᠭᠭᠡᠯ ᠢ᠋ ᠡᠳ᠋ᠯᠡᠨ᠎ᠠ》 — ᠪᠢᠳᠠᠨ ᠤ᠋ ᠪᠠᠶᠠᠷ᠎ᠤᠨ ᠡᠳᠦᠷ·ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠵᠢᠴᠢ ᠤᠷᠳᠤᠰ᠎ᠤᠨ ᠳᠤᠮᠳᠠᠳᠤ ᠭᠠᠳᠠᠭᠠᠳᠤ᠎ᠶᠢᠨ ᠨᠥᠬᠥᠷᠰᠡᠭ ᠬᠥᠮᠦᠰ᠎ᠦᠨ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠵᠦ᠍᠂ ᠤᠯᠠᠨ ᠤᠯᠤᠰ ᠤ᠋ᠨ ᠵᠠᠯᠠᠭᠤᠴᠤᠳ᠂ ᠲᠤᠰ ᠭᠠᠵᠠᠷ᠎ᠤᠨ ᠤᠯᠠᠨ ᠲᠦᠮᠡᠨ ᠵᠢᠴᠢ ᠵᠠᠯᠠᠭᠤᠴᠤᠳ ᠪᠠᠭᠠᠴᠤᠳ᠎ᠢ ᠤᠷᠢᠵᠤ ᠤᠷᠤᠯᠴᠠᠭᠤᠯᠤᠨ᠂ ᠳᠤᠮᠳᠠᠳᠤ᠎ᠶᠢᠨ ᠤᠯᠠᠮᠵᠢᠯᠠᠯᠲᠤ᠌ ᠰᠣᠶᠣᠯ᠎ᠤᠨ ᠭᠠᠢᠬᠠᠮᠰᠢᠭ ᠢ᠋ ᠬᠠᠮᠲᠤ᠎ᠪᠠᠷ ᠪᠠᠶᠠᠴᠢᠯᠡᠨ ᠤᠢᠯᠠᠭᠠᠭᠤᠯᠪᠠ᠃ ᠠᠵᠢᠯᠯᠠᠭ᠎ᠠ᠎ᠳᠤ ᠶᠧᠪᠡᠩ ᠬᠢᠬᠦ᠂ ᠰᠢᠷᠳᠤ ᠳᠡᠪᠢᠭᠦᠷ ᠬᠢᠬᠦ᠌᠂ ᠳ᠋ᠧᠩᠯᠦ᠍ DIY ᠬᠢᠬᠦ᠌ ᠵᠡᠷᠭᠡ ᠪᠡᠶᠡᠴᠢᠯᠡᠨ ᠣᠶ᠋ᠢᠯᠠᠭᠠᠬᠤ ᠲᠦᠷᠦᠯ ᠵᠦᠢᠯ ᠢ᠋ ᠲᠣᠬᠢᠷᠠᠭᠤᠯᠪᠠ᠃ ᠳᠤᠮᠳᠠᠳᠤ ᠭᠠᠳᠠᠭᠠᠳᠤ᠎ᠶᠢᠨ ᠵᠠᠯᠠᠭᠤᠴᠤᠳ ᠬᠠᠷᠢᠯᠴᠠᠨ ᠰᠣᠯᠢᠯᠴᠠᠵᠤ᠂ ᠠᠳᠠᠯᠢ ᠪᠤᠰᠤ ᠤᠯᠤᠰ᠎ᠤᠨ ᠪᠠᠶᠠᠷ᠎ᠤᠨ ᠡᠳᠦᠷ᠎ᠦᠨ ᠵᠠᠩ ᠦᠢᠯᠡ ᠵᠢ ᠬᠤᠪᠢᠶᠠᠯᠴᠠᠵᠤ᠂ ᠰᠡᠳᠬᠢᠯ ᠤ᠋ᠨ ᠵᠠᠶ᠎ᠵᠢ ᠣᠶ᠋ᠢᠷᠠᠲᠤᠭᠤᠯᠪᠠ᠃ ᠲᠤᠰ ᠤᠳᠠᠭ᠎ᠠ ᠵᠢᠨ ᠠᠵᠢᠯᠯᠠᠭ᠎ᠠ ᠨᠢ ᠤᠯᠠᠮᠵᠢᠯᠠᠯᠲᠤ᠌ ᠪᠠᠶᠠᠷ᠎ᠤᠨ ᠡᠳᠦᠷ᠎ᠢᠶᠡᠷ ᠬᠣᠯᠪᠣᠭᠠᠰᠤ ᠪᠣᠯᠭᠠᠵᠤ᠂ ᠳᠤᠮᠳᠠᠳᠤ ᠭᠠᠳᠠᠭᠠᠳᠤ᠎ᠶᠢᠨ ᠰᠣᠶᠣᠯ᠎ᠤᠨ ᠰᠣᠯᠢᠯᠴᠠᠭᠠᠨ᠎ᠤ ᠲᠠᠪᠴᠠᠩ᠎ᠢ ᠪᠠᠶ᠋ᠢᠭᠤᠯᠵᠤ᠂ ᠳᠤᠯᠠᠭᠠᠨ ᠬᠤᠳᠠ ᠤᠷᠳᠤᠰ᠎ᠤᠨ ᠰᠣᠶᠣᠯ᠎ᠤᠨ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃

ᠤᠯᠠᠭᠠᠨᠬᠠᠳᠠ ᠬᠣᠲᠠ᠎ᠶᠢᠨ ᠬᠤᠩᠱᠠᠨ ᠲᠣᠭᠣᠷᠢᠭ᠎ᠤᠨ ᠨᠠᠰᠤᠨ᠎ᠳᠤ ᠥᠯᠥ᠍ ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭᠠᠯᠠᠬᠤ ᠲᠥᠪ 《ᠨᠠᠢ᠍ᠮᠠᠨ ᠰᠠᠷ᠎ᠠ ᠵᠢᠨ ᠲᠡᠷᠭᠡᠯ ᠪᠠᠶᠠᠷ᠂ ᠬᠡᠦᠬᠡᠳ ᠪᠠᠭᠠᠴᠤᠳ ᠵᠢᠡᠨ ᠬᠠᠯᠠᠮᠵᠢᠯᠡᠨ ᠬᠠᠢᠷᠠᠯᠠᠶ᠎ᠠ》 ᠭᠡᠬᠦ ᠬᠠᠯᠠᠮᠵᠢᠯᠠᠨ ᠬᠠᠶ᠋ᠢᠷᠠᠯᠠᠬᠤ ᠠᠵᠢᠯᠯᠠᠭ᠎ᠠ ᠥᠷᠨᠢᠭᠦᠯᠵᠦ᠍᠂ ᠬᠠᠷᠢᠶ᠎ᠠ ᠣᠷᠣᠨ᠎ᠤ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠲᠦ᠍ ᠨᠠᠢ᠍ᠮᠠᠨ ᠰᠠᠷ᠎ᠠ ᠵᠢᠨ ᠲᠡᠷᠭᠡᠯ ᠪᠠᠶᠠᠷ ᠤ᠋ᠨ ᠰᠣᠶᠣᠯ᠎ᠤᠨ ᠪᠠᠶᠠᠯᠢᠭ ᠪᠠᠶᠡᠴᠢᠯᠡᠨ ᠤᠢᠯᠠᠭᠠᠯᠳᠠ ᠬᠦᠷᠳᠡᠭᠡᠪᠡ᠃ ᠠᠵᠢᠯᠯᠠᠭ᠎ᠠ ᠨᠢ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠤᠯᠠᠮᠵᠢᠯᠠᠯᠲᠤ᠌ ᠰᠣᠶᠣᠯ᠎ᠤᠨ ᠪᠢᠴᠢᠯ ᠬᠢᠴᠢᠶᠡᠯ᠎ᠦᠨ ᠲᠠᠩᠬᠢᠮ᠎ᠢᠶᠠᠷ ᠳᠠᠮᠵᠢᠭᠤᠯᠤᠨ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠡᠭᠦᠰᠦᠯ᠂ ᠤᠯᠠᠮᠵᠢᠯᠠᠯᠲᠤ᠌ ᠵᠠᠩ ᠦᠢᠯᠡ ᠵᠢ ᠲᠠᠶ᠋ᠢᠯᠪᠤᠷᠢᠯᠠᠵᠤ᠂ ᠬᠡᠦᠬᠡᠳ ᠤ᠋ᠳ᠎ᠦᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠢ ᠮᠡᠳᠡᠷᠡᠬᠦ᠌ ᠰᠡᠳᠬᠢᠯᠭᠡ ᠪᠠ ᠣᠮᠣᠭᠰᠢᠬᠤ ᠰᠡᠳᠬᠢᠯᠭᠡ᠎ᠶᠢ ᠨᠡᠮᠡᠭᠳᠡᠭᠦᠯᠪᠠ᠃

ᠪᠠᠶᠠᠨᠨᠠᠭᠤᠷ ᠬᠣᠲᠠ᠎ᠶᠢᠨ ᠤᠷᠠᠨ ᠵᠢᠷᠤᠭ᠎ᠤᠨ ᠣᠷᠳᠣᠨ᠎ᠳᠤ 《ᠶᠧᠪᠡᠩ᠎ᠦᠨ ᠬᠡᠯᠪᠡᠷᠢᠲᠡᠢ ᠴᠠᠭᠠᠰᠤᠨ ᠬᠠᠢᠷᠴᠠᠭ DIY》 ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠣᠯᠠᠨ ᠨᠡᠶ᠋ᠢᠲᠡ᠎ᠶᠢᠨ ᠬᠥᠮᠦᠵᠢᠯ᠎ᠦᠨ ᠠᠵᠢᠯᠯᠠᠭ᠎ᠠ᠎ᠶᠢ ᠡᠷᠭᠢᠯᠡᠵᠦ᠂ ᠬᠡᠪᠰᠢᠮᠡᠯ ᠵᠢᠭᠠᠨ ᠰᠤᠷᠭᠠᠯᠲᠠ᠎ᠶᠢ ᠲᠠᠶᠠᠭᠳᠠᠵᠤ᠂ ᠪᠡᠶᠡᠴᠢᠯᠡᠨ ᠤᠢᠯᠠᠭᠠᠬᠤ ᠮᠠᠶᠢᠭ᠋᠎ᠤᠨ ᠭᠠᠷ ᠤᠷᠠᠯᠠᠯ ᠵᠢᠡᠷ ᠭᠣᠣᠯ ᠪᠣᠯᠭᠠᠪᠠ᠃ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠬᠡᠥᠬᠡᠳ᠎ᠤᠳ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠭᠣᠣᠯ ᠰᠡᠳᠦᠪᠲᠦ ᠦᠵᠡᠭᠦᠯᠭᠡ ᠵᠢᠨ ᠭᠠᠷ ᠤᠷᠠᠯᠠᠯ᠎ᠢ ᠬᠢᠵᠤ᠂ ᠪᠦᠲᠦᠭᠡᠯ᠎ᠦᠳ ᠨᠢ ᠤᠷᠠᠨ ᠭᠤᠢᠳᠠ᠂ ᠤᠳᠬ᠎ᠠ ᠲᠡᠭᠦᠰ ᠪᠠᠢᠯ᠎ᠠ᠃ ᠪᠢᠴᠢᠬᠠᠨ ᠨᠠᠢᠵᠠ ᠭᠣᠸ᠋ ᠰᠢᠦᠢ ᠶᠢᠩ᠂ ᠥᠩᠭᠡᠷᠡᠭᠰᠡᠨ᠎ᠳᠦ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠢ ᠪᠡᠯᠭᠡᠯᠡᠬᠦ᠎ᠳᠦ ᠣᠯᠠᠩᠬᠢ᠎ᠳᠠᠭᠠᠨ ᠶᠧᠪᠡᠩ ᠢᠳᠡᠵᠦ᠂ ᠦᠳᠡᠰᠢᠯᠡᠭᠡ ᠦᠵᠡᠳᠡᠭ ᠪᠠᠢᠯ᠎ᠡ᠂ ᠡᠨᠡ ᠤᠳᠠᠭ᠎ᠠ ᠥᠪᠡᠷ᠎ᠦᠨ ᠭᠠᠷ᠎ᠢᠶᠠᠷ᠎ᠢᠶᠠᠨ 《ᠰᠠᠷᠠᠨ ᠬᠡᠯᠪᠡᠷᠢᠲᠦ》 ᠦᠵᠡᠭᠦᠯᠭᠡ ᠵᠢᠨ ᠭᠠᠷ ᠤᠷᠠᠯᠠᠯ ᠬᠢᠵᠦ ᠮᠠᠰᠢ ᠤᠳᠬ᠎ᠠ ᠠᠭᠤᠯᠭ᠎ᠠ ᠲᠡᠢ ᠶᠤᠰᠤᠯᠠᠯ ᠲᠡᠭᠦᠯᠳᠡᠷ ᠰᠠᠨᠠᠭᠳᠠᠯ᠎ᠠ ᠭᠡᠵᠤ ᠢᠨᠢᠶᠡᠨ ᠬᠡᠯᠡᠨ᠎ᠡ᠃

ᠬᠦᠷᠰᠢ ᠵᠡᠷᠭᠡᠯᠡᠳᠡᠭᠡ᠎ᠪᠡᠷ᠎ᠢᠶᠡᠨ ᠬᠤᠷᠠᠨ ᠴᠤᠭᠯᠠᠷᠠᠵᠤ ᠪᠦᠯᠬᠦᠮᠳᠡᠯ᠎ᠦᠨ ᠰᠢᠨ᠎ᠡ ᠰᠤᠷᠲᠠᠯ᠎ᠢ ᠬᠠᠮᠲᠤ᠎ᠪᠠᠷ ᠪᠢᠴᠢᠭᠯᠡᠨ᠎ᠡ

ᠡᠯ᠎ᠡ ᠭᠠᠵᠠᠷ᠎ᠤᠨ ᠬᠢᠨ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠵᠢᠭ᠍ᠰᠠᠭᠠᠯ᠎ᠤᠨ ᠭᠠᠵᠠᠷ᠎ᠲᠤ ᠲᠦᠰᠢᠭᠯᠡᠵᠦ᠂ ᠴᠤᠭᠯᠠᠭ᠎ᠠ ᠮᠠᠢᠮᠠᠢ᠂ ᠤᠷᠤᠯᠳᠤᠭᠠᠨ᠂ ᠬᠥᠷᠰᠢ ᠵᠡᠷᠭᠡᠯᠡᠳᠡᠭᠡ᠎ᠶᠢᠨ ᠨᠥᠬᠥᠷᠯᠡᠯ᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡ᠎ᠪᠡᠷ ᠠᠴᠢᠶᠠᠯᠠᠪᠤᠷᠢ ᠪᠣᠯᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃

ᠤᠯᠠᠭᠠᠨᠴᠠᠪ ᠬᠣᠲᠠ᠎ᠶᠢᠨ ᠡᠯ᠎ᠡ ᠬᠣᠰᠢᠭᠤ ᠰᠢᠶᠠᠨ ᠲᠣᠭᠣᠷᠢᠭ᠋᠎ᠤᠨ ᠬᠢᠨ 《ᠪᠢᠳᠡᠨ᠎ᠦ ᠪᠠᠶᠠᠷ᠎ᠤᠨ ᠡᠳᠦᠷ·ᠨᠠᠢ᠍ᠮᠠᠨ ᠰᠠᠷ᠎ᠠ᠎ᠶᠢᠨ ᠲᠡᠷᠭᠡᠯ ᠪᠠᠶᠠᠷ》 ᠰᠢᠷᠢᠰ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠠᠷᠠᠳ᠎ᠤᠨ ᠵᠠᠩ ᠳᠠᠳᠬᠠᠯ᠎ᠢ ᠪᠡᠶᠡᠴᠢᠯᠡᠨ ᠣᠢᠯᠠᠭᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠪᠣᠯᠪᠠᠰᠤᠨ᠎ᠤ ᠦᠢᠯᠡᠳᠦᠯᠭᠡ᠎ᠶᠢᠨ ᠦᠢᠯᠡᠴᠢᠯᠡᠭᠡ ᠵᠡᠷᠭᠡ ᠣᠯᠠᠨ ᠶᠠᠩᠵᠤ᠎ᠶᠢᠨ ᠠᠵᠢᠯᠯᠠᠭ᠎ᠠ᠎ᠪᠠᠷ ᠳᠠᠮᠵᠢᠭᠤᠯᠤᠨ ᠴᠠᠭ ᠦᠶ᠎ᠡ᠎ᠶᠢᠨ ᠰᠢᠨ᠎ᠡ ᠰᠤᠷᠲᠠᠯ᠎ᠢ ᠪᠠᠳᠠᠷᠠᠭᠤᠯᠪᠠ᠃ ᠵᠢᠨᠢᠩ ᠲᠣᠭᠣᠷᠢᠭ᠋᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ᠂ ᠴᠠᠬᠠᠷ ᠪᠠᠷᠠᠭᠤᠨ ᠭᠠᠷᠤᠨ ᠬᠣᠢᠲᠤ ᠬᠣᠰᠢᠭᠤ ᠵᠡᠷᠭᠡ ᠭᠠᠵᠠᠷ᠎ᠤᠨ ᠬᠢᠨ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ᠂ ᠬᠥᠷᠰᠢ ᠵᠡᠷᠭᠡᠯᠡᠳᠡᠭᠡ᠎ᠶᠢᠨ ᠨᠥᠬᠥᠷᠯᠡᠯ᠂ ᠭᠡᠷ᠎ᠦᠨ ᠰᠤᠷᠲᠠᠯ᠎ᠢ ᠤᠬᠠᠭᠤᠯᠤᠨ ᠲᠠᠢᠯᠪᠤᠷᠢᠯᠠᠬᠤ᠂ ᠬᠠᠯᠠᠭᠤᠨ ᠳᠣᠲᠣᠨᠣ᠌᠎ᠪᠠᠷ ᠲᠣᠬᠣᠨᠢᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠠᠷᠪᠢᠯᠠᠨ ᠭᠠᠮᠨᠠᠬᠤ᠂ ᠪᠠᠶᠠᠷ᠎ᠤᠨ ᠡᠳᠦᠷ᠎ᠢᠶᠡᠨ ᠪᠣᠯᠪᠠᠰᠤᠨ᠎ᠢᠶᠠᠷ ᠥᠩᠭᠡᠷᠡᠭᠦᠯᠬᠦ᠎ᠶᠢ ᠰᠠᠨᠠᠭᠠᠴᠢᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠪᠠᠶᠠᠯᠢᠭ᠋ ᠰᠠᠢᠬᠠᠨ ᠠᠵᠢᠯᠯᠠᠭ᠎ᠠ᠎ᠶᠢᠨ ᠳᠤᠮᠳᠠ ᠬᠥᠷᠰᠢ ᠵᠡᠷᠭᠡᠯᠡᠳᠡᠭᠡ᠎ᠶᠢᠨ ᠨᠥᠬᠥᠷᠯᠡᠯ᠎ᠢᠶᠡᠨ ᠵᠤᠵᠠᠭᠠᠳᠬᠠᠪᠠ᠃

ᠰᠢᠯᠢᠩᠬᠣᠲᠠ 《ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠵᠢᠡᠷ ᠰᠡᠳᠭᠢᠯ ᠬᠦᠴᠦᠨ᠎ᠢ ᠨᠢᠭᠳᠠᠷᠠᠭᠤᠯᠵᠤ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ ᠮᠡᠲᠦ ᠳᠤᠲᠤᠨᠤ》 ᠪᠥᠬᠥ ᠬᠣᠲᠠ᠎ᠶᠢᠨ ᠨᠡᠢᠭᠡᠮ ᠲᠣᠭᠣᠷᠢᠭ᠋᠎ᠤᠨ ᠰᠣᠨᠢᠷᠬᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠡᠷᠭᠢᠯᠡᠵᠦ᠂ ᠪᠤᠤᠬᠢᠶ᠎ᠠ ᠤᠷᠤᠯᠳᠤᠭᠠᠨ᠂ ᠯᠤᠤᠲᠦ ᠣᠩᠭᠣᠴᠠ ᠤᠷᠤᠯᠳᠤᠬᠤ ᠵᠡᠷᠭᠡ ᠪᠦᠯᠬᠦᠮ ᠨᠡᠶ᠋ᠢᠲᠡ᠎ᠶᠢᠨ ᠤᠷᠤᠯᠳᠤᠭᠠᠨ ᠵᠢᠴᠢ ᠰᠢᠯᠦᠭ᠎ᠤᠨ ᠦᠭᠡ ᠵᠢᠨ ᠠᠰᠠᠭᠤᠯᠲᠠ᠂ ᠥᠩᠭᠡᠲᠦ ᠳ᠋ᠧᠩ ᠦᠢᠯᠡᠳᠬᠦ ᠵᠡᠷᠭᠡ ᠪᠡᠶᠡᠴᠢᠯᠡᠨ ᠣᠢᠯᠠᠭᠠᠬᠤ ᠲᠦᠷᠦᠯ᠎ᠢ ᠲᠣᠬᠢᠷᠠᠭᠤᠯᠪᠠ᠃ ᠡᠯ᠎ᠡ ᠵᠡᠭᠡᠯᠢ ᠭᠤᠳᠤᠮᠵᠢ᠂ ᠨᠡᠢᠭᠡᠮ ᠲᠣᠭᠣᠷᠢᠭ᠋᠎ᠡᠴᠡ ᠢᠷᠡᠭᠰᠡᠨ 14 ᠪᠠᠭ᠎ᠤᠨ 160 ᠬᠥᠮᠥᠨ ᠤᠷᠤᠯᠳᠤᠭᠠᠨ᠎ᠳᠤ ᠣᠷᠣᠯᠴᠠᠪᠠ᠃ ᠤᠯᠠᠨ᠎ᠢᠶᠠᠷ᠎ᠢᠶᠠᠨ ᠬᠠᠮᠵᠢᠯᠴᠠᠨ ᠦᠷᠢᠰᠦᠯᠳᠦᠵᠤ᠂ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠢᠯ᠎ᠠ᠃

ᠦᠬᠠᠢ ᠬᠤᠳᠠ᠎ᠶᠢᠨ ᠬᠠᠢᠷᠤᠪ᠎ᠤᠨ ᠲᠣᠬᠣᠢ ᠲᠣᠭᠣᠷᠢᠭ᠋᠎ᠤᠨ ᠯᠢᠨ ᠶᠢᠨ ᠵᠡᠭᠡᠯᠢ ᠭᠤᠳᠤᠮᠵᠢ᠎ᠶᠢᠨ ᠬᠠᠢ ᠰᠢᠨ ᠨᠡᠢᠭᠡᠮ ᠲᠣᠭᠣᠷᠢᠭ᠋᠎ᠤᠨ ᠬᠢᠨ ᠬᠠᠷᠢᠶ᠎ᠠ ᠲᠣᠭᠣᠷᠢᠭ᠋᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠵᠣᠬᠢᠶᠠᠨ ᠪᠠᠢᠭᠤᠯᠵᠤ 《ᠬᠥᠷᠰᠢ ᠰᠠᠭᠠᠬᠠᠯᠲᠠ᠎ᠲᠠᠢ ᠪᠠᠨ ᠴᠤᠬᠯᠠᠷᠠᠵᠦ ᠭᠡᠷ ᠣᠷᠣᠨ᠎ᠢᠶᠠᠨ ᠬᠠᠮᠲᠤ᠎ᠪᠠᠷ ᠴᠣᠭᠴᠠᠯᠠᠬᠤ》 ᠭᠤᠷᠪᠠᠳᠤᠭᠠᠷ ᠬᠤᠭᠤᠴᠠᠭᠠᠨ᠎ᠤ ᠬᠥᠷᠰᠢ ᠰᠠᠭᠠᠬᠠᠯᠲᠠ᠎ᠶᠢᠨ ᠵᠠᠭᠤᠨ ᠡᠷᠦᠬᠡ ᠵᠢᠨ ᠳᠠᠶ᠋ᠢᠯᠠᠯᠭ᠎ᠠ ᠵᠢᠨ ᠠᠵᠢᠯᠯᠠᠭ᠎ᠠ ᠡᠷᠬᠢᠯᠡᠪᠡ᠃ ᠰᠠᠭᠤᠭᠠᠯᠢ ᠠᠷᠡᠳ᠎ᠤᠳ ᠬᠠᠮᠲᠤ ᠪᠡᠷ ᠠᠮᠢᠳᠤᠷᠠᠯ᠎ᠤᠨ ᠵᠢᠵᠢᠭ ᠰᠠᠵᠢᠭ᠋ ᠵᠦᠢᠯ᠎ᠢᠶᠡᠨ ᠠᠭᠤᠵᠢᠷᠠᠲᠠᠯ᠎ᠠ ᠶᠠᠷᠢᠯᠴᠠᠵᠤ᠂ ᠨᠡᠢᠭᠡᠮ ᠲᠣᠭᠣᠷᠢᠭ᠋᠎ᠤᠨ ᠠᠵᠢᠯᠲᠠᠳ ᠪᠠᠰᠠ ᠣᠯᠠᠨ ᠲᠦᠮᠡᠨ᠎ᠳᠦ ᠳᠡᠷᠬᠡᠯ ᠰᠠᠷᠡᠨ᠎ᠤ ᠪᠡᠶᠡᠷ᠎ᠤᠨ ᠪᠡᠯᠡᠭ ᠬᠦᠷᠭᠡᠵᠡᠢ᠃

ᠠᠯᠠᠱᠠ ᠵᠡᠭᠦᠨ ᠬᠣᠰᠢᠭᠤᠨ᠎ᠤ ᠥᠭᠡᠯᠡᠳ ᠵᠡᠭᠡᠯᠢ ᠭᠤᠳᠤᠮᠵᠢ᠎ᠶᠢᠨ ᠽᠢ ᠶᠤᠸᠠᠨ ᠬᠤᠸᠠ ᠲᠢᠩ ᠨᠡᠢᠭᠡᠮ ᠲᠣᠭᠣᠷᠢᠭ᠋ ᠨᠢ ᠣᠯᠠᠨ ᠨᠢᠭᠡᠴᠢ᠎ᠲᠠᠢ ᠬᠣᠯᠪᠤᠭᠠᠯᠠᠨ᠂ ᠰᠤᠷᠤᠭ᠍ᠴᠢᠳ ᠪᠠ ᠰᠠᠭᠤᠭᠠᠯᠢ ᠠᠷᠠᠳ᠎ᠢ ᠵᠣᠬᠢᠶᠠᠨ ᠪᠠᠢᠭᠤᠯᠵᠤ᠂ ᠳᠡᠷᠬᠡᠯ ᠰᠠᠷᠡᠨ᠎ᠤ ᠪᠠᠶᠠᠷ ᠲᠤ᠌ ᠵᠤᠷᠢᠭᠤᠯᠤᠭᠰᠠᠨ ᠭᠣᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠲᠤᠬᠠᠢ᠎ᠶᠢᠨ ᠲᠠᠯᠠᠪᠠᠶ᠎ᠳᠤ ᠨᠢᠳᠤ ᠪᠡᠨ ᠪᠦᠳᠡᠬᠡᠵᠦ ᠣᠷᠣᠨ᠎ᠳᠠᠭᠠᠨ ᠠᠯᠬᠤᠬᠤ᠂ ᠣᠨᠢᠰᠤᠭ᠎ᠠ ᠳᠠᠭᠠᠬᠤ᠂ ᠭᠠᠷ ᠤᠷᠠᠯᠠᠯ ᠬᠢᠬᠦ ᠵᠡᠷᠭᠡ ᠲᠥᠷᠥᠯ ᠵᠦᠢᠯ ᠳᠤᠬᠢᠷᠠᠭᠤᠯᠵᠦ᠂ ᠨᠡᠢᠭᠡᠮ ᠲᠣᠭᠣᠷᠢᠭ᠋᠎ᠤᠨ ᠤᠷᠠᠯᠢᠭ᠋᠎ᠤᠨ ᠪᠦᠯᠬᠦᠮ ᠪᠠ ᠰᠤᠷᠤᠭ᠍ᠴᠢᠳ 《ᠡᠬᠡ ᠤᠯᠤᠰ᠎ᠢᠶᠠᠨ ᠮᠠᠭᠲᠠᠨ ᠳᠠᠭᠤᠯᠠᠶ᠎ᠠ》 ᠵᠡᠷᠭᠡ ᠳᠤᠭᠯᠠᠯᠳᠠ ᠭᠠᠷᠭᠠᠵᠡᠢ᠃

ᠰᠣᠶᠣᠯ ᠵᠢᠭᠤᠯᠴᠢᠯᠠᠯ᠎ᠤᠨ ᠠᠵᠢᠯᠯᠠᠭ᠎ᠠ ᠦᠷᠨᠢᠬᠦᠯᠵᠦ ᠠᠮᠠᠷᠠᠯᠲᠠ᠎ᠶᠢᠨ ᠪᠠᠶᠠᠷ ᠪᠠᠬᠠᠳᠤᠯ᠎ᠢ ᠬᠤᠪᠢᠶᠡᠯᠴᠠᠨ ᠡᠳ᠋ᠯᠡᠨ᠎ᠠ

ᠪᠥᠬᠥ ᠣᠷᠣᠨ᠎ᠤ ᠡᠯ᠎ᠡ ᠭᠠᠵᠠᠷ᠎ᠤᠨ ᠬᠢᠨ ᠰᠣᠶᠣᠯ ᠵᠢᠭᠤᠯᠴᠢᠯᠠᠯ᠂ ᠪᠡᠶ᠎ᠡ᠎ᠶᠢᠨ ᠲᠠᠮᠢᠷ᠎ᠤᠨ ᠡᠬᠢ ᠪᠠᠶᠠᠯᠢᠭ᠋᠎ᠢ ᠨᠡᠢᠳᠭᠡᠵᠦ᠂ ᠣᠯᠠᠨ ᠲᠦᠮᠡᠨ᠎ᠦ ᠠᠮᠠᠷᠠᠯᠲᠠ᠎ᠶᠢᠨ ᠡᠳᠦᠷ᠎ᠦᠨ ᠠᠮᠢᠳᠤᠷᠠᠯ᠎ᠢ ᠪᠠᠶᠠᠯᠢᠭ᠍ᠵᠢᠭᠤᠯᠵᠦ ᠪᠠᠢᠨ᠎ᠠ᠃

ᠬᠥᠬᠡᠬᠣᠲᠠ᠎ᠶᠢᠨ ᠬᠢᠨ ᠪᠣᠭᠣᠮᠲᠠ᠎ᠶᠢᠨ ᠭᠠᠳᠠᠨᠠᠬᠢ ᠬᠠᠭᠤᠴᠢᠨ ᠵᠡᠭᠡᠯᠢ᠂ ᠶᠡᠬᠡ ᠲᠦᠷᠭᠡᠨ ᠭᠣᠣᠯ᠎ᠤᠨ ᠴᠡᠷᠢᠭ᠎ᠦᠨ ᠶᠠᠪᠤᠳᠠᠯ᠎ᠤᠨ ᠰᠣᠶᠣᠯ᠎ᠤᠨ ᠴᠡᠴᠡᠷᠯᠢᠭ᠂ ᠬᠦᠬᠡᠳᠡᠯ᠎ᠠ᠂ ᠢᠯᠢ ᠵᠢᠨ ᠣᠶᠤᠨᠴᠢ ᠡᠷᠡᠭᠦᠯ ᠮᠡᠨᠳᠦ᠎ᠶᠢᠨ ᠬᠦᠨᠳᠡᠢ ᠵᠡᠷᠭᠡ ᠳᠦᠷᠪᠡᠨ ᠶᠡᠬᠡ ᠭᠣᠣᠯ ᠲᠠᠯᠠᠪᠤᠷ᠎ᠢᠶᠠᠷ ᠠᠴᠢᠶᠠᠯᠠᠪᠤᠷᠢ ᠪᠣᠯᠭᠠᠵᠤ᠂ ᠦᠵᠡᠮᠵᠢ᠎ᠶᠢᠨ ᠣᠷᠣᠨ᠂ ᠮᠦᠽᠧᠢ᠂ ᠬᠤᠳᠠᠯᠳᠤᠭᠠᠨ᠎ᠤ ᠲᠣᠭᠣᠷᠢᠭ᠋ ᠵᠢᠴᠢ ᠡᠯ᠎ᠡ ᠬᠣᠰᠢᠭᠤ ᠰᠢᠶᠠᠨ ᠲᠣᠭᠣᠷᠢᠭ᠋᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠵᠦ᠂ 《ᠨᠢᠭᠡ ᠭᠠᠵᠠᠷ ᠨᠢᠭᠡ ᠦᠵᠡᠮᠵᠢ᠎ᠲᠠᠢ᠂ ᠪᠦᠬᠦ ᠬᠤᠳᠠ ᠪᠡᠷ ᠵᠢᠡᠨ ᠰᠠᠷᠠ ᠰᠣᠨᠢᠷᠬᠠᠬᠤ》 ᠠᠵᠢᠯᠯᠠᠭᠠᠨ᠎ᠤ ᠵᠢᠭ᠍ᠰᠠᠭᠠᠯ᠎ᠢ ᠪᠠᠢᠭᠤᠯᠪᠠ᠃ ᠪᠣᠭᠣᠮᠲᠠ᠎ᠶᠢᠨ ᠭᠠᠳᠠᠨᠠᠬᠢ ᠬᠠᠭᠤᠴᠢᠨ ᠵᠡᠭᠡᠯᠢ ᠨᠢ ᠰᠠᠷᠠᠨ ᠣᠷᠳᠣᠨ᠎ᠬᠡᠬᠦ ᠭᠣᠣᠯ ᠰᠡᠳᠦᠪᠲᠦ ᠵᠦᠴᠦᠭᠡ ᠳᠤᠬᠢᠷᠠᠭᠤᠯᠵᠦ᠂ NPC ᠬᠠᠷᠢᠯᠴᠠᠨ ᠬᠥᠳᠡᠯᠦᠯᠴᠡᠬᠦ᠂ ᠰᠠᠷᠠᠨ᠎ᠤ ᠳᠣᠣᠷᠠᠬᠢ ᠳᠠᠭᠳᠤ ᠳᠠᠭᠤᠤ ᠬᠥᠭᠵᠢᠮ᠎ᠦᠨ ᠴᠤᠭᠯᠠᠭᠠᠨ ᠵᠡᠷᠭᠡ ᠠᠵᠢᠯᠯᠠᠭ᠎ᠠ ᠦᠷᠨᠢᠬᠦᠯᠵᠦ᠂ ᠶᠡᠬᠡ ᠲᠦᠷᠭᠡᠨ ᠭᠣᠣᠯ᠎ᠤᠨ ᠴᠡᠷᠢᠭ᠎ᠤᠨ ᠶᠠᠪᠤᠳᠠᠯ᠎ᠤᠨ ᠰᠣᠶᠣᠯ᠎ᠤᠨ ᠴᠡᠴᠡᠷᠯᠢᠭ ᠨᠢ ᠳᠤᠮᠳᠠᠳᠤ ᠵᠢᠨ ᠬᠡᠪ ᠨᠠᠮᠪᠠ ᠪᠦᠬᠦᠢ ᠤᠷᠤᠰᠬᠠᠯ ᠳᠠᠭᠤᠤ ᠬᠥᠭᠵᠢᠮ᠎ᠦᠨ ᠦᠳᠡᠰᠢᠯᠡᠬᠡ ᠬᠢᠵᠦ᠂ ᠬᠦᠬᠡᠳᠡᠯ᠎ᠠ ᠵᠢᠨ ᠨᠡᠷᠡᠨ ᠠᠭᠤᠳᠠᠮ ᠲᠠᠯᠠᠪᠠᠢ᠎ᠨᠢ ᠨᠢ᠋ᠮᠠᠨ ᠰᠠᠷ᠎ᠠ ᠵᠢᠨ ᠠᠷᠪᠡᠨ ᠳᠠᠪᠤᠨ᠎ᠤ ᠨᠠᠷᠠᠨ ᠵᠢᠷᠭᠠᠵᠤ ᠰᠠᠷᠠᠨ ᠮᠠᠨᠳᠤᠬᠤ ᠬᠤᠷᠤᠮ ᠬᠡᠬᠦ ᠳᠠᠭᠤᠤ ᠬᠥᠭᠵᠢᠮ᠎ᠦᠨ ᠦᠳᠡᠰᠢᠯᠡᠭᠡ ᠡᠷᠬᠢᠯᠡᠪᠡ᠃

ᠪᠤᠭᠤᠲᠤ ᠬᠤᠳᠠ 《ᠬᠣᠣᠰ ᠪᠠᠶᠠᠷ᠎ᠤᠨ ᠡᠳᠦᠷ》 ᠤ᠋ᠨ ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠎ᠠ ᠥᠷᠨᠢᠭᠦᠯᠪᠡ᠃ 《ᠲᠡᠭᠷᠢ᠎ᠶᠢᠨ ᠳᠣᠣᠷᠠᠬᠢ ᠬᠠᠳᠤᠨ ᠭᠣᠣᠯ᠎ᠤᠨ ᠨᠢᠭᠡᠳᠦᠭᠡᠷ ᠲᠣᠰᠬᠣᠨ》 ᠬᠡᠮᠡᠭᠳᠡᠭᠰᠡᠨ ᠬᠤᠸᠠ ᠵᠢᠶᠠᠩ ᠶᠢᠩᠽᠢ ᠲᠣᠰᠬᠣᠨ᠎ᠳᠤ 《ᠶᠡᠬᠡ ᠭᠣᠣᠯ᠎ᠤᠨ ᠬᠥᠪᠡᠭᠡᠨ᠎ᠳᠦ ᠬᠣᠣᠰ ᠪᠠᠶᠠᠷ ᠵᠢᠡᠨ ᠬᠠᠮᠲᠤ᠎ᠪᠠᠷ ᠪᠡᠯᠭᠡᠯᠡᠶ᠎ᠡ》 ᠭᠡᠬᠦ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠤᠯᠤᠰ᠎ᠤᠨ ᠪᠠᠶᠠᠷ ᠤ᠋ᠨ ᠴᠡᠩᠬᠡᠬᠦᠨ ᠨᠠᠢᠷ ᠡᠷᠬᠢᠯᠡᠵᠦ᠂ 《ᠪᠣᠳᠠᠰ᠎ᠤᠨ ᠪᠤᠰᠤ ᠰᠣᠶᠣᠯ᠎ᠤᠨ ᠥᠪ + ᠤᠯᠤᠰ᠎ᠤᠨ ᠭᠡᠪ ᠨᠠᠮᠪᠠ》 ᠪᠡᠷ ᠭᠣᠣᠯ ᠱᠤᠭᠤᠮ ᠪᠤᠯᠭᠠᠵᠤ᠂ ᠥᠨᠳᠥᠷ ᠣᠭᠲᠠᠷᠭᠤᠢ᠎ᠳᠤ ᠠᠷᠰᠯᠠᠨ ᠳᠤᠬᠯᠠᠭᠤᠯᠬᠤ᠂ ᠬᠤᠸᠠᠷ ᠫᠤᠤᠵᠢᠩ᠎ᠤᠨ ᠦᠵᠡᠭᠦᠯᠭᠡ ᠵᠡᠷᠭᠡ ᠭᠢᠯᠠᠰ ᠴᠡᠭ ᠪᠦᠬᠦᠢ ᠫᠷᠣᠭ᠌ᠷᠠᠮ᠎ᠢ ᠴᠤᠭᠯᠠᠭᠤᠯᠵᠤ᠂ ᠡᠳᠦᠷ᠎ᠨᠢ ᠲᠤᠭᠤᠷᠢᠨ ᠵᠢᠭᠤᠯᠴᠢᠯᠠᠯ᠎ᠳᠦ ᠰᠤᠬᠳᠤᠭᠤᠷᠠᠵᠤ᠂ ᠦᠳᠡᠰᠢ᠎ᠳᠡᠭᠡᠨ ᠭᠡᠷᠡᠯ ᠰᠡᠭᠦᠳᠡᠷ᠎ᠤᠨ ᠦᠪᠡᠳᠡᠭᠰᠢ ᠳᠠᠶ᠋ᠢᠯᠠᠯᠭ᠎ᠠ᠎ᠶᠢ ᠰᠣᠨᠢᠷᠬᠠᠨ᠎ᠠ᠃

ᠬᠥᠯᠥᠨ ᠪᠤᠶ᠋ᠢᠷ ᠬᠣᠲᠠ᠎ᠶᠢᠨ ᠬᠠᠢᠯᠠᠷ ᠲᠣᠭᠣᠷᠢᠭ᠋᠎ᠲᠤ ᠪᠢᠳᠡᠨ᠎ᠤ ᠪᠠᠶᠠᠷ᠎ᠤᠨ ᠡᠳᠦᠷ 《ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠢ ᠪᠠᠶᠠᠷᠯᠠᠨ ᠤᠭᠲᠤᠵᠤ ᠬᠥᠷᠰᠢ ᠵᠡᠷᠭᠡᠯᠡᠳᠡᠭᠡ᠎ᠪᠡᠨ ᠪᠠᠶᠠᠷᠯᠠᠭᠤᠯᠤᠶ᠎ᠠ》 ᠭᠡᠬᠦ 7 ᠤᠳᠠᠭᠠᠨ᠎ᠤ ᠰᠢᠷᠢᠰ ᠭᠣᠣᠯ ᠰᠡᠳᠦᠪᠲᠦ ᠠᠵᠢᠯᠯᠠᠭ᠎ᠠ᠎ᠶᠢ ᠥᠷᠨᠢᠭᠦᠯᠵᠦ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ 9 ᠦᠢᠯᠡᠳᠦᠯᠭᠡ᠎ᠶᠢᠨ ᠦᠷᠳᠡᠭᠡ᠎ᠶᠢ ᠬᠠᠮᠤᠷᠴᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠵᠤ᠂ ᠴᠡᠷᠢᠭ᠎ᠢᠶᠡᠨ ᠬᠦᠷᠢᠶᠡᠯᠡᠨ ᠴᠡᠷᠢᠭ᠎ᠢᠶᠡᠨ ᠬᠠᠢᠷᠠᠯᠠᠬᠤ᠂ ᠬᠠᠤᠯᠢ ᠪᠡᠷ ᠵᠠᠰᠠᠬᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ᠂ ᠠᠮᠤᠷ ᠠᠮᠤᠭᠤᠯᠠᠩ᠎ᠤᠨ ᠪᠠᠢᠭᠤᠯᠤᠯᠲᠠ ᠵᠡᠷᠭᠡ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ᠂ ᠬᠠᠤᠯᠢ ᠴᠠᠭᠠᠵᠠ᠎ᠶᠢ ᠲᠦᠭᠡᠮᠡᠯᠵᠢᠭᠦᠯᠵᠦ ᠤᠬᠠᠭᠤᠯᠤᠨ ᠲᠠᠢᠯᠪᠤᠷᠢᠯᠠᠬᠤ᠂ ᠮᠡᠳᠡᠯᠭᠡ᠎ᠶᠢᠨ ᠤᠷᠤᠯᠳᠤᠭᠠᠨ᠂ ᠤᠷ᠎ᠠ ᠴᠢᠳᠠᠪᠤᠷᠢ᠎ᠶᠢᠨ ᠦᠵᠡᠭᠦᠯᠭᠡ᠎ᠶᠢᠨ ᠲᠣᠬ᠍ᠯᠠᠯᠲᠠ᠂ ᠶᠧᠪᠡᠩ᠎ᠦᠨ ᠭᠠᠷ ᠤᠷᠠᠯᠠᠯ᠎ᠤᠨ ᠦᠢᠯᠡᠳᠬᠡᠯ᠂ ᠠᠯᠪᠠᠨ ᠵᠢᠷᠤᠮ᠎ᠤᠨ ᠡᠮᠴᠢᠯᠡᠭᠡ ᠵᠡᠷᠭᠡ ᠠᠵᠢᠯᠯᠠᠭ᠎ᠠ᠎ᠶᠢ ᠥᠷᠨᠢᠭᠦᠯᠵᠦ᠂ ᠠᠮᠠᠷᠠᠯᠲᠠ᠎ᠶᠢᠨ ᠡᠳᠦᠷ᠎ᠦᠨ ᠰᠣᠶᠣᠯ᠎ᠤᠨ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠤᠯᠠᠨ ᠲᠦᠮᠡᠨ᠎ᠳᠦ ᠭᠡᠷ᠎ᠤᠨ ᠡᠬᠦᠳᠡᠨ ᠳ᠋ᠡᠭᠡᠨ ᠪᠠᠶᠠᠷ᠎ᠤᠨ ᠡᠳᠦᠷ᠎ᠦᠨ ᠲᠠᠩᠰᠤᠭ ᠵᠢᠷᠭᠠᠯ᠎ᠢ ᠡᠳ᠋ᠯᠡᠭᠦᠯᠦᠭᠰᠡᠨ ᠪᠠᠢᠨ᠎ᠠ᠃

ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠤᠶᠤᠯ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ᠎ᠳᠦ 《ᠪᠤᠳᠠᠰ᠎ᠤᠨ ᠪᠤᠰᠤ ᠰᠣᠶᠣᠯ᠎ᠤᠨ ᠥᠪ ᠵᠢᠨᠷ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠢ ᠤᠮᠳᠠᠯᠠᠵᠤ·ᠰᠡᠳᠬᠢᠯ ᠨᠢᠭᠡᠳᠡᠢ ᠪᠡᠷ ᠤᠯᠤᠰ᠎ᠤᠨ ᠪᠠᠶᠠᠷ ᠵᠢᠨᠨ ᠮᠠᠭᠳᠠᠨ ᠲᠠᠭᠤᠯᠠᠨ᠎ᠠ》᠂ 2026 ᠤᠨ 《ᠪᠢᠳᠡᠨ᠎ᠤ ᠪᠠᠶᠠᠷ᠎ᠤᠨ ᠡᠳᠦᠷ ·ᠨᠠᠢ᠍ᠮᠠᠨ ᠰᠠᠷ᠎ᠠ ᠵᠢᠨ ᠲᠡᠷᠭᠡᠯ ᠪᠠᠶᠠᠷ》 ᠬᠡᠬᠦ ᠭᠣᠣᠯ ᠰᠡᠳᠦᠪᠲᠦ ᠰᠣᠶᠣᠯ᠎ᠤᠨ ᠠᠵᠢᠯᠯᠠᠭ᠎ᠠ ᠡᠷᠭᠢᠯᠡᠵᠦ᠂ ᠪᠤᠳᠠᠰ᠎ᠤᠨ ᠪᠤᠰᠤ ᠰᠣᠶᠣᠯ᠎ᠤᠨ ᠥᠪ᠎ᠦᠨ ᠪᠡᠶᠡᠴᠢᠯᠡᠨ ᠣᠢᠯᠠᠭᠠᠯᠲᠠ᠂ ᠤᠷᠠᠨ ᠰᠠᠢᠬᠠᠨ᠎ᠤ ᠬᠠᠮᠲᠤᠷᠠᠭᠰᠠᠨ ᠲᠣᠬ᠍ᠯᠠᠯᠲᠠ᠂ ᠰᠢᠯᠦᠭ ᠳᠠᠭᠤᠯᠠᠯ᠎ᠤᠨ ᠢᠷᠠᠭᠤ ᠲᠡᠭᠦᠪᠦᠷᠢ᠂ ᠡᠯᠪᠡᠭ ᠬᠤᠷᠢᠶᠠᠯᠲᠠ᠎ᠶᠢᠨ ᠤᠷᠤᠯᠳᠤᠭᠠᠨ᠂ ᠴᠡᠴᠡᠷᠯᠢᠭ᠎ᠢᠶᠡᠷ ᠲᠣᠭᠣᠷᠢᠨ ᠬᠣᠷᠰᠢᠯᠴᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠳᠦᠯᠭᠡ ᠵᠡᠷᠭᠡ ᠵᠢᠷᠭᠤᠭᠠᠨ ᠲᠣᠮᠣ᠌ ᠬᠡᠰᠡᠭ ᠢ᠋ ᠲᠣᠬᠢᠷᠠᠭᠤᠯᠤᠭᠰᠠᠨ ᠪᠠᠢᠨ᠎ᠠ᠃ ᠭᠣᠣᠯ ᠲᠠᠢᠰᠠᠨ᠎ᠤ ᠤᠷᠠᠨ ᠰᠠᠢᠬᠠᠨ᠎ᠤ ᠲᠣᠬ᠍ᠯᠠᠯᠲᠠ ᠭᠣᠢᠳᠠ ᠰᠠᠢᠬᠠᠨ ᠪᠠᠢᠵᠤ᠂ ᠰᠢᠯᠦᠭ ᠳᠠᠭᠤᠯᠠᠯ᠎ᠤᠨ ᠤᠷᠠᠨ ᠤᠩᠰᠢᠯᠭ᠎ᠠ᠎ᠶᠢᠨ ᠴᠤᠭᠯᠠᠭᠠᠨ᠂ ᠭᠣᠣᠯ ᠰᠡᠳᠦᠪᠲᠦ ᠨᠣᠮ᠎ᠤᠨ ᠦᠵᠡᠬᠦᠯᠭᠡ᠂ ᠡᠯᠪᠡᠭ ᠬᠤᠷᠢᠶᠠᠯᠲᠠ᠎ᠶᠢᠨ ᠰᠣᠨᠢᠷᠬᠠᠯᠳᠤ ᠪᠡᠶ᠎ᠡ᠎ᠶᠢᠨ ᠲᠠᠮᠢᠷ᠎ᠤᠨ ᠴᠤᠭᠯᠠᠭᠠᠨ᠂ ᠣᠨᠢᠰᠤᠭ᠎ᠠ ᠲᠠᠭᠠᠭᠠᠬᠤ ᠴᠤᠭᠯᠠᠭᠠᠨ ᠭᠦᠷ ᠬᠥᠭᠵᠢᠶᠡᠨ᠎ᠲᠠᠢ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠲᠤᠬᠠᠢ᠎ᠶᠢᠨ ᠲᠠᠯᠠᠪᠠᠢ᠎ᠳᠤ ᠪᠠᠰᠠ ᠠᠯᠪᠠᠨ ᠵᠢᠷᠤᠮ᠎ᠤᠨ ᠡᠮᠴᠢᠯᠡᠭᠡ᠂ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠵᠡᠷᠭᠡ ᠠᠷᠠᠳ᠎ᠲᠤ ᠠᠰᠢᠭ᠋ ᠬᠦᠷᠲᠡᠭᠡᠬᠦ ᠦᠢᠯᠡᠴᠢᠯᠡᠭᠡ ᠬᠠᠩᠭᠠᠵᠠᠢ᠃

(ᠰᠤᠷᠪᠤᠯᠵᠢᠯᠠᠬ᠍ᠴᠢ ᠯᠢ ᠵᠢᠶᠠ ᠢᠦᠢ ᠪᠤᠶᠠᠠᠠᠨᠡᠷᠢᠯ ᠯᠢ ᠰᠢᠦᠸᠠᠢ ᠶᠣᠣ ᠪᠤᠢ᠍ᠧᠧ᠎ᠶᠢᠨ ᠹᠧᠩ ᠬᠠᠢ ᠵᠢᠶᠦ᠋ᠨ ᠵᠦ᠍ ᠶᠤᠸᠠᠨ ᠯᠢ ᠬᠤᠤ ᠪᠢᠶᠣᠣ ᠯᠢᠦ ᠬᠤᠩ ᠵᠠᠩ ᠬᠤᠸᠠᠩ ᠹᠦ᠋ ᠰᠢᠸ᠋ ᠯᠢᠩ ᠰᠦᠩ ᠠ ᠨᠠᠨ ᠯᠢᠶᠠᠩ ᠯᠢᠶᠠᠩ ᠭᠣᠤ ᠮᠢᠨ ᠨᠠ ᠵᠣᠤ ᠮᠢᠨ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面