2026-10-21 13:42:33
— ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭ᠎ᠠ ᠶ᠋ᠢᠨ 30 ᠵᠢᠯ ᠤ᠋ᠨ ᠤᠢ ᠶ᠋ᠢᠨ ᠲᠠᠰᠢᠷᠠᠮ ᠳ᠋ᠦ
ᠪᠡᠭᠡᠵᠢᠡᠭ ᠦᠪᠦᠷ ᠮᠤᠡᠭᠭᠤᠯ ᠠᠭᠤᠯᠠ ᠨᠢᠷᠤᠭᠤ ᠪᠡᠷ ᠬᠤᠯᠪᠤᠯᠳᠤᠨ ᠤᠷᠤᠰᠬᠠᠯ ᠤᠰᠤ ᠪᠡᠷ ᠵᠠᠯᠭᠠᠯᠳᠤᠵᠤ ᠪᠠᠢᠳᠠᠭ᠃ 1996 ᠣᠨ ᠳ᠋ᠤ ᠨᠠᠮ ᠤ᠋ᠨ ᠲᠥᠪ ᠬᠣᠷᠢᠶ᠎ᠠ ᠡᠴᠡ ᠬᠥᠭᠵᠢᠭᠰᠡᠨ ᠮᠤᠵᠢ ᠬᠣᠲᠠ ᠵᠢ ᠪᠠᠷᠠᠭᠤᠨ ᠪᠠᠶ᠎ᠠ ᠵᠢᠨ ᠶᠠᠳᠠᠭᠤ ᠬᠦᠴᠢᠷᠳᠡᠯᠲᠡᠶ ᠭᠠᠵᠠᠷ ᠣᠷᠣᠨ ᠢ᠋ ᠬᠠᠪᠰᠤᠷᠤᠨ ᠲᠡᠳᠭᠦᠬᠦᠯᠬᠦ ᠪᠡᠷ ᠲᠤᠬᠢᠷᠠᠭᠤᠯᠤᠭᠰᠠᠨ ᠡᠴᠡ ᠨᠠᠭᠠᠰᠢ᠂ ᠪᠡᠭᠡᠵᠢᠩ ᠬᠣᠲᠠ ᠪᠤᠯᠤᠨ ᠥᠪᠥᠷ ᠮᠣᠩᠭᠣᠯ ᠠᠵᠤ ᠦᠢᠯᠡᠰ ᠤ᠋ᠨ ᠬᠥᠭᠵᠢᠯᠲᠡ᠂ ᠵᠠᠬ᠎ᠠ ᠳᠡᠯᠭᠡᠭᠦᠷ ᠤ᠋ᠨ ᠨᠡᠭᠡᠭᠡᠯᠲᠡ᠂ ᠰᠤᠷᠭᠠᠨ ᠬᠥᠮᠦᠵᠢᠯ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠣᠶᠣᠯ ᠡᠷᠡᠭᠦᠯ ᠬᠠᠮᠠᠭᠠᠯᠠᠯ ᠵᠡᠷᠭᠡ ᠡᠯ᠎ᠡ ᠬᠦᠷᠢᠶᠡᠨ ᠳ᠋ᠡᠬᠢ ᠬᠠᠮᠵᠢᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠍᠂ ᠢᠲᠡᠭᠡᠯ ᠰᠡᠳᠬᠢᠯ ᠶ᠋ᠢᠡᠨ ᠬᠠᠮᠳᠤᠳᠬᠠᠵᠤ ᠵᠤᠤᠵᠠᠢ ᠬᠤᠯᠪᠤᠨ ᠬᠠᠮᠳᠤ ᠪᠡᠷ ᠡᠷᠡᠮᠡᠬᠡᠢᠯᠡᠨ ᠤᠷᠤᠭᠰᠢᠯᠠᠭᠰᠠᠭᠠᠷ ᠢᠷᠡᠵᠡᠢ᠃
30 ᠵᠢᠯ ᠤ᠋ᠨ ᠲᠤᠷᠰᠢ᠂ ᠡᠯ᠎ᠡ ᠵᠦᠢᠯ ᠤ᠋ᠨ ᠠᠷᠠᠳ ᠢ᠋ ᠪᠠᠶᠠᠵᠢᠭᠤᠯᠵᠤ ᠠᠵᠤ ᠠᠬᠤᠢ ᠵᠢ ᠬᠦᠭᠵᠢᠭᠦᠯᠬᠦ ᠲᠦᠷᠦ ᠶ᠋ᠢᠨ ᠪᠤᠳᠤᠯᠭ᠎ᠠ ᠪᠠ ᠲᠦᠷᠦᠯ ᠵᠦᠢᠯ ᠢ᠋ ᠵᠠᠯᠭᠠᠭ᠎ᠠ ᠪᠡᠷ ᠨᠠᠢᠳᠠᠪᠤᠷᠢᠵᠢᠭᠤᠯᠤᠨ᠂ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭ᠎ᠠ ᠡᠯᠪᠡᠭ ᠪᠠᠶᠠᠯᠢᠭ ᠦᠷ᠎ᠡ ᠪᠦᠲᠦᠮᠵᠢ ᠤᠯᠵᠤ᠂ ᠨᠢᠭᠡ ᠪᠦᠯᠦᠭ ᠪᠡᠯᠭᠡ ᠲᠡᠮᠲᠡᠭ ᠤ᠋ᠨ ᠴᠢᠨᠠᠷᠲᠠᠢ ᠲᠦᠷᠦᠯ ᠵᠦᠢᠯ ᠢ᠋ ᠴᠤᠭᠴᠠᠯᠠᠨ᠂ ᠦᠪᠤᠷ ᠮᠤᠩᠭᠤᠯ ᠤ᠋ᠨ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠠᠬᠢᠭᠤᠯᠵᠤ᠂ ᠤᠷᠤᠨ ᠪᠦᠰᠡ ᠶ᠋ᠢᠨ ᠵᠤᠬᠢᠴᠠᠡᠭᠭᠤᠢ ᠬᠦᠭᠵᠢᠯᠲᠡ ᠵᠢ ᠠᠬᠢᠭᠤᠯᠬᠤ ᠳ᠋ᠦ ᠦᠯᠢᠭᠡᠷ ᠵᠢᠱ᠌ᠢᠶ᠎ᠡ ᠬᠠᠡᠭᠭᠠᠪᠠ᠃
ᠠᠵᠤ ᠦᠢᠯᠡᠰ ᠢ᠋ ᠬᠠᠮᠳᠤ ᠪᠡᠷ ᠬᠦᠭᠵᠢᠭᠦᠯᠬᠦ ᠪᠤᠯ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭᠠᠨ ᠤ᠋ ᠭᠤᠤᠯ ᠬᠦᠳᠡᠯᠭᠡᠭᠦᠷ ᠪᠤᠯᠤᠨ᠎ᠠ᠃ 30 ᠵᠢᠯ ᠤ᠋ᠨ ᠲᠤᠷᠰᠢ᠂ ᠬᠤᠶᠠᠷ ᠭᠠᠵᠠᠷ ᠤ᠋ᠨ ᠬᠢᠨ ᠤᠷᠴᠤᠨ ᠤ᠋ ᠦᠪᠡᠷᠲᠡᠭᠡᠨ ᠵᠠᠰᠠᠬᠤ ᠬᠤᠰᠢᠭᠤᠨ ᠤ᠋ ᠤᠳᠤ ᠦᠶ᠎ᠡ ᠶ᠋ᠢᠨ ᠲᠠᠷᠢᠶᠠᠯᠠᠡᠭ ᠤ᠋ᠨ ᠠᠵᠤ ᠦᠢᠯᠡᠰ ᠤ᠋ᠨ ᠬᠦᠷᠢᠶᠡᠯᠡᠡᠭ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ᠋ ᠬᠤᠸᠠᠲᠤᠭᠤᠯ ᠠᠵᠤ ᠦᠢᠯᠡᠰ ᠤ᠋ᠨ ᠬᠦᠷᠢᠶᠡᠯᠡᠡᠭ ᠵᠡᠷᠭᠡ ᠠᠷᠪᠠᠠ ᠶᠡᠬᠡ ᠬᠡᠪ ᠳᠠᠭᠤᠷᠢᠶᠠᠯᠳᠤ ᠠᠵᠤ ᠦᠢᠯᠡᠰ ᠤ᠋ᠨ ᠬᠦᠷᠢᠶᠡᠯᠡᠡᠭ ᠢ᠋ ᠬᠠᠮᠲᠤᠷᠠᠨ ᠪᠦᠳᠦᠬᠡᠨ ᠪᠠᠢᠭᠤᠯᠵᠤ᠂ ᠪᠡᠭᠡᠵᠢᠡᠭ ᠤ᠋ᠨ ᠠᠵᠤ ᠦᠢᠯᠡᠰ᠂ ᠡᠳ᠋ ᠬᠦᠷᠦᠡᠭᠭᠡ ᠪᠠ ᠲᠠᠪᠴᠠᠡᠭ ᠤ᠋ᠨ ᠳᠠᠪᠠᠭᠤᠯᠢᠭ ᠲᠦ᠍ ᠲᠦᠰᠢᠭᠯᠡᠨ ᠦᠪᠦᠷ ᠮᠤᠡᠭᠭᠤᠯ ᠤ᠋ᠨ ᠦᠪᠡᠷᠮᠢᠴᠠ ᠡᠬᠢ ᠪᠠᠶᠠᠯᠢᠭ ᠤ᠋ᠨ ᠳᠠᠪᠠᠭᠤᠯᠢᠭ ᠲᠠᠢ ᠠᠭᠤᠰᠤᠯᠴᠠᠭᠤᠯᠵᠤ᠂ ᠨᠢᠭᠡ ᠪᠦᠯᠦᠭ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ ᠤ᠋ᠨ ᠪᠦᠯᠦᠭᠵᠢᠯ ᠢ᠋ ᠪᠤᠢᠵᠢᠭᠤᠯᠤᠨ᠂ ᠰᠤᠶᠤᠯ ᠵᠢᠭᠤᠯᠴᠢᠯᠠᠯ ᠤ᠋ᠨ ᠬᠠᠮᠵᠢᠯᠴᠠᠨ ᠠᠵᠢᠯᠯᠠᠬᠤ ᠲᠤᠭᠳᠠᠴᠠ ᠵᠢ ᠪᠠᠢᠭᠤᠯᠪᠠ᠃ ᠪᠡᠭᠡᠵᠢᠡᠭ ᠤ᠋ᠨ ᠡᠨ᠋ᠸᠷᠬᠢ ᠶ᠋ᠢᠨ ᠪᠦᠯᠦᠭᠯᠡᠯ᠂ ᠪᠡᠭᠡᠵᠢᠡᠭ ᠤ᠋ᠨ ᠱᠸᠦ ᠨᠦᠡᠭ ᠢᠳᠡᠭᠡᠨ ᠤ᠋ ᠪᠦᠯᠦᠭᠯᠡᠯ ᠵᠡᠷᠭᠡ ᠨᠢᠭᠡ ᠪᠦᠯᠦᠭ ᠳᠠᠭᠠᠭᠤᠯᠤᠭᠴᠢ ᠠᠵᠤ ᠠᠬᠤᠢᠯᠠᠯ ᠦᠪᠤᠷ ᠮᠤᠩᠭᠤᠯ ᠳ᠋ᠤ ᠨᠤᠳᠤᠭᠰᠢᠨ᠂ ᠠᠵᠤ ᠦᠢᠯᠡᠰ ᠶ᠋ᠢᠡᠷ ᠪᠡᠯᠡ ᠤᠷᠤᠭᠤᠯᠬᠤ᠂ ᠮᠡᠷᠭᠡᠵᠢᠯ ᠶ᠋ᠢᠡᠷ ᠡᠨ᠋ᠸᠷᠬᠢ ᠤᠯᠭᠤᠬᠤ᠂ ᠲᠦᠷᠦᠯ ᠵᠦᠢᠯ ᠢ᠋ ᠨᠠᠢᠳᠠᠪᠤᠷᠢᠵᠢᠭᠤᠯᠬᠤ ᠪᠡᠷ ᠳᠠᠮᠵᠢᠨ ᠦᠪᠦᠷ ᠮᠤᠡᠭᠭᠤᠯ ᠤ᠋ᠨ ᠠᠵᠤ ᠦᠢᠯᠡᠰ ᠤ᠋ᠨ ᠬᠡᠯᠬᠢᠶ᠎ᠡ ᠶ᠋ᠢᠨ ᠶᠠᠰᠤ ᠴᠢᠨᠠᠷ ᠤ᠋ᠨ ᠳᠡᠰ ᠳᠡᠪᠰᠢᠯᠲᠡ ᠵᠢ ᠳᠠᠢᠴᠢᠯᠠᠵᠤ᠂ ᠤᠷᠤᠨ ᠨᠤᠲᠤᠭ ᠤ᠋ᠨ ᠠᠵᠤ ᠦᠢᠯᠡᠰ ᠤ᠋ᠨ ᠬᠦᠳᠡᠯᠭᠡᠬᠦ ᠬᠦᠴᠦᠨ ᠢ᠋ ᠬᠦᠭᠵᠢᠭᠡᠬᠦ ᠭᠤᠤᠯᠯᠠᠭᠴᠢ ᠬᠦᠴᠦᠨ ᠪᠤᠯᠵᠠᠢ᠃ ᠡᠭᠦᠨ ᠤ᠋ ᠬᠠᠮᠳᠤ᠂《ᠪᠤᠬᠢᠷᠳᠤᠯ ᠦᠭᠡᠢ ᠪᠦᠲᠦᠭᠡᠭᠳᠡᠭᠦᠨ ᠢ᠋ ᠭᠠᠳᠠᠭᠰᠢ ᠭᠠᠷᠭᠠᠬᠤ》 ᠭᠡᠷᠡᠭᠯᠡᠭᠡ ᠪᠡᠷ ᠬᠠᠪᠰᠤᠷᠤᠨ ᠲᠡᠳᠭᠦᠵᠦ ᠲᠦᠪᠯᠡᠷᠡᠭᠦᠯᠦᠨ ᠬᠤᠳᠠᠯᠳᠤᠨ ᠠᠪᠬᠤ᠂ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠪᠡᠭᠡᠵᠢᠡᠭ ᠳ᠋ᠡᠬᠢ ᠤᠷᠢᠳᠴᠢᠯᠠᠨ ᠨᠦᠬᠡᠴᠡᠯᠡᠬᠦ ᠬᠦᠮᠦᠷᠭᠡ ᠵᠡᠷᠭᠡ ᠪᠡᠯᠭᠡ ᠲᠡᠮᠲᠡᠭ ᠤ᠋ᠨ ᠴᠢᠨᠠᠷᠲᠡᠢ ᠬᠠᠮᠳᠤᠷᠠᠯᠴᠠᠭᠠᠨ ᠤ᠋ ᠲᠦᠷᠦᠯ ᠵᠦᠢᠯ ᠢ᠋ ᠨᠠᠢᠳᠠᠪᠤᠷᠢᠵᠢᠭᠤᠯᠵᠤ᠂ ᠦᠪᠦᠷ ᠮᠤᠡᠭᠭᠤᠯ ᠤ᠋ᠨ ᠰᠢᠯᠢᠳᠡᠭ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠨᠠᠢᠰᠯᠡᠯ ᠤ᠋ᠨ ᠵᠠᠬ᠎ᠠ ᠳᠡᠯᠭᠡᠭᠦᠷ ᠲᠦ᠍ ᠤᠷᠤᠬᠤ ᠪᠤᠷᠤᠯᠠᠭᠤᠯᠭ᠎ᠠ ᠶ᠋ᠢᠨ ᠠᠷᠭ᠎ᠠ ᠵᠠᠮ ᠢ᠋ ᠰᠢᠯᠤᠭᠤᠳᠬᠠᠭᠰᠠᠨ ᠪᠠᠢᠨ᠎ᠠ᠃
30 ᠵᠢᠯ ᠤ᠋ᠨ ᠲᠤᠷᠰᠢ᠂ ᠪᠡᠭᠡᠵᠢᠡᠭ ᠦᠪᠦᠷ ᠮᠤᠡᠭᠭᠤᠯ ᠤ᠋ᠨ ᠬᠤᠶᠠᠷ ᠭᠠᠵᠠᠷ ᠤ᠋ᠨ ᠬᠢᠨ ᠨᠡᠢᠲᠡ 56 ᠤᠨᠴᠠᠯᠢᠭᠲᠦ ᠠᠵᠤ ᠦᠢᠯᠡᠰ᠂ 41 ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠤᠨ᠂ ᠠᠵᠤ ᠦᠢᠯᠡᠰ ᠤ᠋ᠨ ᠪᠦᠯᠦᠭᠵᠢᠯ ᠤ᠋ᠨ ᠵᠢᠯ ᠤ᠋ᠨ ᠦᠢᠯᠡᠳᠬᠦᠨ ᠤ᠋ ᠦᠷᠳᠡᠭ ᠨᠢ 1000 ᠳ᠋ᠦᠡᠭᠰᠢᠭᠤᠷ ᠲᠦᠬᠦᠷᠢᠭ ᠢ᠋ ᠳᠠᠪᠠᠵᠤ᠂ 78 ᠠᠵᠤ ᠦᠢᠯᠡᠰ ᠤ᠋ᠨ ᠬᠦᠷᠢᠶᠡᠯᠡᠡᠭ ᠢ᠋ ᠬᠠᠮᠳᠤ ᠪᠡᠷ ᠪᠦᠳᠦᠬᠡᠨ ᠪᠠᠢᠭᠤᠯᠪᠠ᠃ 500 ᠭᠠᠷᠤᠢ ᠪᠡᠭᠡᠵᠢᠡᠭ ᠤ᠋ᠨ ᠠᠵᠤ ᠠᠬᠤᠢᠯᠠᠯ ᠦᠪᠦᠷ ᠮᠤᠡᠭᠭᠤᠯ ᠳ᠋ᠦ ᠨᠤᠳᠤᠭᠰᠢᠵᠤ᠂ ᠨᠡᠢᠲᠡ 2362 ᠳ᠋ᠦᠡᠭᠰᠢᠭᠤᠷ ᠲᠦᠭᠦᠷᠢᠭ ᠤ᠋ᠨ ᠪᠡᠯᠡ ᠤᠷᠤᠭᠤᠯᠪᠠ᠃ ᠪᠡᠭᠡᠵᠢᠡᠭ ᠤ᠋ᠨ ᠠᠵᠤ ᠠᠬᠤᠢᠯᠠᠯ ᠦᠪᠦᠷ ᠮᠤᠡᠭᠭᠤᠯ ᠳ᠋ᠦ 932 ᠲᠦᠮᠡᠨ ᠺᠢᠯᠦᠸᠠᠲ ᠤ᠋ᠨ ᠪᠠᠭᠲᠠᠭᠠᠮᠵᠢ ᠪᠦᠬᠦᠢ ᠰᠢᠨ᠎ᠡ ᠡᠨ᠋ᠸᠷᠬᠢ ᠶ᠋ᠢᠨ ᠮᠠᠰᠢᠨ ᠴᠤᠭᠴᠠᠯᠠᠪᠤᠷᠢ ᠵᠢ ᠪᠠᠢᠭᠤᠯᠤᠨ᠂ ᠵᠢᠯ ᠳ᠋ᠦ 100 ᠳ᠋ᠦᠩᠰᠢᠭᠤᠷ ᠺᠢᠯᠦᠸᠠᠲ ᠴᠠᠭ ᠤ᠋ᠨ ᠪᠤᠬᠢᠷᠳᠤᠯ ᠦᠭᠡᠢ ᠴᠠᠬᠢᠯᠭᠠᠨ ᠢ᠋ ᠪᠡᠭᠡᠵᠢᠡᠭ ᠳ᠋ᠦ ᠬᠦᠷᠭᠡᠵᠦ᠂ 28 ᠳ᠋ᠡᠢᠲ᠋ᠠ ᠶ᠋ᠢᠨ ᠲᠦᠪ ᠢ᠋ ᠪᠠᠢᠭᠤᠯᠤᠨ᠂ 2.4 ᠲᠦᠮᠡᠨ P ᠶ᠋ᠢᠨ ᠪᠤᠳᠤᠯᠲᠠ ᠶ᠋ᠢᠨ ᠬᠦᠴᠦᠨ ᠢ᠋ ᠪᠠᠢᠭᠤᠯᠪᠠ᠃
ᠠᠷᠠᠳ ᠤ᠋ᠨ ᠠᠮᠢᠳᠤᠷᠠᠯ ᠪᠤᠯ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭᠠᠨ ᠤ᠋ ᠳᠡᠪᠢᠰᠭᠡᠷ ᠦᠡᠭᠭᠡ ᠪᠤᠯᠤᠨ᠎ᠠ᠃ ᠪᠡᠭᠡᠵᠢᠡᠭ ᠦᠪᠦᠷ ᠮᠤᠡᠭᠭᠤᠯ ᠬᠤᠶᠠᠷ ᠭᠠᠵᠠᠷ ᠤ᠋ᠨ ᠬᠢᠨ ᠢᠮᠠᠭᠳᠠ ᠬᠦᠳᠡᠯᠮᠦᠷᠢ ᠦᠢᠯᠡᠴᠢᠯᠡᠭᠡᠨ ᠤ᠋ ᠬᠠᠮᠵᠢᠯᠴᠠᠭ᠎ᠠ ᠵᠢ ᠠᠵᠢᠯ ᠤ᠋ᠨ ᠭᠤᠤᠯᠳᠠᠯᠭ᠎ᠠ ᠪᠠᠨ ᠪᠤᠯᠭᠠᠵᠤ᠂ ᠪᠡᠭᠡᠵᠢᠡᠭ ᠤ᠋ᠨ ᠵᠠᠬ᠎ᠠ ᠳᠡᠯᠭᠡᠭᠦᠷ ᠢ᠋ ᠭᠦᠢᠴᠡᠳ ᠠᠰᠢᠭᠯᠠᠨ ᠠᠵᠢᠯ ᠤ᠋ᠨ ᠪᠠᠢᠷᠢ ᠬᠠᠩᠭᠠᠵᠤ᠂ ᠬᠠᠡᠭᠭᠠᠯᠭ᠎ᠠ ᠬᠡᠷᠡᠭᠴᠡᠭᠡ ᠵᠢ ᠵᠤᠯᠭᠠᠭᠤᠯᠬᠤ᠂ ᠬᠠᠨᠳᠤᠯᠭ᠎ᠠ ᠲᠠᠢ ᠪᠡᠷ ᠪᠤᠯᠪᠠᠰᠤᠷᠠᠯ ᠬᠦᠷᠲᠡᠭᠡᠬᠦ᠂ ᠠᠵᠢᠯ ᠤ᠋ᠨ ᠪᠠᠢᠷᠢ ᠵᠢ ᠲᠤᠭᠲᠠᠪᠤᠷᠢᠵᠢᠭᠤᠯᠤᠨ ᠦᠷᠭᠡᠳᠭᠡᠬᠦ ᠵᠡᠷᠭᠡ ᠤᠯᠠᠨ ᠵᠦᠢᠯ ᠤ᠋ᠨ ᠠᠷᠭ᠎ᠠ ᠬᠡᠮᠵᠢᠶ᠎ᠡ ᠪᠠᠷ ᠳᠠᠮᠵᠢᠨ ᠠᠵᠢᠯ ᠤᠯᠭᠤᠯᠲᠠ ᠵᠢ ᠲᠤᠭᠲᠠᠪᠤᠷᠢᠵᠢᠭᠤᠯᠬᠤ᠂ ᠤᠷᠤᠯᠭ᠎ᠠ ᠵᠢ ᠨᠡᠮᠡᠭᠳᠡᠭᠦᠯᠬᠦ᠂ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠡ ᠪᠡᠷ ᠤᠯᠠᠨ ᠳᠡᠰ ᠳᠠᠪᠬᠤᠷᠭ᠎ᠠ ᠶ᠋ᠢᠨ ᠦᠷ᠎ᠡ ᠪᠦᠲᠦᠮᠵᠢ ᠤᠯᠵᠠᠢ᠃ ᠦᠪᠤᠷ ᠮᠤᠩᠭᠤᠯ ᠤ᠋ᠨ ᠡᠯ᠎ᠡ ᠭᠠᠵᠠᠷ ᠤ᠋ᠨ ᠬᠢᠨ ᠤᠨᠴᠠᠯᠢᠭᠲᠦ ᠠᠵᠤ ᠦᠢᠯᠡᠰ ᠬᠢᠭᠡᠳ ᠤᠷ᠎ᠡ ᠮᠡᠷᠭᠡᠵᠢᠯ ᠤ᠋ᠨ ᠤᠯᠠᠮᠵᠢᠯᠠᠯ ᠳ᠋ᠠᠭᠠᠨ ᠲᠦᠰᠢᠭᠯᠡᠨ᠂ ᠪᠡᠭᠡᠵᠢᠡᠭ ᠤ᠋ᠨ ᠵᠠᠬ᠎ᠠ ᠳᠡᠯᠭᠡᠭᠦᠷ ᠤ᠋ᠨ ᠬᠡᠷᠡᠭᠴᠡᠭᠡ ᠱᠠᠭᠠᠷᠳᠠᠯᠭ᠎ᠠ ᠲᠠᠢ ᠵᠤᠯᠭᠠᠭᠤᠯᠵᠤ ᠪᠠᠢᠭᠠᠳ 《ᠵᠢᠡᠭ ᠳ᠋ᠦᠡᠭ ᠠᠳᠠᠯ ᠠᠬᠤᠢ》᠂ 《ᠬᠢᠡᠭᠭᠠᠨ ᠤ᠋ ᠲᠠᠯ᠎ᠠ ᠨᠤᠲᠤᠭ ᠤ᠋ᠨ ᠤᠶᠤᠳᠠᠯᠴᠢᠨ》᠂ 《ᠪᠠᠭᠠᠷᠢᠨ ᠤ᠋ ᠱᠦᠭᠦᠷᠴᠢᠨ》ᠵᠡᠷᠭᠡ ᠤᠷᠤᠨ ᠨᠤᠲᠤᠭ ᠤ᠋ᠨ ᠳᠠᠪᠠᠭᠤᠯᠢᠭ ᠲᠠᠢ᠂ ᠠᠵᠢᠯ ᠲᠦᠷᠦᠯ ᠤ᠋ᠨ ᠤᠨᠴᠠᠯᠢᠭ ᠲᠠᠢ᠂ ᠠᠵᠢᠯ ᠤᠯᠭᠤᠯᠲᠠ ᠵᠢ ᠳᠠᠢᠴᠢᠯᠠᠵᠤ ᠳᠡᠢᠯᠬᠦ ᠪᠡᠭᠡᠵᠢᠡᠭ ᠦᠪᠦᠷ ᠮᠤᠡᠭᠭᠤᠯ ᠤ᠋ᠨ ᠬᠦᠳᠡᠯᠮᠦᠷᠢ ᠦᠢᠯᠡᠴᠢᠯᠡᠭᠡᠨ ᠤ᠋ 39 ᠲᠦᠷᠦᠯ ᠲᠡᠮᠲᠡᠭ ᠢ᠋ ᠴᠤᠭᠴᠠᠯᠠᠨ᠂ 77 ᠠᠵᠢᠯ ᠤᠯᠭᠤᠯᠲᠠ ᠶ᠋ᠢᠨ ᠰᠠᠭᠤᠷᠢᠨ ᠳ᠋ᠦ ᠬᠢᠨᠠᠨ ᠲᠤᠭᠲᠠᠭᠠᠯᠲᠠ ᠬᠢᠵᠦ᠂ ᠬᠦᠳᠡᠯᠮᠦᠷᠢ ᠦᠢᠯᠡᠴᠢᠯᠡᠭᠡᠨ ᠤ᠋ ᠬᠠᠮᠵᠢᠯᠴᠠᠭ᠎ᠠ ᠶ᠋ᠢᠨ ᠪᠤᠯᠪᠠᠰᠤᠷᠠᠯ ᠢ᠋ ᠨᠡᠢᠳᠡ 1942 ᠬᠤᠭᠤᠴᠠᠭ᠎ᠠ ᠡᠷᠬᠢᠯᠡᠨ 10 ᠲᠦᠮᠡᠨ ᠬᠦᠮᠦᠨ ᠤᠳᠠᠭ᠎ᠠ ᠶ᠋ᠢᠨ ᠮᠠᠯᠴᠢᠨ ᠲᠠᠷᠢᠶᠠᠴᠢᠨ ᠳ᠋ᠦ ᠪᠤᠯᠪᠠᠰᠤᠷᠠᠯ ᠬᠦᠷᠲᠡᠭᠡᠵᠦ᠂ ᠰᠤᠷᠭᠠᠭᠤᠯᠢ ᠠᠵᠤ ᠠᠬᠤᠢᠯᠠᠯ ᠤ᠋ᠨ ᠬᠠᠮᠵᠢᠯᠴᠠᠭ᠎ᠠ ᠶ᠋ᠢᠨ《ᠵᠠᠬᠢᠶᠠᠯᠠᠭ᠎ᠠ ᠶ᠋ᠢᠨ ᠠᠡᠭᠬᠢ》 ᠵᠡᠷᠭᠡ ᠵᠢ 232 ᠬᠤᠭᠤᠴᠠᠭ᠎ᠠ ᠡᠷᠭᠢᠯᠡᠨ᠂ 2.5 ᠳ᠋ᠦᠡᠭᠰᠢᠭᠤᠷ ᠲᠦᠭᠦᠷᠢᠭ ᠤ᠋ᠨ ᠠᠵᠢᠯ ᠤ᠋ᠨ ᠪᠠᠢᠷᠢ ᠵᠢ ᠲᠤᠭᠲᠠᠪᠤᠷᠢᠵᠢᠭᠤᠯᠬᠤ ᠨᠦᠬᠦᠪᠦᠷᠢ ᠮᠦᠡᠭᠬᠦ ᠲᠠᠷᠬᠠᠭᠠᠵᠤ᠂ ᠤᠷᠢᠳ ᠬᠤᠵᠢᠳ ᠦᠪᠤᠷ ᠮᠤᠩᠭᠤᠯ ᠤ᠋ᠨ 49.6 ᠲᠦᠮᠡᠨ ᠮᠠᠯᠴᠢᠨ ᠲᠠᠷᠢᠶᠠᠴᠢᠨ ᠳ᠋ᠦ ᠠᠵᠢᠯ ᠤ᠋ᠨ ᠪᠠᠢᠷᠢ ᠬᠠᠡᠭᠭᠠᠵᠠᠢ᠃
ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠪᠤᠯ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭ᠎ᠠ ᠶ᠋ᠢᠨ ᠴᠠᠭ ᠦᠶ᠎ᠡ ᠶ᠋ᠢᠨ ᠭᠤᠤᠯ ᠰᠡᠳᠦᠪ ᠪᠤᠯᠤᠨ᠎ᠠ᠃ ᠪᠡᠭᠡᠵᠢᠡᠭ ᠦᠪᠦᠷ ᠮᠤᠡᠭᠭᠤᠯ ᠬᠤᠶᠠᠷ ᠭᠠᠵᠠᠷ ᠤ᠋ᠨ ᠬᠢᠨ ᠦᠵᠡᠰᠭᠦᠯᠡᠡᠭᠲᠦ ᠰᠠᠢᠬᠠᠨ ᠬᠦᠳᠡᠭᠡ ᠲᠤᠰᠬᠤᠨ ᠢ᠋ ᠪᠦᠲᠦᠭᠡᠨ ᠪᠠᠢᠭᠤᠯᠬᠤ ᠵᠢ ᠢᠮᠠᠭᠲᠠ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠶ᠋ᠢᠨ ᠭᠤᠤᠯᠳᠠᠯᠭ᠎ᠠ ᠲᠠᠢ ᠡᠭᠦᠷᠭᠡ ᠪᠤᠯᠭᠠᠨ ᠠᠳᠬᠤᠵᠤ᠂ 《ᠮᠢᠡᠭᠭ᠎ᠠ ᠲᠦᠮᠡ ᠶ᠋ᠢᠨ ᠢᠨᠵᠸᠨ᠋ᠸᠷᠢᠡᠭ》 ᠤ᠋ᠨ ᠲᠤᠷᠰᠢᠯᠭ᠎ᠠ ᠵᠢ ᠰᠤᠷᠤᠯᠴᠠᠨ ᠬᠡᠷᠡᠭᠵᠢᠭᠦᠯᠵᠦ᠂ ᠪᠡᠭᠡᠵᠢᠡᠭ ᠤ᠋ᠨ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠲᠡᠷᠢᠭᠦᠨ ᠤ᠋ ᠤᠢᠯᠠᠭᠠᠭᠳᠠᠬᠤᠨ ᠵᠢᠴᠢ ᠵᠠᠰᠠᠯᠲᠠ ᠶ᠋ᠢᠨ ᠵᠠᠭᠪᠤᠷ ᠢ᠋ ᠦᠪᠤᠷ ᠮᠤᠩᠭᠤᠯ ᠳ᠋ᠤ ᠲᠠᠯᠬᠡᠷᠡᠬᠦᠯᠦᠨ ᠲᠦᠬᠡᠮᠡᠯᠵᠢᠬᠦᠯᠵᠤ᠂ ᠬᠦᠳᠡᠬᠡ ᠲᠤᠰᠬᠤᠨ ᠤ᠋ ᠰᠠᠭᠤᠷᠢ ᠲᠦᠬᠦᠭᠡᠷᠦᠮᠵᠢ ᠵᠢ ᠰᠠᠢᠵᠢᠷᠠᠭᠤᠯᠤᠨ᠂ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ᠋ ᠰᠢᠯᠢᠳᠡᠭᠵᠢᠭᠦᠯᠵᠦ᠂ ᠤᠯᠠᠨ ᠨᠡᠢᠲᠡ ᠶ᠋ᠢᠨ ᠦᠢᠯᠡᠴᠢᠯᠡᠭᠡᠨ ᠤ᠋ ᠳᠤᠳᠠᠭᠤᠳᠠᠯ ᠢ᠋ ᠨᠦᠬᠦᠪᠦᠷᠢᠯᠡᠨ᠂ ᠦᠵᠡᠮᠵᠢ ᠰᠠᠢᠬᠠᠨ᠂ ᠦᠢᠯᠡᠳᠪᠦᠷᠢᠯᠡᠯ ᠰᠠᠢᠬᠠᠨ᠂ ᠠᠮᠢᠳᠤᠷᠠᠯ ᠰᠠᠢᠬᠠᠨ᠂ ᠰᠤᠶᠤᠯ ᠢᠷᠭᠡᠨᠰᠢᠯ ᠰᠠᠢᠬᠠᠨ ᠵᠡᠷᠬᠡ 《ᠳᠦᠷᠪᠡᠨ ᠰᠠᠢᠬᠠᠨ》 ᠢ᠋ ᠠᠭᠤᠰᠤᠯᠴᠠᠭᠤᠯᠤᠭᠰᠠᠨ ᠦᠵᠡᠰᠭᠦᠯᠡᠡᠭᠲᠦ ᠰᠠᠢᠬᠠᠨ ᠬᠦᠳᠡᠭᠡ ᠲᠤᠰᠬᠤᠨ ᠤ᠋ ᠬᠦᠭᠵᠢᠯᠲᠡ ᠶ᠋ᠢᠨ ᠪᠠᠢᠷᠢᠰᠢᠯ ᠢ᠋ ᠬᠦᠴᠦᠯᠡᠨ ᠪᠤᠢ ᠪᠤᠯᠭᠠᠪᠠ᠃ 2021 ᠤᠨ ᠡᠴᠡ ᠨᠠᠭᠠᠰᠢ᠂ ᠨᠡᠢᠳᠡ 10 ᠳ᠋ᠦᠡᠭᠰᠢᠭᠤᠷ ᠲᠦᠭᠦᠷᠢᠭ ᠤ᠋ᠨ ᠬᠠᠮᠵᠢᠯᠴᠠᠭᠠᠨ ᠤ᠋ ᠪᠡᠯᠡ ᠮᠦᠡᠭᠬᠦ ᠤᠷᠤᠭᠤᠯᠤᠨ᠂ ᠪᠡᠭᠡᠵᠢᠡᠭ ᠬᠤᠳᠠ ᠵᠢᠨ 640 ᠲᠤᠰᠬᠤᠨ (ᠰᠠᠭᠤᠭᠠᠯᠢ ᠲᠤᠭᠤᠷᠢᠭ)᠂ 545 ᠠᠵᠤ ᠠᠬᠤᠢᠯᠠᠯ ᠪᠠ 330 ᠨᠡᠢᠭᠡᠮ ᠤ᠋ᠨ ᠵᠤᠬᠢᠶᠠᠨ ᠪᠠᠢᠭᠤᠯᠤᠯᠲᠠ ᠨᠢ ᠦᠪᠤᠷ ᠮᠤᠩᠭᠤᠯ ᠤ᠋ᠨ 1433 ᠭᠠᠴᠠᠭ᠎ᠠ ᠲᠤᠰᠬᠤᠨ ᠲᠠᠢ ᠬᠤᠯᠪᠤᠭᠠᠯᠠᠵᠤ᠂ ᠤᠷᠢᠳ ᠬᠤᠵᠢᠳ ᠬᠢᠡᠭᠭᠠᠨ ᠠᠢᠮᠠᠭ ᠤ᠋ᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ᠋ ᠪᠠᠶᠠᠨᠬᠤᠰᠢᠭᠤ ᠪᠠᠯᠭᠠᠰᠤ ᠵᠢᠨ ᠰᠢᠷ᠎ᠡ ᠳᠤᠪᠤ ᠭᠠᠴᠠᠭ᠎ᠠ᠂ ᠤᠯᠠᠭᠠᠨᠴᠠᠪ ᠬᠤᠲᠠ ᠶ᠋ᠢᠨ ᠤᠯᠠᠭᠠᠨᠬᠠᠳᠠ ᠰᠤᠮᠤ ᠶ᠋ᠢᠨ ᠤᠷᠤᠭᠰᠢᠯᠠᠯᠲᠠ ᠲᠤᠰᠬᠤᠨ ᠵᠡᠷᠭᠡ ᠨᠢᠭᠡ ᠪᠦᠯᠦᠭ ᠦᠪᠡᠷᠮᠢᠴᠠ ᠤᠨᠴᠠᠯᠢᠭ ᠪᠦᠬᠦᠢ ᠦᠵᠡᠰᠭᠦᠯᠡᠡᠭᠲᠦ ᠰᠠᠢᠬᠠᠨ ᠬᠦᠳᠡᠭᠡ ᠲᠤᠰᠬᠤᠨ ᠤ᠋ ᠵᠢᠱ᠌ᠢᠶ᠎ᠡ ᠦᠵᠡᠭᠦᠯᠬᠦ ᠬᠡᠪ ᠵᠠᠭᠪᠤᠷ ᠢ᠋ ᠪᠤᠢ ᠪᠤᠯᠭᠠᠪᠠ᠃
ᠪᠡᠭᠡᠵᠢᠡᠭ ᠦᠪᠦᠷ ᠮᠤᠡᠭᠭᠤᠯ ᠬᠤᠶᠠᠷ ᠭᠠᠵᠠᠷ ᠤ᠋ᠨ ᠬᠢᠨ ᠰᠤᠶᠤᠯ ᠰᠤᠷᠭᠠᠨ ᠬᠦᠮᠦᠵᠢᠯ᠂ ᠡᠮ ᠡᠮᠨᠡᠯᠭᠡ ᠶ᠋ᠢᠨ ᠲᠠᠯ᠎ᠠ ᠪᠡᠷ ᠴᠦ᠍ ᠭᠦᠨᠵᠡᠭᠡᠢ ᠬᠠᠮᠵᠢᠯᠴᠠᠭ᠎ᠠ ᠦᠷᠨᠢᠭᠦᠯᠵᠦ ᠦᠯᠡᠮᠵᠢ ᠪᠦᠲᠦᠮᠵᠢ ᠤᠯᠵᠠᠢ᠃ ᠬᠤᠶᠠᠷ ᠭᠠᠵᠠᠷ ᠤ᠋ᠨ ᠬᠢᠨ ᠰᠤᠷᠭᠠᠨ ᠬᠦᠮᠦᠵᠢᠯ ᠤ᠋ᠨ ᠬᠠᠮᠵᠢᠯᠴᠠᠭᠠᠨ ᠤ᠋ ᠤᠶᠦᠨᠴᠢ ᠲᠠᠪᠴᠠᠡᠭ ᠢ᠋ ᠪᠠᠢᠭᠤᠯᠤᠨ᠂ ᠪᠡᠭᠡᠵᠢᠡᠭ ᠤ᠋ᠨ ᠰᠤᠷᠭᠠᠨ ᠬᠦᠮᠦᠵᠢᠯ ᠤ᠋ᠨ ᠡᠬᠢ ᠪᠠᠶᠠᠯᠢᠭ ᠢ᠋ ᠬᠠᠮᠲᠤ ᠪᠡᠷ ᠡᠳ᠋ᠯᠡᠵᠦ᠂ ᠬᠠᠷᠢᠯᠴᠠᠨ ᠪᠠᠭᠰᠢ ᠲᠤᠮᠢᠯᠠᠬᠤ᠂ ᠵᠢᠭᠠᠨ ᠰᠤᠷᠭᠠᠯᠲᠠ ᠶ᠋ᠢᠨ ᠰᠤᠳᠤᠯᠭᠠᠨ ᠤ᠋ ᠲᠠᠯ᠎ᠠ ᠪᠡᠷ ᠬᠠᠷᠢᠯᠴᠠᠨ ᠨᠡᠪᠲᠡᠷᠡᠯᠴᠡᠬᠦ᠂ ᠵᠠᠭᠪᠤᠷ ᠢ᠋ ᠬᠠᠮᠳᠤ ᠪᠡᠷ ᠪᠠᠢᠭᠤᠯᠬᠤ ᠵᠡᠷᠬᠡ ᠪᠡᠷ ᠳᠠᠮᠵᠢᠨ ᠦᠪᠦᠷ ᠮᠤᠡᠭᠭᠤᠯ ᠤ᠋ᠨ ᠰᠤᠷᠭᠠᠨ ᠬᠦᠮᠦᠵᠢᠯ ᠤ᠋ᠨ ᠬᠦᠭᠵᠢᠯᠲᠡ ᠶ᠋ᠢᠨ ᠳᠤᠳᠠᠭᠤᠳᠠᠯ ᠢ᠋ ᠨᠦᠬᠦᠪᠦᠷᠢᠯᠡᠪᠡ᠃ ᠪᠡᠭᠡᠵᠢᠡᠭ ᠬᠤᠲᠠ ᠶ᠋ᠢᠨ ᠬᠢᠨ ᠦᠪᠦᠷ ᠮᠤᠡᠭᠭᠤᠯ ᠳ᠋ᠦ ᠨᠡᠢᠲᠡ 4000 ᠭᠠᠷᠤᠢ ᠪᠠᠭᠰᠢ ᠲᠤᠮᠢᠯᠠᠵᠤ᠂ ᠦᠪᠦᠷ ᠮᠤᠡᠭᠭᠤᠯ ᠤ᠋ᠨ 1.7 ᠲᠦᠮᠡ ᠭᠠᠷᠤᠢ ᠪᠠᠭᠰᠢ ᠪᠡᠭᠡᠵᠢᠡᠭ ᠳ᠋ᠦ ᠬᠦᠷᠴᠦ ᠳᠠᠭᠠᠨ ᠰᠤᠷᠤᠯᠴᠠᠪᠠ; ᠪᠡᠭᠡᠵᠢᠡᠭ ᠤ᠋ᠨ 15 ᠶᠡᠬᠡ ᠳᠡᠭᠡᠳᠦ ᠰᠤᠷᠭᠠᠭᠤᠯᠢ᠂ 20 ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ᠂ 416 ᠳᠤᠮᠳᠠᠳᠤ ᠪᠠᠭ᠎ᠠ ᠰᠤᠷᠭᠠᠭᠤᠯᠢ ᠲᠤᠰ ᠪᠦᠷᠢ ᠦᠪᠦᠷ ᠮᠤᠡᠭᠭᠤᠯ ᠤ᠋ᠨ 12 ᠶᠡᠬᠡ ᠳᠡᠭᠡᠳᠦ ᠰᠤᠷᠭᠠᠭᠤᠯᠢ᠂ 31 ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ᠂ 525 ᠳᠤᠮᠳᠠᠳᠤ ᠪᠠᠭ᠎ᠠ ᠰᠤᠷᠭᠠᠭᠤᠯᠢ ᠲᠠᠢ ᠬᠤᠯᠪᠤᠭ᠎ᠠ ᠪᠠᠢᠭᠤᠯᠵᠤ᠂ ᠦᠪᠤᠷ ᠮᠤᠩᠭᠤᠯ ᠤ᠋ᠨ ᠰᠤᠷᠭᠠᠨ ᠬᠦᠮᠦᠵᠢᠯ ᠤ᠋ᠨ ᠶᠡᠷᠦᠡᠭᠬᠡᠢᠯᠡᠭᠰᠡᠨ ᠪᠤᠳᠠᠳᠤ ᠬᠦᠴᠦᠨ ᠢ᠋ ᠪᠦᠲᠦᠮᠵᠢᠲᠡᠢ ᠳᠡᠭᠡᠭᠰᠢᠯᠡᠭᠦᠯᠵᠠᠢ᠃ ᠪᠡᠭᠡᠵᠢᠡᠭ ᠬᠤᠲᠠ ᠶ᠋ᠢᠨ ᠬᠢᠨ ᠨᠡᠢᠲᠡ 3500 ᠭᠠᠷᠤᠢ ᠡᠮ ᠡᠮᠨᠡᠯᠭᠡ ᠶ᠋ᠢᠨ ᠠᠵᠢᠯᠳᠠᠨ ᠲᠤᠮᠢᠯᠠᠵᠤ ᠦᠪᠦᠷ ᠮᠤᠡᠭᠭᠤᠯ ᠢ᠋ ᠲᠤᠰᠠᠯᠠᠨ᠂ ᠦᠪᠦᠷ ᠮᠤᠡᠭᠭᠤᠯ ᠨᠡᠢᠲᠡ 1.2 ᠲᠦᠮᠡ ᠭᠠᠷᠤᠢ ᠡᠮ ᠡᠮᠨᠡᠯᠭᠡ ᠶ᠋ᠢᠨ ᠠᠵᠢᠯᠲᠡᠨ ᠢ᠋ ᠵᠤᠬᠢᠶᠠᠨ ᠪᠠᠢᠭᠤᠯᠤᠨ ᠪᠡᠭᠡᠵᠢᠡᠭ ᠳ᠋ᠦ ᠬᠦᠷᠴᠦ ᠳᠠᠭᠠᠨ ᠰᠤᠷᠤᠯᠴᠠᠭᠤᠯᠵᠤ᠂ ᠤᠳᠤ ᠪᠤᠯᠬᠤ ᠳ᠋ᠦ ᠨᠢᠭᠡᠨᠲᠡ ᠤᠯᠤᠰ ᠤ᠋ᠨ ᠤᠷᠤᠨ ᠪᠦᠰᠡ ᠶ᠋ᠢᠨ 4 ᠡᠮ ᠡᠮᠨᠡᠯᠭᠡ ᠶ᠋ᠢᠨ ᠲᠦᠪ᠂ 7 ᠬᠠᠪᠰᠤᠷᠤᠨ ᠲᠡᠳᠬᠦᠬᠦ ᠡᠮᠨᠡᠯᠭᠡ ᠶ᠋ᠢᠨ ᠬᠤᠷᠢᠶ᠎ᠠ᠂ 12 ᠬᠠᠮᠵᠢᠯᠴᠠᠭᠠᠨ ᠤ᠋ ᠭᠤᠤᠯᠳᠠᠯᠭ᠎ᠠ ᠲᠠᠢ ᠲᠤᠰᠬᠠᠢ ᠰᠠᠯᠠᠭ᠎ᠠ ᠵᠢᠴᠢ 300 ᠭᠠᠷᠤᠢ ᠡᠮᠨᠡᠯᠭᠡ ᠶ᠋ᠢᠨ ᠬᠤᠷᠢᠶ᠎ᠠ ᠬᠤᠯᠪᠤᠭᠠᠯᠠᠭᠰᠠᠨ《4 + 7 + 12 + N》 ᠤ᠋ ᠪᠡᠭᠡᠵᠢᠡᠭ ᠦᠪᠦᠷ ᠮᠤᠡᠭᠭᠤᠯ ᠤ᠋ᠨ ᠡᠮ ᠡᠮᠨᠡᠯᠭᠡ ᠶ᠋ᠢᠨ ᠬᠠᠮᠵᠢᠯᠴᠠᠭᠠᠨ ᠤ᠋ ᠰᠢᠰᠲᠸᠮ ᠢ᠋ ᠪᠦᠷᠢᠯᠳᠦᠭᠦᠯᠦᠭᠰᠡᠨ ᠪᠢᠯᠡ᠃
30 ᠵᠢᠯ ᠤ᠋ᠨ ᠬᠠᠪᠤᠷ ᠨᠠᠮᠤᠷ ᠢ᠋ ᠬᠠᠮᠳᠤ ᠪᠡᠷ ᠲᠤᠭᠤᠯᠵᠤ᠂ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭ᠎ᠠ ᠬᠢᠯᠠᠯᠵᠠᠭᠰᠠᠨ ᠠᠮᠵᠢᠯᠲᠠ ᠪᠦᠲᠦᠮᠵᠢ ᠤᠯᠤᠭᠰᠠᠨ ᠶ᠋ᠢᠡᠷ ᠪᠠᠷᠠᠬᠤ ᠦᠭᠡᠢ ᠪᠠᠰᠠ ᠬᠠᠭᠤᠯᠪᠤᠷᠢᠯᠠᠵᠤ ᠪᠤᠯᠬᠤᠢᠴᠠ᠂ ᠳᠡᠯᠭᠡᠷᠡᠭᠦᠯᠵᠦ ᠪᠤᠯᠬᠤᠢᠴᠠ ᠤᠷᠤᠨ ᠪᠦᠰᠡ ᠶ᠋ᠢᠨ ᠬᠠᠮᠵᠢᠯᠴᠠᠨ ᠬᠦᠭᠵᠢᠬᠦ ᠵᠠᠭᠪᠤᠷ ᠢ᠋ ᠪᠦᠷᠢᠯᠳᠦᠭᠦᠯᠵᠠᠢ᠃ ᠬᠤᠶᠠᠷ ᠭᠠᠵᠠᠷ ᠤ᠋ᠨ ᠬᠢᠨ ᠲᠤᠰ ᠲᠤᠰ ᠤ᠋ᠨ ᠤᠨᠴᠠᠯᠢᠭ ᠳᠠᠪᠠᠭᠤᠯᠢᠭ ᠶ᠋ᠢᠡᠨ ᠪᠠᠳᠠᠷᠠᠭᠤᠯᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠵᠤ ᠪᠠᠢᠭᠠᠳ ᠴᠢᠳᠠᠪᠤᠷᠢᠲᠠᠨ᠂ ᠮᠡᠷᠭᠡᠵᠢᠯ᠂ ᠬᠦᠷᠦᠡᠭᠭᠡ᠂ ᠠᠵᠤ ᠦᠢᠯᠡᠰ ᠪᠠ ᠵᠠᠬ᠎ᠠ ᠳᠡᠯᠭᠡᠭᠦᠷ ᠵᠡᠷᠭᠡ ᠡᠯ᠎ᠡ ᠵᠦᠢᠯ ᠤ᠋ᠨ ᠡᠯᠧᠮᠧᠨ᠋ᠲ ᠢ᠋ ᠤᠷᠤᠨ ᠪᠦᠰᠡ ᠠᠯᠤᠰᠯᠠᠨ ᠨᠡᠪᠲᠡᠷᠡᠯᠴᠡᠭᠦᠯᠵᠦ᠂ ᠦᠨᠳᠦᠷ ᠪᠦᠲᠦᠮᠵᠢᠲᠡᠢ ᠲᠤᠬᠢᠷᠠᠭᠤᠯᠵᠤ᠂ ᠪᠥᠬᠥ᠌ ᠲᠠᠯ᠎ᠠ ᠶ᠋ᠢᠨ᠂ ᠬᠦᠨ ᠳᠡᠰ ᠳᠠᠪᠬᠤᠷᠭ᠎ᠠ ᠶ᠋ᠢᠨ᠂ ᠪᠤᠰᠤᠭ᠎ᠠ ᠴᠤᠭᠴᠠᠳᠤ ᠬᠠᠮᠵᠢᠯᠴᠠᠭᠠᠨ ᠤ᠋ ᠪᠠᠢᠷᠢᠰᠢᠯ ᠢ᠋ ᠪᠤᠢ ᠪᠤᠯᠭᠠᠪᠠ᠃
30 ᠵᠢᠯ ᠤ᠋ᠨ ᠤᠢ ᠶ᠋ᠢᠨ ᠰᠢᠨ᠎ᠡ ᠭᠠᠷᠤᠭ᠎ᠠ ᠲᠠᠬᠡᠷ᠎ᠠ ᠪᠡᠭᠡᠵᠢᠡᠭ ᠦᠪᠦᠷ ᠮᠤᠡᠭᠭᠤᠯ ᠬᠤᠶᠠᠷ ᠭᠠᠵᠠᠷ ᠤ᠋ᠨ ᠬᠢᠨ ᠬᠠᠷᠢᠯᠴᠠᠨ ᠬᠦᠴᠦᠨ ᠤᠯᠭᠤᠵᠤ᠂ ᠬᠠᠮᠳᠤ ᠪᠡᠷ ᠠᠰᠢᠭ ᠬᠦᠷᠲᠡᠨ᠂ ᠤᠯᠤᠰ ᠤ᠋ᠨ ᠪᠠᠢᠯᠳᠤᠬᠤ ᠪᠤᠳᠤᠯᠭ᠎ᠠ ᠳ᠋ᠦ ᠦᠢᠯᠡᠴᠢᠯᠡᠵᠤ᠂ ᠬᠠᠮᠳᠤ ᠶ᠋ᠢᠨ ᠬᠦᠭᠵᠢᠯᠲᠡ ᠶ᠋ᠢᠨ ᠴᠤ ᠰᠢᠨ᠎ᠡ ᠬᠠᠭᠤᠳᠠᠰᠤ ᠵᠢ ᠪᠢᠴᠢᠭᠯᠡᠨ᠂ ᠬᠠᠮᠵᠢᠯᠴᠠᠭᠠᠨ ᠤ᠋ ᠢᠷᠠᠭᠤ ᠲᠤᠤᠯᠢᠰ ᠢ᠋ ᠬᠦᠦᠷᠨᠢᠭᠰᠡᠬᠡᠷ ᠁
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃