2026-10-21 13:42:34
ᠡᠨᠡ ᠵᠢᠯ᠎ᠦᠨ 9 ᠰᠠᠷ᠎ᠠ᠎ᠶᠢᠨ 30 ᠤ᠋ ᠡᠳᠦᠷ ᠪᠣᠯ ᠮᠠᠨ᠎ᠤ ᠤᠯᠤᠰ᠎ᠤᠨ ᠠᠷᠪᠠᠨ ᠭᠤᠷᠪᠠᠳᠡᠬᠢ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠡᠳᠦᠷ ᠪᠣᠯᠣᠨ᠎ᠠ᠃ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠤᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠭᠦᠨ ᠳᠤᠷᠠᠰᠤᠨ ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ᠎ᠤᠨ ᠡᠷᠬᠢᠮ ᠳᠡᠭᠡᠳᠦ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠬᠤ᠎ᠶᠢᠨ ᠲᠥᠯᠥᠭᠡ᠂ ᠪᠦᠬᠦ ᠣᠷᠣᠨ᠎ᠤ ᠡᠯ᠎ᠡ ᠱᠠᠲᠤᠨ᠎ᠤ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠵᠠᠯᠭ᠎ᠠ᠎ᠪᠠᠷ ᠰᠢᠷᠢᠰ ᠳᠤᠷᠠᠰᠬᠠᠬᠤ ᠠᠵᠢᠯᠯᠠᠭ᠎ᠠ ᠥᠷᠨᠢᠭᠦᠯᠵᠦ᠂ ᠴᠢᠩ ᠰᠡᠳᠬᠢᠯ ᠵᠢᠡᠷ ᠭᠠᠰᠢᠭᠤᠳᠠᠯ ᠵᠢᠡᠨ ᠢᠯᠡᠳᠬᠡᠵᠦ᠂ ᠦᠢᠯᠡ ᠠᠵᠢᠯᠯᠠᠭ᠎ᠠ᠎ᠪᠠᠷ ᠵᠢᠨᠨ ᠬᠦᠨᠳᠦᠳᠬᠡᠯ ᠲᠡᠪᠰᠢᠬᠦᠯᠤᠨ᠂ ᠬᠤᠪᠢᠰᠬᠠᠯᠳᠤ ᠵᠣᠷᠢᠭ᠋ ᠰᠠᠨᠠᠭ᠎ᠠ᠎ᠶᠢ ᠦᠶ᠎ᠡ᠎ᠶᠢᠨ ᠦᠶ᠎ᠡ᠎ᠳᠦ ᠤᠯᠠᠮᠵᠢᠯᠠᠨ᠎ᠠ᠃
ᠲᠤᠰ ᠡᠳᠦᠷ᠂ ᠬᠥᠬᠡᠬᠣᠲᠠ᠎ᠶᠢᠨ ᠴᠡᠷᠢᠭ᠎ᠤᠨ ᠠᠯᠪᠠ ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ᠂ ᠥᠪᠥᠷ ᠮᠣᠩᠭᠣᠯ᠎ᠤᠨ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠤᠨ ᠪᠤᠩᠬᠤᠨ᠎ᠳᠤ ᠬᠦᠷᠴᠦ ᠨᠡᠶ᠋ᠢᠲᠡ᠎ᠶᠢᠨ ᠲᠠᠬᠢᠯᠭ᠎ᠠ᠎ᠶᠢᠨ ᠠᠵᠢᠯᠯᠠᠭ᠎ᠠ ᠥᠷᠨᠢᠭᠦᠯᠪᠡ᠃ ᠪᠦᠬᠦ ᠬᠥᠮᠥᠰ ᠲᠡᠷᠢ ᠲᠡᠭᠰᠢ ᠲᠥᠪ ᠵᠣᠭᠰᠣᠵᠤ᠂ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠨ ᠳᠠᠭᠤᠯᠠᠵᠤ᠂ ᠭᠠᠰᠢᠭᠤᠳᠠᠯ ᠢᠯᠡᠷᠬᠡᠢᠯᠡᠵᠦ᠂ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠲᠤ ᠰᠣᠷᠭᠣᠭ ᠴᠡᠴᠡᠭ ᠬᠦᠷᠭᠡᠵᠦ᠂ ᠠᠬᠠᠮᠠᠳ ᠦᠶ᠎ᠡ᠎ᠶᠢᠨ ᠬᠢᠨ᠎ᠢᠶᠡᠨ ᠭᠦᠨ ᠳᠤᠷᠠᠰᠤᠨ ᠰᠠᠨᠠᠭᠠᠯᠵᠠᠪᠠ᠃ ᠦᠷᠡᠭᠳᠡᠭᠰᠡᠨ ᠪᠠᠭᠠᠲᠤᠷᠴᠤᠳ᠎ᠤᠨ ᠦᠵᠡᠭᠦᠯᠭᠡ᠎ᠶᠢᠨ ᠣᠷᠳᠣᠨ᠎ᠳᠤ᠂ ᠤᠯᠠᠨ᠎ᠢᠶᠠᠷ᠎ᠢᠶᠠᠨ ᠡᠷᠬᠢᠮ ᠨᠠᠨᠳᠢᠨ ᠲᠡᠦᠬᠡ᠎ᠶᠢᠨ ᠮᠠᠲᠧᠷᠢᠶᠠᠯ ᠪᠣᠯᠣᠨ ᠬᠤᠪᠢᠰᠬᠠᠯ᠎ᠤᠨ ᠪᠣᠳᠠᠲᠤ ᠪᠣᠳᠠᠰ᠎ᠢ ᠲᠤᠭᠤᠷᠢᠨ ᠦᠵᠡᠵᠦ᠂ ᠦᠷᠡᠭᠳᠡᠭᠰᠡᠨ ᠪᠠᠭᠠᠲᠤᠷᠴᠤᠳ᠎ᠤᠨ ᠬᠠᠯᠠᠭᠤᠨ ᠴᠢᠰᠤ᠎ᠪᠠᠨ ᠤᠷᠤᠰᠬᠠᠨ ᠡᠷᠡᠯᠬᠡᠭᠯᠡᠨ ᠲᠡᠮᠡᠴᠡᠭᠰᠡᠨ ᠪᠠᠭᠠᠲᠤᠷᠯᠢᠭ᠋ ᠦᠢᠯᠡ ᠠᠵᠢᠯᠯᠠᠭ᠎ᠠ᠎ᠶᠢ ᠲᠠᠬᠢᠨ ᠡᠷᠭᠢᠴᠡᠭᠦᠯᠵᠦ᠂ ᠭᠦᠨ ᠵᠤᠵᠠᠭᠠᠨ ᠬᠤᠪᠢᠰᠬᠠᠯᠳᠤ ᠵᠣᠷᠢᠭ᠋ ᠰᠠᠨᠠᠭᠠᠨ᠎ᠤ ᠤᠬᠢᠶᠠᠯ ᠬᠦᠷᠳᠡᠪᠡ᠃
ᠬᠠᠶᠠᠯᠠᠬᠤ ᠴᠠᠰᠤ ᠮᠦᠷᠦᠬᠡᠳᠦᠯ ᠢᠯᠡᠷᠬᠡᠢᠯᠡᠵᠦ᠂ ᠴᠢᠩ ᠰᠡᠳᠬᠢᠯ ᠵᠢᠡᠷ ᠭᠠᠰᠢᠭᠤᠳᠠᠨ᠎ᠠ᠃ ᠬᠥᠯᠥᠨ ᠪᠤᠢ᠍ᠢᠷ ᠬᠤᠳᠠ᠎ᠶᠢᠨ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠠᠭᠤᠳᠠᠮ ᠲᠠᠯᠠᠪᠠᠢ᠎ᠳᠤ ᠨᠠᠷᠠᠰᠤ ᠮᠠᠢᠯᠠᠰᠤ ᠬᠥᠬᠡᠷᠡᠨ ᠨᠣᠭᠣᠭᠠᠷᠠᠵᠤ᠂ ᠴᠢᠮᠡᠬᠡ ᠠᠨᠢᠷ ᠦᠬᠡᠢ ᠳᠦᠪ ᠴᠢᠬᠢᠮᠡᠢ᠂ ᠨᠡᠢᠭᠡᠮ᠎ᠦᠨ ᠡᠯ᠎ᠡ ᠡᠲᠡᠭᠡᠳ᠎ᠦᠨ ᠲᠥᠯᠥᠭᠡᠯᠡᠭᠴᠢᠳ ᠡᠨᠳᠡ ᠴᠤᠭᠯᠠᠷᠠᠨ ᠰᠠᠭᠰᠤᠳᠤ ᠴᠡᠴᠡᠭ ᠬᠦᠷᠭᠡᠬᠦ ᠶᠣᠰᠣᠯᠠᠯ᠎ᠳᠤ ᠣᠷᠣᠯᠴᠠᠪᠠ᠃ ᠶᠣᠰᠣᠯᠠᠯ᠎ᠤᠨ ᠴᠡᠷᠢᠭ᠎ᠤᠨ ᠠᠯᠬᠤᠭ᠎ᠠ ᠨᠢᠬᠡᠳᠡᠢ ᠪᠡᠷ ᠤᠷᠤᠨ᠎ᠳᠠᠭᠠᠨ ᠳᠦᠪ ᠵᠤᠭᠰᠤᠵᠦ᠂ ᠪᠥᠬᠥ ᠲᠠᠯᠠᠪᠠᠶ᠎ᠶᠢᠨ ᠬᠥᠮᠥᠰ ᠤᠯᠤᠰ᠎ᠤᠨ ᠳᠠᠭᠤᠤ᠎ᠶᠢ ᠬᠠᠩᠭᠢᠨᠠᠲᠠᠯ᠎ᠠ ᠳᠠᠭᠤᠯᠠᠵᠤ᠂ ᠬᠢᠴᠢᠶᠡᠨᠭᠬᠦᠢᠯᠡᠨ ᠨᠠᠮᠠᠨᠴᠢᠯᠠᠵᠤ᠂ ᠪᠠᠭᠠᠴᠤᠳ᠎ᠤᠨ ᠬᠣᠰᠢᠭᠤᠴᠢ ᠠᠩᠭᠢ᠎ᠶᠢᠨ ᠭᠡᠰᠢᠭᠦᠳ ᠬᠤᠰᠢᠭᠤᠴᠢ ᠠᠩᠭᠢ᠎ᠶᠢᠨ ᠳᠠᠭᠤᠤ᠎ᠪᠠᠨ ᠳᠠᠭᠤᠯᠠᠵᠤ᠂ ᠬᠤᠰᠢᠭᠤᠴᠢ ᠠᠩᠭᠢ᠎ᠶᠢᠨ ᠶᠣᠰᠣ᠌ ᠭᠦᠢᠴᠡᠳᠭᠡᠵᠦ᠂ ᠶᠣᠰᠣᠯᠠᠯ᠎ᠤᠨ ᠴᠡᠷᠢᠭ ᠠᠯᠭᠤᠷᠬᠠᠨ᠎ᠢᠶᠠᠷ ᠰᠠᠭᠰᠤᠳᠤ ᠴᠡᠴᠡᠭ ᠲᠠᠯᠪᠢᠵᠤ᠂ ᠬᠠᠮᠤᠭ᠎ᠤᠨ ᠳᠡᠭᠡᠳᠦ ᠶᠣᠰᠣᠯᠠᠯ᠎ᠢᠶᠠᠷ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠢ ᠳᠤᠷᠠᠰᠤᠨ ᠰᠠᠨᠠᠭᠠᠯᠵᠠᠪᠠ᠃ ᠠᠬᠤᠢ ᠲᠠᠯᠠᠪᠠᠢ ᠲᠥᠪ ᠬᠢᠴᠢᠶᠡᠩᠭᠦᠢ᠂ ᠴᠢᠩ ᠦᠨᠡᠨᠴᠢ ᠭᠠᠰᠢᠭᠤᠳᠠᠯ ᠲᠡᠭᠷᠢ ᠭᠠᠵᠠᠷ᠎ᠤᠨ ᠳᠤᠮᠳᠠ ᠴᠤᠤᠷᠢᠶᠠᠲᠤᠨ᠎ᠠ᠃ 《ᠡᠳᠦᠬᠡ ᠤᠯᠤᠰ ᠳᠠᠶᠠᠭᠠᠷ ᠠᠮᠤᠷ ᠠᠮᠤᠭᠤᠯᠠᠩ ᠪᠠᠢᠭ᠎ᠠ ᠨᠢ ᠴᠥᠮ ᠦᠷᠡᠭᠳᠡᠭᠰᠡᠨ ᠪᠠᠭᠠᠲᠤᠷᠴᠤᠳ᠎ᠤᠨ ᠬᠠᠯᠠᠭᠤᠨ ᠴᠢᠰᠤ᠎ᠪᠠᠷ ᠰᠤᠯᠢᠵᠦ ᠠᠪᠴᠢᠷᠠᠭᠰᠠᠨ᠎ᠤ ᠬᠢ ᠶᠤᠮ᠃ ᠪᠢᠳᠡ ᠯᠠᠪᠲᠠᠢ ᠲᠡᠦᠬᠡ᠎ᠪᠡᠨ ᠪᠠᠲᠤ ᠴᠡᠭᠡᠵᠢᠯᠡᠵᠦ᠂ ᠰᠢᠯᠢᠳᠡᠭ ᠵᠠᠩ ᠰᠤᠷᠳᠠᠯ᠎ᠢ ᠤᠯᠠᠮᠵᠢᠯᠠᠨ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠨ᠎ᠡ》 ᠭᠡᠵᠦ ᠠᠵᠢᠯᠯᠠᠭ᠎ᠠ᠎ᠳᠤ ᠣᠷᠣᠯᠴᠠᠭᠰᠠᠨ ᠨᠠᠮ᠎ᠤᠨ ᠭᠡᠰᠢᠭᠦᠨ ᠺᠠᠳ᠋ᠷᠴᠤᠳ ᠰᠡᠳᠬᠢᠯ ᠳᠣᠭᠳᠣᠯᠤᠨ ᠬᠡᠯᠡᠵᠡᠭᠡᠨᠡ᠃
ᠨᠡᠶ᠋ᠢᠲᠡ᠎ᠶᠢᠨ ᠳᠤᠷᠠᠰᠬᠠᠯᠤᠨᠠᠵᠢᠯᠯᠠᠭᠠᠶᠢ ᠲᠥᠪᠯᠡᠷᠡᠭᠦᠯᠦᠨ ᠥᠷᠨᠢᠭᠦᠯᠬᠦ᠎ᠶᠢᠨ ᠬᠠᠮᠲᠤ ᠡᠯ᠎ᠡ ᠭᠠᠵᠠᠷ᠎ᠤᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠬᠢᠨ ᠡᠷᠬᠢᠨ ᠦᠵᠡᠵᠦ ᠲᠣᠬᠣᠨᠢᠭᠤᠯᠬᠤ ᠠᠵᠢᠯ᠎ᠢ ᠵᠡᠷᠭᠡ᠎ᠪᠡᠷ ᠵᠣᠬᠢᠶᠠᠨ ᠪᠠᠢᠭᠤᠯᠵᠤ᠂ ᠬᠦᠨᠳᠦᠳᠬᠡᠬᠦ ᠪᠠ ᠬᠠᠯᠠᠮᠵᠢᠯᠠᠬᠤ᠎ᠶᠢ ᠠᠰᠠᠷᠠᠨ ᠬᠠᠷᠠᠭᠠᠯᠵᠠᠬᠤ ᠡᠲᠡᠭᠡᠳ ᠪᠣᠯᠣᠨ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ᠎ᠶᠢᠨ ᠬᠢᠨ᠎ᠳᠦ ᠬᠦᠷᠭᠡᠪᠡ᠃ ᠰᠢᠯᠢ᠎ᠶᠢᠨ ᠭᠣᠣᠯ ᠠᠢᠮᠠᠭ᠎ᠤᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠣᠯᠠᠨ ᠰᠠᠯᠠᠭ᠎ᠠ ᠮᠥᠴᠢᠷ᠎ᠲᠠᠢ ᠬᠣᠯᠪᠤᠭᠠᠯᠠᠨ ᠢᠷᠠᠭᠤ ᠠᠯᠳᠠᠷᠲᠡᠨᠤ ᠬᠦᠷᠢᠶᠡᠯᠡᠩ᠎ᠳᠦ ᠬᠦᠷᠴᠦ᠂ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠎ᠢ ᠬᠠᠯᠠᠭᠤᠮᠰᠤᠭ᠎ᠢᠶᠡᠷ ᠪᠤᠯᠭᠤᠭᠠᠨ ᠲᠣᠬᠣᠨᠢᠭᠤᠯᠵᠤ᠂ ᠬᠦᠨᠳᠦᠳᠬᠡᠨ ᠬᠠᠯᠠᠮᠵᠢᠯᠠᠵᠤ᠂ ᠴᠡᠷᠢᠭ᠎ᠢ ᠬᠦᠷᠢᠶᠡᠯᠡᠨ ᠭᠡᠷ ᠪᠦᠯᠢ᠎ᠶᠢ ᠨᠢ ᠬᠠᠷᠠᠭᠠᠯᠵᠠᠬᠤ ᠰᠢᠯᠢᠳᠡᠭ ᠤᠯᠠᠮᠵᠢᠯᠠᠯᠢᠢᠯᠡᠷᠡᠬᠦᠯᠪᠡ᠃ ᠪᠤᠭᠤᠲᠤ ᠬᠣᠲᠠ᠎ᠶᠢᠨ ᠴᠢᠩᠱᠠᠨ ᠲᠣᠭᠣᠷᠢᠭ᠋᠎ᠤᠨ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ᠎ᠶᠢᠨ ᠬᠢᠨ᠎ᠳᠤ ᠬᠠᠢᠷ᠎ᠠ ᠬᠠᠯᠠᠮᠵᠢ ᠬᠦᠷᠭᠡᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ᠎ᠶᠢᠨ ᠲᠥᠯᠥᠭᠡᠯᠡᠭᠴᠢᠳ᠎ᠢ ᠵᠣᠬᠢᠶᠠᠨ ᠪᠠᠢᠭᠤᠯᠵᠤ ᠴᠡᠷᠢᠭ᠎ᠦᠨ ᠠᠵᠤ ᠦᠢᠯᠡᠳᠪᠦᠷᠢ᠎ᠶᠢᠨ ᠦᠵᠡᠭᠦᠯᠭᠡ᠎ᠶᠢᠨ ᠲᠢᠩᠬᠢᠮ ᠪᠣᠯᠣᠨ ᠬᠣᠲᠠ᠎ᠶᠢᠨ ᠲᠥᠯᠦᠪᠵᠢᠭᠦᠯᠭᠡ᠎ᠶᠢᠨ ᠣᠷᠳᠣᠨ᠎ᠢ ᠲᠣᠭᠣᠷᠢᠨ ᠦᠵᠡᠭᠦᠯᠵᠦ᠂ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ᠎ᠳᠦ ᠴᠠᠭ ᠦᠶ᠎ᠡ᠎ᠶᠢᠨ ᠬᠥᠭᠵᠢᠯᠲᠡ᠎ᠶᠢᠨ ᠯᠤᠲᠤ ᠶᠡᠬᠡ ᠬᠤᠪᠢᠷᠠᠯᠲᠠ᠎ᠶᠢ ᠦᠵᠡᠬᠦᠯᠪᠡ; ᠴᠢᠩᠱᠠᠨ ᠲᠣᠭᠣᠷᠢᠭ᠋᠎ᠤᠨ ᠡᠯ᠎ᠡ ᠵᠡᠭᠡᠯᠢ ᠭᠤᠲᠤᠮᠵᠢ ᠪᠠᠯᠭᠠᠰᠤᠨ᠎ᠤ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠦ ᠦᠷᠲᠡᠭᠡ ᠲᠣᠭᠣᠷᠢᠨ ᠰᠤᠷᠪᠤᠯᠵᠢᠯᠠᠬᠤ ᠳᠤᠭᠤᠢᠯᠠᠩ ᠪᠠᠢᠭᠤᠯᠵᠤ᠂ ᠦᠷᠡᠭᠳᠡᠭᠰᠡᠨ ᠪᠠᠭᠠᠲᠤᠷᠴᠤᠳ᠎ᠤᠨ ᠭᠡᠷ ᠪᠦᠯᠢ᠎ᠶᠢᠨ ᠬᠢᠨᠢ ᠲᠣᠬᠣᠨᠢᠭᠤᠯᠬᠤ᠎ᠶᠢᠨ ᠬᠠᠮᠲᠤ ᠬᠦᠴᠢᠷᠳᠡᠯ᠎ᠢ ᠨᠢ ᠰᠢᠢᠳᠪᠦᠷᠢᠯᠡᠨ ᠥᠭᠴᠦ᠂ ᠨᠠᠮ ᠪᠣᠯᠣᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶᠢ ᠤᠯᠠᠨ ᠲᠦᠮᠡᠨ᠎ᠦ ᠰᠡᠳᠬᠢᠯ᠎ᠳᠦ ᠬᠦᠷᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃