ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:34

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠪᠦᠬᠦ᠌ ᠣᠷᠣᠨ᠎ᠤ ᠡᠯ᠎ᠡ ᠭᠠᠵᠠᠷ᠎ᠤᠨ ᠤᠯᠠᠨ ᠲᠦᠮᠡᠨ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 77 ᠵᠢᠯ᠎ᠦᠨ ᠤᠢ᠎ᠶᠢ ᠪᠡᠯᠭᠡᠯᠡᠯ᠎ᠠ


ᠠᠯᠳᠠᠨ ᠨᠠᠮᠤᠷ᠎ᠤᠨ ᠤᠯᠠᠷᠢᠯ ᠳ᠋ᠤ ᠤᠯᠤᠰ ᠳᠠᠶᠠᠭᠠᠷ ᠪᠠᠶᠠᠷ ᠬᠦᠷ ᠵᠢᠡᠷ ᠪᠢᠯᠬᠠᠨ᠎ᠠ᠃ 10 ᠰᠠᠷ᠎ᠠ᠎ᠶᠢᠨ 1 ᠤ᠋ ᠡᠳᠦᠷ᠂ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠪᠠᠶᠠᠯᠢᠭ ᠰᠠᠶ᠋ᠢᠬᠠᠨ ᠠᠵᠢᠯᠯᠠᠭ᠎ᠠ ᠥᠷᠨᠢᠭᠦᠯᠵᠦ᠍᠂ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 77 ᠵᠢᠯ᠎ᠦᠨ ᠤᠢ᠎ᠶᠢ ᠪᠡᠯᠭᠡᠯᠡᠵᠦ᠍᠂ ᠭᠠᠵᠠᠷ ᠪᠣᠯᠭᠠᠨ᠎ᠳᠤ ᠪᠠᠶᠠᠷ ᠬᠦᠷ᠎ᠲᠡᠶ ᠦᠯᠵᠡᠢ ᠪᠡᠯᠭᠡ᠎ᠲᠡᠶ ᠠᠭᠤᠷ ᠠᠮᠢᠰᠬᠤᠯ᠎ᠢᠶᠠᠷ ᠪᠢᠯᠬᠠᠵᠤ ᠪᠠᠶ᠋ᠢᠯ᠎ᠠ᠃

ᠰᠡᠳᠭᠢᠯ ᠨᠢᠭᠡᠲᠦᠨ ᠡᠬᠡ ᠤᠯᠤᠰ ᠲᠠᠭᠠᠨ ᠬᠦᠨᠳᠦᠳᠭᠡᠯ ᠲᠡᠪᠰᠢᠭᠦᠯᠦᠨ᠎ᠡ

ᠪᠠᠶᠠᠷ᠎ᠤᠨ ᠡᠳᠦᠷ᠎ᠦᠨ ᠬᠤᠭᠤᠴᠠᠭᠠᠨ᠎ᠳᠤ᠂ ᠤᠯᠠᠭᠠᠨᠴᠠᠪ ᠬᠣᠲᠠ᠎ᠶᠢᠨ ᠡᠯ᠎ᠡ ᠲᠣᠮᠣ ᠦᠵᠡᠮᠵᠢ᠎ᠶᠢᠨ ᠣᠷᠣᠨ᠎ᠤ ᠠᠵᠢᠯᠯᠠᠭ᠎ᠠ ᠬᠥᠷ ᠬᠥᠭᠵᠢᠶᠡᠨ᠎ᠢᠶᠡᠷ ᠪᠢᠯᠬᠠᠨ᠎ᠠ᠃ ᠴᠠᠬᠠᠷ ᠪᠠᠷᠠᠭᠤᠨ ᠭᠠᠷᠤᠨ ᠬᠣᠶ᠋ᠢᠲᠤ᠌ ᠬᠣᠰᠢᠭᠤᠨ᠎ᠤ ᠤᠯᠠᠭᠠᠨᠬᠠᠳᠠ᠎ᠶᠢᠨ ᠭᠠᠯᠲᠤ᠌ ᠠᠭᠤᠯᠠ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠲᠦ᠍ ᠲᠦᠮᠡᠨ ᠬᠥᠮᠦᠨ ᠬᠤᠪᠢᠰᠬᠠᠯᠲᠤ ᠳᠠᠭᠤᠤ ᠵᠢ ᠬᠠᠮᠲᠤ ᠪᠡᠷ ᠲᠠᠭᠤᠯᠠᠵᠤ᠂ ᠡᠯ᠎ᠡ ᠬᠣᠰᠢᠭᠤ ᠰᠢᠶᠠᠨ᠎ᠤ ᠰᠣᠶᠣᠯ᠎ᠤᠨ ᠲᠠᠯᠠᠪᠠᠢ ᠣᠷᠳᠣᠨ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠷᠠᠳ᠎ᠲᠤ᠌ ᠠᠰᠢᠭ ᠬᠦᠷᠲᠡᠭᠡᠬᠦ᠌ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠍᠂ ᠤᠯᠠᠨ ᠲᠦᠮᠡᠨ ᠰᠣᠶᠣᠯ᠎ᠤᠨ ᠪᠡᠶᠡᠴᠢᠯᠡᠨ ᠣᠶ᠋ᠢᠯᠠᠭᠠᠯᠲᠠ ᠳᠤᠮᠳᠠ ᠤᠯᠤᠰ᠎ᠢᠶᠠᠨ ᠬᠠᠶ᠋ᠢᠷᠠᠯᠠᠬᠤ ᠬᠠᠶ᠋ᠢᠷ᠎ᠠ ᠰᠡᠳᠬᠢᠯᠭᠡ᠎ᠪᠡᠨ ᠵᠤᠵᠠᠭᠠᠳᠬᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠢ ᠤᠯᠠᠮᠵᠢᠯᠠᠨ ᠵᠠᠯᠭᠠᠮᠵᠢᠯᠠᠨ᠎ᠠ᠃

9 ᠰᠠᠷ᠎ᠠ᠎ᠶᠢᠨ 29 ᠎ᠡᠴᠡ 10 ᠰᠠᠷ᠎ᠠ᠎ᠶᠢᠨ 3 ᠎ᠤ᠋ ᠡᠳᠦᠷ ᠪᠣᠯᠲᠠᠯ᠎ᠠ᠂ 2026 ᠬᠥᠪᠴᠢ᠎ᠶᠢᠨ ᠡᠯᠡᠰᠦ᠎ᠶᠢ ᠲᠤᠭᠤᠯᠬᠤ ᠰᠤᠳᠤᠴᠤᠤᠯ᠎ᠤᠨ ᠥᠷᠢᠰᠥᠯᠳᠦᠭᠡᠨ᠎ᠡᠬᠢᠯᠡᠪᠡ᠂ ᠪᠥᠬᠥ᠌ ᠤᠯᠤᠰ᠎ᠤᠨ ᠡᠯ᠎ᠡ ᠭᠠᠵᠠᠷ᠎ᠤᠨ ᠬᠡᠭᠡᠷᠡᠯᠡᠬᠦ᠌ ᠤᠷᠤᠯᠳᠤᠭᠠᠨ᠎ᠳᠤ ᠪᠠᠬᠠᠲᠠᠶ ᠬᠥᠮᠦᠰ ᠬᠠᠩᠭᠢᠨ ᠨᠤᠲᠤᠭ᠎ᠲᠤ᠌ ᠴᠤᠭᠯᠠᠷᠠᠵᠤ᠂ ᠡᠯᠡᠰᠦᠨ ᠴᠥᠯ᠎ᠤᠨ ᠦᠪᠡᠳᠡᠭᠰᠢ ᠴᠤᠭᠯᠠᠭᠠᠨ᠎ᠳᠤ ᠪᠤᠯᠵᠤᠨ᠎ᠠ᠃ ᠡᠬᠢᠯᠡᠯᠲᠡ᠎ᠶᠢᠨ ᠶᠣᠰᠣᠯᠠᠯ ᠲᠡᠭᠡᠷ᠎ᠡ ᠲᠠᠯᠠᠪᠠᠢ ᠳᠠᠶᠠᠭᠠᠷ᠎ᠢᠶᠠᠨ 《ᠡᠬᠡ ᠤᠯᠤᠰ᠎ᠢᠶᠠᠨ ᠮᠠᠭᠲᠠᠨ ᠳᠠᠭᠤᠯᠠᠶ᠎ᠠ》 ᠭᠡᠬᠦ᠌ ᠠᠶ᠎ᠠ ᠳᠠᠭᠤᠤ᠎ᠶᠢ ᠬᠠᠮᠲᠤ᠎ᠪᠠᠷ ᠬᠠᠩᠭᠢᠨᠠᠳᠠᠯ᠎ᠠ ᠲᠠᠭᠤᠯᠠᠵᠦ᠂ ᠵᠢᠪᠬᠤᠯᠠᠩᠲᠤ᠌ ᠬᠦᠭ ᠠᠶᠠᠰ ᠨᠢ ᠰᠥᠨᠢ᠎ᠶᠢᠨ ᠣᠭᠲᠠᠷᠭᠤᠢ᠎ᠳᠤ ᠴᠤᠤᠷᠢᠶᠠᠲᠤᠨ᠎ᠠ᠃

10 ᠰᠠᠷ᠎ᠠ᠎ᠶᠢᠨ 1 ᠤ᠋ 10 ᠴᠠᠭ᠎ᠲᠤ᠌᠂ ᠪᠠᠶᠠᠨᠨᠠᠭᠤᠷ ᠬᠣᠲᠠ᠎ᠶᠢᠨ ᠭᠠᠭᠴᠠᠮᠤᠳᠤ ᠬᠢᠯᠢ ᠵᠢᠨ ᠪᠣᠭᠣᠮᠲᠠ᠎ᠶᠢᠨ ᠬᠠᠮᠢᠶᠠᠷᠤᠯᠲᠠ᠎ᠶᠢᠨ ᠵᠥᠪᠯᠡᠯ᠎ᠤᠨ ᠬᠢᠨ ᠪᠠᠯᠭᠠᠰᠤᠨ᠎ᠳᠤ ᠰᠠᠭᠤᠭ᠎ᠠ ᠡᠯ᠎ᠡ ᠨᠢᠭᠡᠴᠢ᠂ ᠤᠷᠠᠳ ᠪᠣᠭᠣᠮᠲᠠ ᠵᠢᠴᠢ ᠬᠢᠨᠠᠨ ᠬᠠᠮᠢᠶᠠᠷᠬᠤ ᠲᠠᠯᠠᠪᠤᠷ ᠭᠠᠵᠠᠷ᠎ᠲᠠᠶ ᠬᠠᠮᠲᠤᠷᠠᠨ ᠤᠯᠤᠰ᠎ᠤᠨ ᠲᠣᠭ ᠮᠠᠨᠳᠤᠭᠤᠯᠬᠤ ᠶᠣᠰᠣᠯᠠᠯ ᠶᠠᠪᠤᠭᠤᠯᠪᠠ᠃ 《ᠵᠢᠷᠤᠮ᠎ᠤᠨ ᠴᠡᠷᠢᠭ᠎ᠦᠨ ᠤᠷᠤᠭᠰᠢᠯᠠᠯᠲᠠ᠎ᠶᠢᠨ ᠲᠠᠭᠤᠤ》᠎ᠶᠢ ᠬᠥᠭᠵᠢᠮᠳᠡᠵᠦ᠂ ᠲᠠᠪᠤᠨ ᠣᠳᠣᠲᠤ᠌ ᠤᠯᠠᠭᠠᠨ ᠲᠤᠭ ᠠᠯᠭᠤᠷᠬᠠᠨ ᠮᠠᠨᠳᠤᠵᠤ᠂ ᠪᠦᠬᠦ᠌ ᠬᠥᠮᠦᠰ ᠮᠥᠷᠯᠡᠨ ᠵᠣᠭᠰᠣᠵᠤ ᠰᠢᠷᠳᠡᠬᠦ᠌ ᠶᠣᠰᠣ ᠭᠦᠢᠴᠡᠳᠬᠡᠪᠡ᠃

10 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠦᠬᠠᠢ ᠬᠤᠳᠠ᠎ᠶᠢᠨ ᠠᠷᠠᠳ᠎ᠤᠨ ᠠᠭᠤᠳᠠᠮ ᠲᠠᠯᠠᠪᠠᠢ᠎ᠳᠤ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 77 ᠵᠢᠯ᠎ᠦᠨ ᠤᠢ᠎ᠶᠢ ᠪᠡᠯᠭᠡᠯᠡᠬᠦ 《ᠬᠠᠮᠲᠤ᠎ᠪᠠᠷ ᠤᠯᠤᠰ᠎ᠤᠨ ᠲᠤᠭ᠎ᠢᠶᠠᠨ ᠮᠠᠨᠳᠤᠭᠤᠯᠵᠤ ᠬᠠᠮᠲᠤ᠎ᠪᠠᠷ ᠤᠯᠤᠰ᠎ᠤᠨ ᠰᠦᠯᠳᠡ ᠳᠠᠭᠤᠤ᠎ᠪᠠᠨ ᠳᠠᠭᠤᠯᠠᠶ᠎ᠠ》 ᠭᠡᠬᠦ ᠦᠬᠠᠢ ᠬᠤᠳᠠ᠎ᠶᠢᠨ 2026 ᠣᠨ᠎ᠤ 《ᠠᠷᠪᠠᠨ ᠰᠠᠷ᠎ᠠ᠎ᠶᠢᠨ ᠨᠢᠭᠡᠨ》 ᠤ᠋ ᠤᠯᠤᠰ᠎ᠤᠨ ᠲᠤᠭ ᠮᠠᠨᠳᠤᠭᠤᠯᠬᠤ ᠶᠣᠰᠣᠯᠠᠯ ᠦᠪᠡᠳᠡᠭᠰᠢ ᠶᠡᠬᠡ ᠪᠡᠷ ᠶᠠᠪᠤᠭᠳᠠᠪᠠ᠃ ᠲᠦᠮᠡ ᠰᠢᠬᠠᠮ ᠬᠤᠳᠠ᠎ᠶᠢᠨ ᠠᠷᠠᠳ ᠲᠦᠷᠪᠡᠨ ᠵᠦᠭ ᠨᠠᠢ᠍ᠮᠠᠨ ᠵᠣᠪᠬᠢᠰ ᠡᠴᠡ ᠬᠤᠷᠠᠨ ᠴᠤᠬᠯᠠᠷᠠᠵᠤ᠂ ᠬᠢᠵᠠᠭᠠᠯᠠᠰᠢ ᠦᠭᠡᠢ ᠳᠣᠬ᠍ᠳᠣᠯᠤᠬ᠍ᠰᠠᠨ ᠰᠡᠳᠬᠢᠯᠭᠡ᠎ᠪᠡᠷ ᠰᠢᠨ᠎ᠡ ᠳᠤᠮᠳᠠᠳᠤ ᠤᠯᠤᠰ᠎ᠲᠤ ᠬᠠᠮᠤᠭ᠎ᠤᠨ ᠴᠢᠩ ᠰᠡᠳᠬᠢᠯ᠎ᠦᠨ ᠵᠥᠩᠨᠡᠯ ᠳᠡᠪᠰᠢᠭᠦᠯᠦᠭᠰᠡᠨ ᠪᠠᠢᠨ᠎ᠠ᠃

ᠰᠠᠢᠬᠠᠨ ᠦᠵᠡᠮᠵᠢ ᠰᠡᠳᠭᠢᠯ᠎ᠢ ᠰᠣᠭᠲᠣᠭᠤᠷᠠᠭᠤᠯᠤᠨ᠎ᠠ

ᠠᠯᠲᠠᠨ ᠨᠠᠮᠤᠷ᠎ᠤᠨ ᠤᠯᠠᠷᠢᠯ᠎ᠳᠤ᠂ ᠬᠠᠢᠯᠠᠷ᠎ᠤᠨ ᠤᠯᠤᠰ᠎ᠤᠨ ᠤᠢ ᠰᠢᠭᠤᠢ᠎ᠶᠢᠨ ᠴᠡᠴᠡᠷᠯᠢᠭ᠎ᠦᠨ ᠨᠠᠮᠤᠷ᠎ᠤᠨ ᠦᠵᠡᠮᠵᠢ ᠡᠳᠡᠭᠡᠳ ᠭᠤᠶᠤ ᠪᠠᠢᠵᠤ ᠡᠯ᠎ᠡ ᠭᠠᠵᠠᠷ᠎ᠤᠨ ᠵᠢᠭᠤᠯᠴᠢᠯᠠᠬᠰᠠᠳ᠎ᠤᠨ ᠠᠩᠬᠠᠷᠤᠯ᠎ᠢ ᠲᠠᠲᠠᠨ᠎ᠠ᠃ 《ᠡᠨᠡ ᠬᠦ᠌ ᠣᠶ ᠰᠢᠭᠤᠢ᠎ᠳᠤ ᠠᠯᠬᠤᠨ ᠣᠷᠣᠪᠠᠯ ᠰᠠᠶᠢ ᠦᠨᠡᠬᠡᠷ ᠰᠡᠳᠬᠢᠯ ᠳᠣᠭᠳᠣᠯᠵᠤ᠂ ᠬᠣᠲᠠ᠎ᠳᠤ ᠬᠣᠪᠣᠷ ᠲᠣᠬᠢᠶᠠᠯᠳᠤᠬᠤ ᠨᠠᠮᠤᠷ᠎ᠤᠨ ᠪᠠᠯᠠᠷ ᠣᠶ ᠶ᠋ᠢᠨ ᠦᠵᠡᠮᠵᠢ ᠨᠢ ᠰᠡᠳᠬᠢᠯ ᠰᠠᠨᠠᠭ᠎ᠠ᠎ᠶᠢ ᠠᠷᠢᠭᠤᠰᠬᠠᠵᠤ᠂ ᠣᠶ ᠳᠤᠳᠤᠭᠤᠷ ᠠᠯᠬᠤᠯᠠᠬᠤ ᠨᠢ ᠣᠨᠴᠠᠭᠠᠶ ᠰᠤᠯᠠ ᠰᠡᠯᠡᠭᠦᠦ ᠰᠠᠨᠠᠬᠳᠠᠭᠤᠯᠵᠤ᠂ ᠡᠨᠡ ᠤᠳᠠᠭᠠᠨ᠎ᠤ ᠠᠯᠲᠠᠨ ᠨᠠᠮᠤᠷ᠎ᠤᠨ ᠠᠶᠠᠯᠠᠯ᠎ᠢ ᠮᠠᠨᠢ ᠦᠨ᠎ᠡ ᠥᠷᠲᠡᠭ ᠲᠠᠢ ᠪᠤᠯᠭᠠᠪᠠ》 ᠭᠡᠵᠦ ᠵᠢᠶᠠᠩᠰᠤ ᠶ᠋ᠢᠨ ᠸᠠᠩ ᠠᠪᠠᠬᠠᠢ ᠰᠡᠳᠬᠢᠯ ᠲᠤᠭᠳᠤᠯᠵᠤ ᠪᠠᠢᠯ᠎ᠠ᠃

ᠤᠯᠤᠰ᠎ᠤᠨ ᠪᠠᠶᠠᠷ᠎ᠤᠨ ᠬᠤᠭᠤᠴᠠᠭᠠᠨ᠎ᠳᠤ᠂ ᠬᠢᠩᠭᠠᠨ ᠠᠢᠮᠠᠭ᠎ᠤᠨ ᠭᠢᠨ ᠪᠦᠭᠦ ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠦᠨ ᠨᠡᠢᠳᠬᠡᠵᠦ᠂ ᠦᠵᠡᠰᠭᠦᠯᠡᠩ ᠵᠢᠨᠷ ᠰᠤᠳᠤᠯᠤᠨ ᠰᠤᠷᠤᠯᠴᠠᠬᠤ᠂ ᠨᠣᠮ᠎ᠤᠨ ᠬᠡᠰᠢᠭᠲᠦ ᠤᠩᠰᠢᠯᠭ᠎ᠠ ᠵᠡᠷᠭᠡ 50 ᠭᠠᠷᠤᠢ ᠵᠦᠢᠯ᠎ᠦᠨ ᠣᠨᠴᠠᠯᠢᠭ᠍ᠲᠤ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠵᠦ᠂ ᠭᠦᠨ ᠵᠤᠵᠠᠭᠠᠨ ᠬᠤᠪᠢᠰᠬᠠᠯᠳᠤ ᠠᠭᠤᠯᠤᠭᠳᠠᠬᠤᠨ᠂ ᠦᠵᠡᠰᠬᠦᠯᠡᠩᠲᠦ ᠰᠠᠢᠬᠠᠨ ᠠᠮᠢ ᠠᠬᠤᠢ᠎ᠶᠢᠨ ᠥᠩᠭᠡ ᠦᠵᠡᠮᠵᠢ ᠪᠣᠯᠣᠨ ᠦᠷᠭᠡᠨ ᠳᠡᠯᠭᠡᠷ ᠠᠷᠠᠳ᠎ᠤᠨ ᠵᠠᠩ ᠦᠢᠯᠡ᠎ᠶᠢ ᠳᠡᠯᠭᠡᠨ ᠦᠵᠡᠬᠦᠯᠵᠠᠢ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠷᠴᠢᠨ ᠪᠠᠯᠭᠠᠰᠤ 《ᠡᠬᠡ ᠤᠯᠤᠰ᠎ᠤᠨ᠎ᠢᠶᠠᠨ ᠮᠡᠨᠳᠦᠯᠡᠭᠰᠡᠨ ᠪᠠᠶᠠᠷ᠎ᠢ ᠪᠠᠶᠠᠷᠯᠠᠨ ᠪᠡᠯᠭᠡᠯᠡᠵᠦ·ᠨᠤᠲᠤᠭ᠎ᠤᠨ᠎ᠢᠶᠠᠨ ᠮᠥᠷᠥᠭᠡᠳᠦᠯ᠎ᠢᠶᠡᠷ ᠬᠦᠰᠡᠯ ᠵᠡᠭᠦᠳᠦ᠎ᠪᠡᠨ ᠲᠡᠷᠭᠡᠯᠰᠢᠭᠦᠯᠬᠦ》 ᠤᠯᠤᠰ᠎ᠤᠨ ᠪᠠᠶᠠᠷ᠎ᠤᠨ ᠣᠯᠠᠨ ᠲᠦᠮᠡᠨᠴᠢ ᠰᠣᠶᠣᠯ᠎ᠤᠨ ᠠᠵᠢᠯᠯᠠᠭ᠎ᠠ ᠥᠷᠨᠢᠭᠦᠯᠦᠭᠰᠡᠨ ᠪᠠᠢᠨ᠎ᠠ᠃ 《ᠠᠵᠢᠯᠯᠠᠭ᠎ᠠ ᠶ᠋ᠢᠨ ᠠᠭᠤᠯᠭ᠎ᠠ ᠨᠢ ᠣᠨᠴᠠᠭᠠᠶ ᠪᠠᠶᠠᠯᠢᠭ᠋᠂ ᠤᠷᠠᠨ ᠰᠠᠢᠬᠠᠨ᠎ᠤ ᠲᠣᠬ᠍ᠯᠠᠯᠲᠠ ᠦᠵᠡᠭᠰᠡᠨ ᠵᠢᠨᠷ ᠪᠠᠷᠠᠬᠤ ᠦᠭᠡᠢ ᠰᠣᠶᠣᠯ᠎ᠤᠨ ᠣᠷᠳᠣᠨ ᠵᠢᠨᠷ ᠲᠣᠭᠣᠷᠢᠨ᠂ ᠬᠡᠦᠬᠡᠳ᠎ᠲᠦ ᠲᠠᠷᠢᠶᠠᠯᠠᠭ᠎ᠠ ᠵᠢᠨ ᠲᠡᠦᠬᠡ ᠶ᠋ᠢ ᠣᠢᠯᠠᠭᠠᠭᠤᠯᠵᠤ ᠴᠢᠳᠠᠬᠰᠠᠨ ᠶᠤᠮ》 ᠭᠡᠵᠦ ᠵᠢᠭᠤᠯᠴᠢᠯᠠᠬᠴᠢ ᠸᠠᠩ ᠵᠢᠩ ᡁᠢ ᠬᠡᠯᠡᠯ᠎ᠡ᠃

ᠤᠯᠤᠰ᠎ᠤᠨ ᠪᠠᠶᠠᠷ᠎ᠤᠨ ᠡᠳᠦᠷ᠂ ᠰᠢᠯᠢ ᠵᠢᠨ ᠭᠤᠤᠯ ᠠᠢᠮᠠᠭ᠎ᠤᠨ ᠠᠪᠠᠭ᠎ᠠ ᠬᠣᠰᠢᠭᠤᠨ᠎ᠤ ᠪᠡᠯᠭᠦᠳᠡᠢ ᠪᠠᠯᠭᠠᠰᠤ᠎ᠠᠴᠠ ᠮᠠᠯᠵᠢᠬᠤ ᠣᠷᠣᠨ ᠬᠦᠷᠲᠡᠯ᠎ᠡ᠂ ᠲᠠᠪᠤᠨ ᠣᠳᠣᠲᠤ ᠤᠯᠠᠭᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠵᠤ᠂ ᠵᠡᠭᠡᠯᠢ ᠭᠤᠳᠤᠮᠵᠢ᠂ ᠠᠭᠤᠳᠠᠮ ᠲᠠᠯᠠᠪᠠᠢ᠎ᠳᠤ ᠪᠠᠶᠠᠷ ᠬᠦᠷ᠎ᠲᠠᠢ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢᠶᠠᠷ ᠪᠢᠯᠬᠠᠨ᠎ᠠ᠃ ᠺᠠᠳ᠋ᠷ ᠤᠯᠠᠨ ᠲᠦᠮᠡᠨ ᠡᠯ᠎ᠡ ᠵᠦᠢᠯ᠎ᠤᠨ ᠠᠵᠢᠯᠯᠠᠭ᠎ᠠ᠎ᠳᠤ ᠢᠳᠡᠪᠬᠢᠲᠡᠢ ᠤᠷᠤᠯᠴᠠᠵᠤ᠂ ᠪᠤᠷᠤᠭᠵᠢᠭᠤᠨ ᠦᠨᠡᠨᠴᠢ ᠠᠷᠭ᠎ᠠ ᠮᠠᠶᠢᠭ᠎ᠢᠶᠡᠷ ᠡᠬᠡ ᠤᠯᠤᠰ ᠲᠠᠭᠠᠨ ᠬᠦᠨᠳᠦᠳᠭᠡᠯ ᠲᠡᠪᠰᠢᠭᠦᠯᠦᠭᠰᠡᠨ ᠪᠠᠢᠨ᠎ᠠ᠃

ᠤᠯᠤᠰ᠎ᠤᠨ ᠪᠠᠶᠠᠷ᠎ᠤᠨ ᠡᠳᠦᠷ᠂ ᠠᠯᠠᠱᠠ ᠠᠢᠮᠠᠭ ᠵᠢᠭᠤᠯᠴᠢᠯᠡᠯ᠎ᠤᠨ ᠤᠷᠬᠢᠯ ᠬᠤᠭᠤᠴᠠᠭ᠎ᠠ᠎ᠪᠠᠨ ᠤᠭᠲᠤᠨ ᠠᠪᠤᠯ᠎ᠠ᠃ ᠡᠵᠡᠨ᠎ᠡ ᠬᠣᠰᠢᠭᠤᠨ᠎ᠤ ᠲᠣᠣᠷᠠᠢ᠎ᠶᠢᠨ ᠤᠢ ᠬᠠᠮᠤᠭ᠎ᠤᠨ ᠰᠠᠢᠬᠠᠨ ᠦᠵᠡᠮᠦᠷᠢ᠎ᠶᠢᠨ ᠬᠤᠭᠤᠴᠠᠭᠠᠨ᠎ᠳᠠᠭᠠᠨ ᠣᠷᠣᠵᠤ᠂ ᠪᠦᠬᠦ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠭᠰᠠᠳ ᠬᠦᠷᠦᠯᠴᠡᠨ ᠢᠷᠡᠵᠥ᠂ ᠡᠯᠡᠰᠦ ᠮᠠᠨᠭᠬᠠᠨ᠎ᠤ ᠦᠵᠡᠮᠵᠢ᠎ᠳᠤ ᠰᠤᠭᠳᠤᠭᠤᠷᠡᠨ᠎ᠠ᠃ 2026 ᠣᠨ᠎ᠤ 21 ᠳ᠋ᠤᠭᠡᠷ ᠬᠤᠭᠤᠴᠠᠭᠠᠨ᠎ᠤ ᠠᠯᠠᠱᠠ᠎ᠪᠠᠭᠠᠲᠤᠷᠴᠤᠳ᠎ᠤᠨ ᠴᠤᠭᠯᠠᠭᠠᠨ᠂ ᠲᠦᠷᠪᠡᠨ ᠵᠦᠭ ᠨᠠᠢ᠍ᠮᠠᠨ ᠵᠣᠪᠬᠢᠰ᠎ᠤᠨ ᠬᠡᠭᠡᠷᠡᠯᠡᠭᠴᠢᠳ ᠵᠢᠴᠢ ᠵᠢᠭᠤᠯᠴᠢᠯᠠᠭᠰᠠᠳ᠎ᠤᠨ ᠠᠩᠬᠠᠷᠤᠯ᠎ᠢ ᠲᠠᠲᠠᠨ᠂ ᠪᠦᠬᠦᠳᠡᠬᠡᠷ ᠲᠡᠭᠷᠢ ᠡᠯᠡᠰᠦᠨ᠎ᠳᠦ ᠬᠤᠷᠠᠨ ᠴᠤᠭᠯᠠᠷᠠᠵᠤ᠂ ᠠᠯᠳᠠᠨ ᠰᠢᠷᠭᠠᠯ ᠡᠯᠡᠰᠦᠨ ᠲᠠᠯᠠᠢ᠎ᠳᠦ ᠰᠡᠳᠬᠢᠯ ᠠᠭᠤᠵᠢᠷᠠᠳᠡᠯ᠎ᠠ ᠪᠠᠶᠠᠰᠴᠤ᠂ ᠡᠯᠡᠰᠦᠨ ᠴᠦᠯ᠎ᠦᠨ ᠷᠣᠮᠠᠨᠲ᠋ᠢᠭ᠋᠎ᠢ ᠦᠪᠡᠷ᠎ᠤᠨ ᠡᠷᠬᠡ ᠦᠬᠡᠢ ᠮᠡᠳᠡᠷᠡᠵᠦ ᠪᠠᠢᠯ᠎ᠠ᠃

ᠪᠠᠶᠠᠷ᠎ᠤᠨ ᠡᠳᠦᠷ ᠠᠵᠢᠯ᠎ᠤᠨ ᠪᠠᠢᠷᠢ ᠪᠡᠨ ᠪᠠᠳᠤ ᠰᠠᠬᠢᠨ᠎ᠠ

ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠬᠥᠬᠡᠬᠣᠲᠠ᠎ᠶᠢᠨ ᠶᠡᠬᠡ ᠵᠤᠤ ᠠᠭᠤᠳᠠᠮ ᠲᠠᠯᠠᠪᠠᠢ᠂ ᠪᠣᠭᠣᠮᠲᠠ᠎ᠶᠢᠨ ᠭᠠᠳᠠᠨᠠᠬᠢ ᠬᠠᠭᠤᠴᠢᠨ ᠵᠡᠭᠡᠯᠢ ᠵᠡᠷᠭᠡ ᠭᠠᠵᠠᠷ᠎ᠲᠤ ᠵᠢᠭᠤᠯᠴᠢᠯᠠᠭᠰᠠᠳ ᠵᠢᠡᠷ ᠳᠦᠬᠦᠷᠴᠦ ᠪᠠᠢᠯ᠎ᠠ᠃ ᠦᠵᠡᠮᠵᠢ᠎ᠶᠢᠨ ᠣᠷᠣᠨ ᠵᠢᠴᠢ ᠣᠷᠴᠢᠨ ᠲᠣᠭᠣᠷᠢᠨ᠎ᠤ ᠠᠷᠢᠭᠤᠨ ᠴᠡᠪᠡᠷ ᠪᠠᠢᠬᠤ᠎ᠶᠢ ᠦᠨᠡᠨ ᠬᠦ᠌ ᠪᠠᠲᠤᠯᠠᠬᠤ᠎ᠶᠢᠨ ᠲᠤᠰᠠᠳᠠ ᠢᠦᠢᠴᠢᠤᠸᠠᠨ ᠲᠣᠭᠣᠷᠢᠭ᠋᠎ᠤᠨ ᠦᠵᠡᠮᠵᠢ᠎ᠶᠢᠨ ᠣᠷᠣᠨ᠎ᠤ ᠦᠢᠯᠡᠴᠢᠯᠡᠭᠡᠨ᠎ᠦ ᠲᠥᠪ ᠪᠣᠯᠣᠨ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠦᠢᠯᠡᠴᠢᠯᠡᠭᠡᠨ᠎ᠦ ᠲᠥᠪ᠎ᠦᠨ ᠪᠦᠬᠦ ᠠᠵᠢᠯᠲᠠᠳ ᠠᠵᠢᠯ᠎ᠤᠨ ᠪᠠᠢᠷᠢ᠎ᠪᠡᠨ ᠪᠠᠳᠤ ᠰᠠᠬᠢᠨ᠎ᠠ᠃ ᠬᠠᠮᠢᠶᠠᠷᠬᠤ᠂ ᠠᠮᠤᠷ᠎ᠢ ᠬᠠᠮᠠᠭᠠᠯᠠᠬᠤ᠂ ᠠᠷᠢᠭᠤᠨ ᠴᠡᠪᠡᠷ᠎ᠢ ᠪᠠᠳᠤᠯᠬᠠᠤ ᠠᠵᠢᠯᠲᠠᠨ ᠠᠵᠢᠯ᠎ᠤᠨ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠡᠳᠦᠷ ᠨᠢ ᠠᠷᠢᠭᠤᠨ ᠴᠡᠪᠡᠷ᠂ ᠠᠮᠤᠷ᠎ᠢ ᠬᠠᠮᠠᠭᠠᠯᠠᠬᠤ᠂ ᠲᠣᠭᠣᠷᠢᠨ ᠪᠠᠢᠴᠠᠭᠠᠯᠲᠠ ᠵᠢᠨ ᠠᠵᠢᠯ ᠬᠢᠵᠦ᠂ ᠰᠥᠨᠢ ᠨᠢ ᠴᠠᠭᠳᠠᠨ ᠪᠠᠢᠴᠠᠭᠠᠯᠲᠠ ᠥᠷᠨᠢᠭᠦᠯᠵᠦ᠂ ᠭᠡᠨᠡᠳᠲᠡ᠎ᠶᠢᠨ ᠠᠰᠠᠭᠤᠳᠠᠯ᠎ᠢ ᠴᠠᠭ ᠲᠤᠬᠠᠢ ᠳ᠋ᠤᠨᠢ ᠰᠢᠢᠳᠪᠦᠷᠢᠯᠡᠵᠦ᠂ ᠦᠵᠡᠮᠵᠢ᠎ᠶᠢᠨ ᠣᠷᠣᠨ᠎ᠤ ᠠᠮᠤᠷ ᠲᠦᠪᠰᠢᠨ᠎ᠢ ᠪᠥᠬᠥ ᠰᠡᠳᠬᠢᠯ᠎ᠢᠶᠡᠷ᠎ᠢᠶᠡᠨ ᠰᠠᠬᠢᠨ ᠬᠠᠮᠠᠭᠠᠯᠠᠨ᠎ᠠ᠃

ᠤᠯᠤᠰ᠎ᠤᠨ ᠪᠠᠶᠠᠷ᠎ᠤᠨ ᠠᠮᠠᠷᠠᠯᠲᠠ᠎ᠳᠤ᠂ ᠪᠤᠭᠤᠲᠤ ᠬᠤᠳᠠ᠎ᠶᠢᠨ ᠲᠦᠮᠡᠳ ᠪᠠᠷᠠᠭᠤᠨ ᠬᠣᠰᠢᠭᠤᠨ᠎ᠤ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠣᠶᠠᠷ ᠭᠣᠣᠯᠳᠠᠯᠭ᠎ᠠ᠎ᠲᠠᠢ ᠲᠦᠷᠦᠯ ᠵᠦᠢᠯ᠎ᠦᠨ ᠪᠠᠷᠢᠯᠭ᠎ᠠ᠎ᠶᠢᠨ ᠲᠤᠬᠠᠢ᠎ᠶᠢᠨ ᠲᠠᠯᠠᠪᠠᠢ᠎ᠳᠤ ᠠᠵᠢᠯ ᠢᠳᠡ ᠬᠦᠭ ᠲᠡᠢ ᠶᠠᠪᠤᠭᠳᠠᠵᠤ ᠪᠠᠢᠯ᠎ᠠ᠃ ᠯᠢᠶᠣᠤᠨᠢᠩ᠎ᠤᠨ ᠠᠵᠢᠯᠴᠢᠨ ᠵᠢᠶᠠᠩ ᠵᠢᠶᠠ ᠸᠧᠢ ᠪᠠᠷᠢᠯᠭ᠎ᠠ᠎ᠶᠢᠨ ᠭᠠᠵᠠᠷ᠎ᠲᠤ ᠢᠷᠡᠭᠰᠡᠨ 4 ᠰᠠᠷ᠎ᠠ᠎ᠶᠢᠨ ᠲᠤᠷᠰᠢ᠂ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠂ ᠤᠯᠤᠰ᠎ᠤᠨ ᠪᠠᠶᠠᠷ᠎ᠤᠨ ᠬᠤᠤᠰ ᠪᠠᠶᠠᠷ᠎ᠤᠨ ᠪᠦᠬᠦ ᠶᠠᠪᠤᠴᠠ᠎ᠳᠦ ᠲᠡᠷᠡ ᠠᠵᠢᠯ᠎ᠤᠨ ᠪᠠᠢᠷᠢ ᠪᠡᠨ ᠪᠠᠲᠤ ᠰᠠᠬᠢᠨ᠎ᠠ᠃ ᠡᠨᠡ ᠬᠦ᠌ ᠠᠮᠠᠷᠠᠯᠲᠠ᠎ᠶᠢᠨ ᠬᠤᠭᠤᠴᠠᠭᠠᠨ᠎ᠳᠤ᠂ ᠪᠦᠲᠦᠭᠡᠨ ᠪᠠᠢᠭᠤᠯᠤᠯᠲᠠ᠎ᠳᠤ ᠣᠷᠣᠯᠴᠠᠭᠰᠠᠨ ᠳᠥᠷᠪᠡᠨ ᠨᠢᠭᠡᠴᠢ᠎ᠶᠢᠨ 617 ᠪᠦᠲᠦᠭᠡᠨ ᠪᠠᠢᠭᠤᠯᠤᠯᠲᠠ᠎ᠶᠢᠨ ᠠᠵᠢᠯᠲᠠᠨ ᠠᠮᠠᠷᠠᠯᠲᠠ ᠠᠪᠬᠤ᠎ᠪᠠᠨ ᠪᠣᠯᠢᠵᠤ᠂ ᠪᠠᠷᠢᠯᠭ᠎ᠠ᠎ᠶᠢᠨ ᠪᠦᠬᠦ ᠠᠵᠢᠯ᠎ᠤᠨ ᠠᠬᠢᠴᠠ᠎ᠶᠢᠨ 40% ᠎ᠶ᠋ᠢ ᠨᠢᠭᠡᠨᠲᠡ ᠪᠡᠶᠡᠯᠡᠭᠦᠯᠵᠡᠢ᠃

10 ᠰᠠᠷ᠎ᠠ᠎ᠶᠢᠨ 1᠎ᠤ᠋ ᠥᠷᠯᠥᠭᠡ᠂ ᠲᠦᠩᠯᠢᠶᠣᠣ᠎ᠶᠢᠨ ᠬᠤᠳᠠ᠎ᠶᠢᠨ ᠠᠷᠠᠳ᠎ᠤᠨ ᠠᠭᠤᠳᠠᠮ ᠲᠠᠯᠠᠪᠠᠢ᠎ᠶᠢᠨ ᠴᠠᠬᠢᠯᠭᠠᠨ ᠬᠠᠩᠭᠠᠬᠤ ᠲᠥᠬᠦᠭᠡᠷᠦᠮᠵᠢ᠎ᠶᠢᠨ ᠬᠠᠵᠠᠭᠤ᠎ᠳᠤ᠂ ᠤᠯᠤᠰ᠎ᠤᠨ ᠴᠠᠬᠢᠯᠭᠠᠨ ᠲᠣᠣᠷ᠎ᠤᠨ ᠰᠢᠨ᠎ᠡ ᠬᠤᠳᠠ ᠲᠣᠭᠣᠷᠢᠭ᠋᠎ᠤᠨ ᠴᠠᠬᠢᠯᠭᠠᠨ ᠬᠠᠩᠭᠠᠬᠤ ᠺᠣᠮᠫᠠᠨᠢ᠎ᠶᠢᠨ ᠲᠣᠭᠣᠷᠢᠨ ᠪᠠᠢᠴᠠᠭᠠᠭ᠍ᠴᠢ ᠶᠠᠨ ᠽᠸ ᠤᠯᠠᠭᠠᠨ᠎ᠤ ᠭᠠᠳᠠᠨᠠᠬᠢ ᠳᠤᠯᠠᠭᠠᠨ᠎ᠤ ᠬᠡᠮᠵᠢᠭᠦᠷ ᠪᠠᠷᠢᠵᠤ᠂ ᠬᠦᠴᠦᠳᠡᠯ ᠥᠭᠡᠷᠡᠴᠢᠯᠡᠭᠴᠢ ᠵᠡᠷᠭᠡ ᠵᠢ ᠨᠢᠭᠡᠳ ᠨᠢᠭᠡ ᠪᠡᠷ ᠰᠢᠯᠭᠠᠵᠤ ᠲᠡᠮᠳᠡᠭᠯᠡᠨ᠎ᠡ᠃《ᠡᠨᠡ ᠣᠷᠣᠢ ᠲᠠᠯᠠᠪᠠᠶ ᠳᠡᠭᠡᠷ᠎ᠡ ᠤᠯᠤᠰ᠎ᠤᠨ ᠪᠠᠶᠠᠷ᠎ᠤᠨ ᠰᠡᠳᠦᠪᠲᠦ ᠲᠣᠭᠯᠠᠯᠲᠠ ᠭᠠᠷᠭᠠᠬᠤ ᠪᠤᠯᠬᠤᠷ ᠠᠵᠢᠯᠴᠢᠳ ᠳ᠋ᠧᠩ᠎ᠦᠨ ᠤᠲᠠᠰᠤ ᠱᠤᠭᠤᠮ᠎ᠢ ᠲᠤᠷᠰᠢᠨ ᠲᠣᠬᠢᠷᠠᠭᠤᠯᠵᠤ ᠪᠠᠢᠨ᠎ᠠ᠃ ᠣᠷᠣᠢ ᠪᠣᠯᠵᠤ ᠳ᠋ᠧᠩ᠂ ᠳᠠᠭᠤ ᠲᠤᠮᠤᠷᠠᠭᠤᠯᠤᠭᠴᠢ ᠵᠢ ᠵᠡᠷᠭᠡᠪᠡᠷ ᠨᠡᠭᠡᠬᠡᠪᠡᠯ ᠴᠠᠬᠢᠯᠭᠠᠨ᠎ᠤ ᠠᠴᠢᠶᠠᠯᠠᠪᠤᠷᠢ ᠰᠢᠭᠤᠳ ᠨᠡᠮᠡᠭᠳᠡᠬᠦ ᠪᠤᠯᠬᠤᠷ ᠠᠰᠠᠭᠤᠳᠠᠯ ᠭᠠᠷᠬᠤ ᠡᠴᠡ ᠤᠷᠢᠳᠴᠢᠯᠠᠨ ᠰᠡᠷᠭᠡᠢᠯᠡᠬᠦ ᠬᠡᠷᠡᠭᠳᠡᠢ》᠃ ᠶᠠᠨ ᠽᠧ ᠲᠣᠭ᠎ᠠ ᠪᠠᠷᠢᠮᠲᠠ᠎ᠶᠢ ᠬᠠᠷᠭᠤᠭᠤᠯᠵᠤ ᠦᠵᠡᠭᠡᠳ᠂ ᠲᠣᠨᠣᠭ ᠲᠥᠬᠦᠭᠡᠷᠦᠮᠵᠢ ᠬᠡᠪ᠎ᠦᠨ ᠪᠤᠰᠤ ᠪᠠᠢᠳᠠᠯ ᠦᠭᠡᠢ ᠪᠠᠢᠬᠤ᠎ᠶᠢ ᠨᠤᠲᠠᠯᠠᠭᠰᠠᠨ᠎ᠤ ᠳᠠᠷᠠᠭ᠎ᠠ ᠰᠠᠶᠢ ᠪᠤᠴᠠᠪᠠ᠃

10 ᠰᠠᠷ᠎ᠠ᠎ᠶᠢᠨ 1᠎ᠤ᠋ ᠦᠳᠡ᠎ᠳᠦ᠂ ᠤᠯᠠᠭᠠᠨᠬᠠᠳᠠ ᠬᠣᠲᠠ᠎ᠶᠢᠨ ᠯᠢᠨᠰᠢ ᠰᠢᠶᠠᠨ᠎ᠤ ᠬᠣᠩ ᠯᠢᠨ ᠨᠡᠢᠭᠡᠮ ᠲᠣᠭᠣᠷᠢᠭ᠋᠎ᠤᠨ 《ᠤᠯᠠᠭᠠᠨ ᠠᠨᠠᠷ᠎ᠤᠨ ᠭᠡᠷ ᠪᠦᠯᠢ》 ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠥᠷᠲᠡᠭᠡ᠎ᠳᠦ AI ᠣᠶᠤᠨᠲᠤ ᠬᠠᠭᠤᠷᠤᠯᠭ᠎ᠠ᠎ᠶᠢᠨ ᠮᠠᠰᠢᠨ ᠬᠥᠮᠥᠨ ᠨᠤᠭᠤᠭ᠎ᠠ ᠵᠠᠭᠤᠰᠢ ᠪᠡᠯᠡᠳᠬᠡᠵᠤ ᠶᠠᠭᠠᠷᠠᠨ᠎ᠠ᠃ 83 ᠨᠠᠰᠤᠲᠠᠢ ᠯᠢ ᠬᠣᠩ ᠺᠦᠢ ᠬᠠᠭᠤᠷᠤᠭᠰᠠᠨ ᠨᠣᠭᠣᠭ᠎ᠠ ᠵᠢ ᠲᠤᠰᠤᠭᠠᠳ᠄ 《ᠭᠠᠯ᠎ᠤᠨ ᠬᠦᠭ ᠨᠢ ᠲᠠᠭᠠᠷᠠᠵᠤ᠂ ᠲᠣᠰᠣ᠌ ᠳᠠᠪᠤᠰᠤ ᠪᠡᠷ ᠪᠠᠭ᠎ᠠ᠂ ᠪᠢ ᠡᠳᠦᠷ ᠪᠤᠯᠭᠠᠨ ᠡᠨᠳᠡ ᠢᠷᠡᠵᠦ ᠬᠣᠭᠣᠯᠠ ᠢᠳᠡᠵᠦ᠂ ᠰᠢᠲᠠᠷ᠎ᠠ ᠲᠠᠯᠪᠢᠵᠤ᠂ ᠹᠢᠽᠢᠺ ᠵᠠᠰᠠᠯ ᠬᠢᠯᠭᠡᠵᠦ ᠪᠠᠢᠨ᠎ᠠ᠂ ᠡᠨᠡ ᠪᠣᠯ ᠮᠢᠨᠤ ᠬᠣᠶᠠᠳᠤᠭᠠᠷ ᠭᠡᠷ ᠮᠦᠨ!》ᠭᠡᠪᠡ᠃ ᠦᠢᠯᠡᠴᠢᠯᠡᠭᠡᠨ᠎ᠦ ᠥᠷᠲᠡᠭᠡ ᠵᠢᠨ ᠬᠠᠷᠢᠭᠤᠴᠠᠯᠭᠠᠲᠠᠨ ᠽᠠᠩ ᠹᠧᠩ ᠯᠢ᠄ 《ᠠᠮᠠᠷᠠᠯᠲᠠ᠎ᠶᠢᠨ ᠬᠤᠭᠤᠴᠠᠭᠠᠨ᠎ᠤ ᠦᠢᠯᠡᠴᠢᠯᠡᠭᠡ ᠎ᠶᠢ ᠲᠠᠰᠤᠯᠳᠠᠭᠤᠯᠵᠤ ᠪᠣᠯᠬᠤ ᠦᠭᠡᠢ᠂ ᠨᠠᠰᠤᠲᠠᠳ ᠰᠠᠨᠠᠭ᠎ᠠ ᠲᠠᠢᠪᠤᠭᠤ ᠪᠠᠢᠪᠠᠯ ᠪᠢᠳᠡ ᠰᠠᠶᠢ ᠰᠡᠳᠬᠢᠯ ᠠᠮᠤᠷ ᠪᠠᠢᠵᠤ ᠴᠢᠳᠠᠨ᠎ᠠ》 ᠭᠡᠵᠡᠢ᠃

(ᠰᠤᠷᠪᠤᠯᠵᠢᠯᠠᠭ᠍ᠴᠢ ᠬᠠᠢ ᠵᠢᠶᠦᠢ᠍ᠨ ᠪᠥᠸᠧ ᠵᠢᠨ ᠹᠧᠩ ᠪᠤᠶᠠᠠᠡᠨᠡᠷᠢᠯ ᠬᠤᠤ ᠪᠢᠶᠣᠣ ᠯᠢ ᠺᠧ ᠰᠢᠨ ᠭᠣᠸ᠋ ᠮᠢᠨ ᠨᠠ ᠪᠠᠶᠠᠰᠬᠤᠯᠠᠩ ᠯᠢᠦ ᠬᠣᠩ ᠵᠠᠩ ᠬᠤᠸᠠᠩ ᠹᠦ ᠰᠢᠸ᠋ ᠯᠢᠩ ᠰᠥᠩ ᠠ ᠨᠠᠨ ᠯᠢ ᠵᠢᠶᠠ ᠢᠦᠢ ᠰᠢᠶᠣᠣ ᠯᠦ᠍ ᠴᠧᠨ ᠴᠦᠨ ᠶᠠᠨ ᠶᠡᠷᠦᠩᠬᠡᠢᠯᠡᠨ ᠮᠡᠳᠡᠭᠡᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面