ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-21 13:42:36

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠶᠠᠷᠢᠶ᠎ᠠ ᠲᠠᠯᠪᠢᠵᠠᠶ


10 ᠰᠠᠷ᠎ᠠ᠎ᠶᠢᠨ 9 ᠤ᠋ ᠦᠳᠡ᠎ᠶᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠪᠠᠶ᠋ᠢᠩᠭᠤ᠎ᠶᠢᠨ ᠬᠤᠷᠢᠶ᠎ᠠ ᠵᠢᠨ ᠠᠷᠪᠠᠨ ᠨᠠᠢ᠍ᠮᠠᠳᠤᠭᠠᠷ ᠬᠤᠷᠠᠯ ᠬᠥᠬᠡᠬᠣᠲᠠ᠎ᠳᠤ ᠲᠡᠭᠦᠰᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ ᠰᠦᠶ ᠴᠢᠩ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠯᠦᠸᠧ ᡁᠢ ᠬᠤ᠌ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠶ ᠴᠧᠩ᠂ ᠶᠠᠩ ᠵᠢᠶᠧ᠂ ᠵᠢᠨ ᠵᠤᠸᠠᠩ᠂ ᠢᠦᠶ ᠷᠧᠨ ᠵᠢᠶᠧ ᠬᠤᠷᠠᠯ᠎ᠳᠤ ᠣᠷᠣᠯᠴᠠᠵᠠᠶ᠃

ᠬᠤᠷᠠᠯ᠎ᠡᠴᠡ᠂ ᠤᠯᠠᠮᠵᠢᠯᠠᠯᠲᠤ᠌ ᠠᠵᠤ ᠦᠢᠯᠡᠰ᠎ᠦᠨ 《ᠣᠶᠤᠨᠴᠢᠯᠠᠭᠰᠠᠨ ᠲᠡᠢᠰᠢ ᠦᠭᠡᠷᠡᠴᠢᠯᠡᠬᠦ ᠲᠣᠭᠠᠴᠢᠯᠠᠭᠰᠠᠨ ᠲᠡᠢᠰᠢ ᠬᠤᠪᠢᠷᠠᠭᠤᠯᠬᠤ》 ᠵᠢ ᠠᠬᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠶ ᠶᠤᠮ᠃ ᠤᠯᠤᠰ ᠲᠥᠷᠥ᠎ᠶᠢᠨ ᠵᠥᠪᠯᠡᠯᠭᠡᠨ᠎ᠦ ᠲᠤᠰᠬᠠᠶ ᠵᠥᠪᠯᠡᠬᠦ᠌ ᠪᠠᠶ᠋ᠢᠭᠤᠯᠤᠮᠵᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠠᠰ ᠳᠠᠪᠬᠤᠷᠭ᠎ᠠ ᠲᠥᠷᠥᠯ ᠬᠤᠪᠢᠶᠠᠨ ᠠᠵᠤ ᠠᠬᠤᠶ᠋ᠢᠯᠠᠯ᠂ ᠠᠵᠤ ᠦᠢᠯᠡᠰ᠎ᠦᠨ ᠬᠡᠯᠬᠢᠶ᠎ᠡ᠂ ᠠᠵᠤ ᠦᠢᠯᠡᠰ᠎ᠦᠨ ᠠᠮᠢ ᠠᠬᠤᠶ᠎ᠶᠢ ᠲᠣᠭᠠᠴᠢᠯᠠᠯᠳᠠ ᠤᠶᠤᠨᠴᠢᠯᠠᠯᠳᠠ ᠲᠡᠢᠰᠢ ᠥᠭᠡᠷᠡᠴᠢᠯᠡᠨ ᠲᠠᠰ ᠳᠡᠪᠰᠢᠭᠦᠯᠬᠦ᠌ ᠵᠠᠮ᠎ᠢ ᠰᠢᠯᠤᠭᠤᠳᠬᠠᠬᠤ ᠵᠢᠨ ᠲᠣᠭᠣᠷᠢᠨ᠎ᠳᠤ ᠢᠳᠡᠪᠬᠢᠲᠡᠶ᠎ᠪᠡᠷ ᠠᠷᠭ᠎ᠠ ᠤᠬᠠᠭᠠᠨ ᠲᠡᠪᠰᠢᠬᠦᠯᠦᠨ ᠵᠠᠰᠠᠭ᠎ᠲᠤ᠌ ᠲᠤᠰᠠᠯᠠᠵᠤ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠡᠷ ᠨᠢᠭᠲᠠᠷᠠᠭᠤᠯᠵᠤ᠂ ᠮᠠᠨ᠎ᠤ ᠣᠷᠣᠨ᠎ᠤ ᠤᠯᠠᠮᠵᠢᠯᠠᠯᠲᠤ᠌ ᠠᠵᠤ ᠦᠢᠯᠡᠰ᠎ᠦᠨ ᠪᠥᠬᠥ᠌ ᠡᠯᠧᠮᠧᠨ᠋ᠲ᠎ᠦᠨ ᠦᠢᠯᠡᠳᠪᠦᠷᠢᠯᠡᠯ᠎ᠦᠨ ᠦᠷ᠎ᠡ ᠪᠦᠲᠦᠮᠵᠢ᠎ᠶᠢᠨ ᠰᠢᠰᠲ᠋ᠧᠮ᠎ᠦᠨ ᠴᠢᠨᠠᠷᠲᠠᠶ ᠳᠡᠭᠡᠭᠰᠢᠯᠡᠯᠲᠡ᠎ᠶᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠬᠦ᠌ ᠬᠡᠷᠡᠭᠲᠡᠶ ᠭᠡᠵᠦ ᠲᠤᠷᠠᠳᠪᠠ᠃

ᠬᠤᠷᠠᠯ᠎ᠡᠴᠡ ᠪᠠᠰᠠ ᠬᠤᠯᠪᠤᠬᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢᠯᠡᠰ᠎ᠢ ᠬᠢᠨᠠᠨ ᠵᠥᠪᠯᠡᠵᠦ᠍ ᠪᠠᠲᠤᠯᠠᠪᠠ᠃ ᠬᠤᠷᠠᠯ᠎ᠡᠴᠡ ᠡᠮᠦᠨ᠎ᠡ᠂ ᠬᠣᠯᠪᠣᠭᠳᠠᠯ ᠪᠦᠬᠦᠢ ᠬᠦᠷᠢᠶᠡᠨ᠎ᠦ ᠲᠤᠰᠬᠠᠢ ᠮᠡᠷᠭᠡᠵᠢᠯᠲᠡᠨ ᠤᠷᠢᠯᠭ᠎ᠠ᠎ᠪᠠᠷ ᠲᠤᠰᠬᠠᠢ ᠰᠡᠳᠦᠪᠲᠦ᠍ ᠲᠠᠶ᠋ᠢᠯᠤᠮᠵᠢ ᠬᠢᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面