2026-10-21 13:42:36
ᠵᠠᠩ ᠶᠠᠨ ᠺᠦᠨ ᠬᠤᠷᠠᠯ᠎ᠢ ᠡᠷᠭᠢᠯᠡᠵᠡᠢ
10 ᠰᠠᠷ᠎ᠠ᠎ᠶᠢᠨ 8 ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠠᠷᠪᠠᠨ ᠨᠠᠢ᠍ᠮᠠᠳᠤᠭᠠᠷ ᠬᠤᠷᠠᠯ ᠬᠥᠬᠡᠬᠣᠲᠠ᠎ᠳᠤ ᠡᠬᠢᠯᠡᠪᠡ᠃ ᠬᠤᠷᠠᠯ ᠡᠴᠡ 《ᠤᠯᠠᠮᠵᠢᠯᠠᠯᠲᠤ ᠠᠵᠤ ᠦᠢᠯᠡᠰ᠎ᠢ 〈ᠤᠶᠤᠨᠴᠢᠯᠠᠯᠲᠠ ᠲᠡᠢᠰᠢ ᠦᠬᠡᠷᠡᠴᠢᠯᠡᠵᠦ ᠲᠤᠭᠠᠴᠢᠯᠠᠯᠳᠡ ᠲᠡᠢᠰᠢ ᠬᠤᠪᠢᠷᠠᠭᠤᠯᠵᠤ〉᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠰᠠᠭᠤᠷᠢ᠎ᠶᠢ ᠪᠡᠬᠢᠵᠢᠭᠦᠯᠬᠦ》ᠵᠢᠨ ᠲᠤᠭᠤᠷᠢᠨ ᠳ᠋ᠤ ᠲᠤᠰᠬᠠᠢ ᠰᠡᠳᠦᠪᠳᠤᠵᠠᠰᠠᠭᠤᠨ ᠶᠠᠪᠤᠳᠠᠯ᠎ᠢ ᠵᠥᠪᠯᠡᠬᠦ ᠴᠢᠨᠠᠷᠲᠠᠢ ᠵᠥᠪᠯᠡᠯᠭᠡ ᠬᠢᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠢᠯᠠᠩ᠎ᠤᠨ ᠳᠡᠳ᠋ ᠱᠦᠵᠢ ᠰᠦᠢ ᠴᠢᠩ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠳᠠᠶ᠋ᠢᠴᠢᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠯᠥᠸᠧ ᡁᠢ ᠬᠤ᠌᠂ ᠴᠡᠴᠡᠭ᠂ ᠸᠧᠢ ᠭᠦᠸᠧ ᠨᠠᠨ᠂ ᠵᠠᠩ ᠯᠧᠢ᠂ ᠵᠠᠩ ᠪᠠᠢ ᠴᠧᠩ᠂ ᠶᠠᠩ ᠵᠢᠶᠸ᠂ ᠵᠢᠨ ᠵᠤᠸᠠᠩ᠂ ᠢᠦᠢ ᠷᠧᠨ ᠵᠢᠶᠧ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠠᠨ ᠷᠦᠨ ᠱᠧᠩ ᠪᠠᠢᠴᠠᠭᠠᠨ ᠰᠤᠳᠤᠯᠤᠭᠰᠠᠨ ᠪᠠᠢᠳᠠᠯ᠎ᠤᠨ ᠲᠣᠳᠣᠷᠬᠠᠢᠯᠠᠯᠲᠠ ᠬᠢᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠭᠡᠰᠢᠭᠦᠨ ᠵᠠᠩ ᠢ ᠯᠢᠩ᠂ ᠰᠢᠦᠢ ᠺᠸ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠸᠠᠩ ᠶᠦᠩ ᠯᠸ᠂ ᠸᠠᠩ ᠰᠠᠨ ᠮᠢᠨ ᠪᠣᠯᠣᠨ ᠬᠣᠯᠪᠣᠭᠳᠠᠯ ᠪᠦᠬᠦᠢ ᠨᠢᠭᠡᠴᠢ᠎ᠶᠢᠨ ᠲᠥᠯᠥᠭᠡᠯᠡᠭᠴᠢ ᠵᠥᠪᠯᠡᠬᠦ ᠰᠡᠳᠦᠪ᠎ᠦᠨ ᠲᠣᠭᠣᠷᠢᠨ᠎ᠳᠤ ᠦᠭᠡ ᠬᠡᠯᠡᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠂ ᠡᠨᠧᠷᠭᠢ᠎ᠶᠢᠨ ᠲᠣᠪᠴᠢᠶ᠎ᠠ᠂ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠪᠠ ᠳ᠋ᠠᠢᠲ᠋ᠠ ᠵᠢᠨ ᠬᠠᠮᠢᠶᠠᠷᠤᠯᠳᠠ ᠵᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠠᠵᠢᠯ᠎ᠤᠨ ᠪᠠᠢᠳᠠᠯ᠎ᠢᠶᠠᠨ ᠲᠠᠨᠢᠯᠴᠠᠭᠤᠯᠵᠤ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠪᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠯ᠎ᠢᠶᠠᠨ ᠰᠣᠯᠢᠯᠴᠠᠪᠠ᠃
ᠬᠥᠬᠡᠬᠣᠲᠠ᠎ᠳᠤ ᠰᠠᠭᠤᠭ᠎ᠠ ᠬᠡᠰᠡᠭ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠡᠯ᠎ᠡ ᠠᠢᠮᠠᠭ ᠬᠤᠳᠠ᠎ᠶᠢᠨ ᠤᠯᠤᠰ ᠲᠦᠷᠦ᠎ᠶᠢᠨ ᠵᠥᠪᠯᠡᠯᠭᠡᠨ᠎ᠦ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃