ᠲᠡᠷᠢᠭᠦᠨ ᠨᠢᠭᠤᠷ>ᠴᠠᠭ ᠲᠦᠷᠦ>ᠣᠷᠣᠨ᠎ᠤ᠋ ᠴᠢᠬᠤᠯᠠ ᠮᠡᠳᠡᠭᠡ

2026-10-22 11:15:47

ᠵᠣᠬᠢᠶᠠᠭ᠍ᠴᠢ᠄ ᠵᠠᠩ ᠺᠦᠢ ᠰᠥᠩ ᠠ ᠨᠠᠨ ᠯᠢ ᠶᠦᠩ ᠲᠤᠤ ᠵᠣᠣ ᠰᠢ ᠣᠩᠱᠢᠭ᠍ᠰᠠᠨ ᠣᠳᠠᠭ᠎ᠠ᠄ 3

— ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ


ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠨᠢ ᠵᠢᠷᠦᠬᠡ ᠰᠡᠳᠭᠢᠯ ᠳ᠋ᠤ ᠴᠤᠤᠷᠢᠶᠠᠳᠤᠨ᠎ᠠ᠃ ᠣᠢᠷ᠎ᠠ᠎ᠶᠢᠨ ᠡᠳᠦᠷ ᠲᠤ᠌᠂ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠴᠠᠭ ᠲᠤᠬᠠᠢ ᠳ᠋ᠤᠨᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠢ ᠪᠣᠢᠵᠢᠭᠤᠯᠬᠤ᠂ ᠣᠨᠴᠠᠯᠢᠭ᠍ᠲᠤ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠬᠤ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢᠨ ᠲᠣᠭᠣᠷᠢᠨ᠎ᠳᠤ᠂ ᠲᠤᠰ ᠲᠤᠰ᠎ᠤᠨ ᠬᠥᠭᠵᠢᠯᠲᠡ᠎ᠶᠢᠨ ᠪᠣᠳᠠᠲᠤ ᠪᠠᠢᠳᠠᠯ ᠳ᠋ᠠᠭᠠᠨ ᠰᠠᠭᠤᠷᠢᠯᠠᠨ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠢᠨ᠎ᠡ᠎ᠶᠢ ᠡᠭᠦᠳᠬᠦ ᠰᠡᠳᠬᠢᠮᠵᠢ ᠪᠣᠯᠣᠨ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠶᠢ ᠭᠦᠨᠵᠡᠭᠡᠢ ᠨᠠᠷᠢᠯᠢᠭ ᠰᠦᠪᠡᠭᠴᠢᠯᠡᠨ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠳᠡᠭᠲᠡᠷ᠎ᠲᠦ ᠭᠠᠷᠴᠤ᠂ ᠰᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠶᠢ ᠬᠦᠴᠦᠯᠡᠨ ᠠᠬᠢᠭᠤᠯᠵᠤ ᠪᠤᠢ᠃

10 ᠰᠠᠷ᠎ᠠ᠎ᠶᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠵᠢᠨ ᠨᠢᠭᠡᠳᠦᠮᠡᠯ  ᠹᠷᠣᠨᠲ ᠎ᠤᠨ  ᠬᠡᠯᠲᠡᠰ ᠎ᠦᠨ  ᠬᠢᠨ  ᠬᠡᠯᠳᠡᠰ  ᠤ᠋ᠨ  ᠶᠠᠪᠤᠳᠠᠯ  ᠤ᠋ᠨ  ᠬᠤᠷᠠᠯ  ᠬᠤᠷᠠᠯᠳᠤᠭᠤᠯᠵᠤ᠂  ᠶᠡᠷᠦᠩᠬᠡᠢ  ᠱᠦᠵᠢ  ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ  ᠠᠵᠢᠯ ᠎ᠢ  ᠰᠤᠳᠤᠯᠤᠨ  ᠪᠠᠢᠷᠢᠯᠠᠭᠤᠯᠪᠠ ᠃  ᠬᠤᠷᠠᠯ   ᠡᠴᠡ᠂  ᠶᠡᠷᠦᠩᠬᠡᠢ  ᠱᠦᠵᠢ  ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠎ᠶᠢ  ᠶᠡᠷᠦᠩᠬᠡᠢ  ᠱᠦᠵᠢ  ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠡᠯ᠎ᠡ ᠲᠠᠯ᠎ᠠ᠎ᠶᠢᠨ ᠤᠶᠤᠨ ᠤᠬᠠᠭᠠᠨ ᠬᠦᠴᠦᠨ ᠴᠢᠳᠠᠯ᠎ᠢ ᠨᠢᠭ᠍ᠲᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠢᠭᠡᠳᠦᠮᠡᠯ ᠹᠷᠣᠨᠲ᠎ᠲᠤ ᠪᠣᠳᠠᠲᠠᠢ ᠨᠠᠷᠢᠯᠢᠭ᠋ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃ ᠨᠢᠭᠡᠳᠦᠮᠡᠯ ᠹᠷᠣᠨᠲ᠎ᠤᠨ ᠥᠷᠭᠡᠨ ᠣᠯᠠᠨ ᠪᠦᠷᠢᠯᠳᠦᠭᠦᠨ᠎ᠢ ᠬᠥᠲᠥᠯᠥᠨ ᠵᠢᠯᠤᠭᠣᠳᠴᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠵᠡᠷᠭᠡ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠣᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ᠃ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠠᠵᠢᠯ᠎ᠢᠶᠠᠨ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠤᠯᠠᠷᠢᠭᠤᠯᠵᠤ᠂ ᠨᠢᠭᠡᠳᠦᠮᠡᠯ ᠹᠷᠣᠨᠲ᠎ᠤᠨ ᠪᠣᠳᠠᠲᠤ᠌ ᠪᠠᠶ᠋ᠢᠳᠠᠯ᠎ᠲᠠᠶ ᠎ᠪᠠᠨ ᠤᠶᠠᠯᠳᠤᠭᠤᠯᠤᠨ ᠰᠡᠳᠬᠢᠴᠡ ᠠᠷᠭ᠎ᠠ ᠬᠡᠮᠵᠢᠶ᠎ᠡ᠎ᠪᠡᠨ ᠭᠦᠨᠵᠡᠭᠡᠶ ᠲᠥᠯᠥᠪᠵᠢᠭᠦᠯᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢᠯ᠎ᠦᠨ ᠡᠭᠦᠷᠭᠡ᠎ᠶᠢᠨ ᠨᠠᠶ᠋ᠢᠳᠠᠪᠤᠷᠢᠵᠢᠭᠤᠯᠤᠯᠲᠠ᠎ᠶᠢ ᠠᠬᠢᠭᠤᠯᠵᠤ᠂ ᠵᠢᠯ᠎ᠦᠨ ᠡᠴᠦᠰ᠎ᠲᠦ᠍ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠨᠢᠭᠡᠳᠦᠮᠡᠯ ᠹᠷᠣᠨᠲ᠎ᠤᠨ ᠴᠢᠨᠠᠷ ᠰᠠᠶ᠋ᠢᠲᠠᠶ ᠬᠠᠷᠢᠭᠤᠯᠲᠠ᠎ᠶᠢᠨ ᠬᠠᠭᠤᠳᠠᠰᠤ ᠲᠤᠰᠢᠶᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃

10 ᠰᠠᠷ᠎ᠠ᠎ᠶᠢᠨ 19᠎ᠤ᠋ ᠡᠳᠦᠷ᠂ ᠪᠤᠭᠤᠲᠤ᠌ ᠬᠣᠲᠠ᠎ᠶᠢᠨ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠡᠴᠡ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠢᠮᠠᠭᠲᠠ ᠲᠡᠷᠢᠭᠦᠨ᠎ᠪᠠᠢᠷᠢᠨ ᠳ᠋ᠤ ᠲᠠᠯᠪᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠌᠂ ᠨᠡᠮᠡᠭᠳᠡᠯ ᠢ᠋ ᠪᠡᠶᠡᠯᠡᠬᠦᠯᠬᠦ ᠵᠢ ᠬᠠᠮᠵᠢᠯᠴᠠᠭᠤᠯᠤᠨ ᠠᠬᠢᠭᠤᠯᠵᠤ᠂ ᠦᠵᠡᠰᠬᠦᠯᠡᠩᠲᠦ᠍ ᠰᠠᠶ᠋ᠢᠬᠠᠨ ᠬᠥᠬᠡ ᠣᠭᠲᠠᠷᠭᠤᠶ᠂ ᠦᠵᠡᠰᠬᠦᠯᠡᠩᠲᠦ᠍ ᠰᠠᠶ᠋ᠢᠬᠠᠨ ᠭᠤᠤᠯ ᠮᠥᠷᠡᠨ ᠨᠠᠭᠤᠷ ᠪᠦᠷᠢᠳᠤ ᠵᠢᠨ ᠰᠢᠷᠢᠰ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠬᠤ ᠬᠡᠷᠡᠭᠲᠡᠶ᠃ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠸᠮ ᠲᠠᠢ ᠨᠢᠭᠲᠠ ᠤᠶᠠᠯᠳᠤᠭᠤᠯᠤᠨ᠂ ᠪᠤᠳᠤᠯᠳᠠ ᠵᠢᠨ ᠬᠦᠴᠦᠨ᠎ᠦ ᠲᠣᠣᠷ᠎ᠤᠨ ᠲᠥᠯᠥᠪᠵᠢᠭᠦᠯᠭᠡ ᠪᠦᠳᠦᠭᠡᠨ ᠪᠠᠶ᠋ᠢᠭᠤᠯᠤᠯᠲᠠ᠎ᠲᠠᠶ ᠤᠶᠠᠯᠳᠤᠭᠤᠯᠵᠤ᠂ ᠪᠤᠭᠤᠲᠤ᠎ᠶᠢᠨ ᠪᠣᠳᠠᠲᠤ᠌ ᠪᠠᠶ᠋ᠢᠳᠠᠯ᠎ᠳᠤ ᠰᠠᠭᠤᠷᠢᠯᠠᠨ᠂ ᠬᠠᠷᠢᠴᠠᠭᠤᠯᠤᠭᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠲᠦᠷᠭᠡᠨ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠤᠨ ᠪᠤᠯᠪᠠᠰᠤᠷᠠᠭᠤᠯᠬᠤ ᠠᠵᠤ ᠦᠢᠯᠡᠰ᠎ᠢ ᠶᠡᠬᠡ᠎ᠪᠡᠷ ᠬᠥᠭᠵᠢᠭᠦᠯᠵᠦ᠍᠂ ᠴᠢᠨᠠᠷ ᠰᠠᠶ᠋ᠢᠲᠠᠶ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠥᠷᠥᠯ ᠲᠡᠮᠳᠡᠭ᠎ᠢ ᠪᠣᠶ᠋ᠢᠵᠢᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠵᠦ᠍ ᠪᠠᠶᠠᠵᠢᠬᠤ᠎ᠶᠢ ᠨᠠᠩ ᠰᠠᠶ᠋ᠢᠲᠤᠷ ᠳᠠᠶ᠋ᠢᠴᠢᠯᠠᠬᠤ ᠬᠡᠷᠡᠭᠲᠡᠶ᠃ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠴᠦᠬᠦᠷᠡᠰᠢ ᠦᠭᠡᠢ ᠠᠬᠢᠭᠤᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ᠃ ᠪᠠᠶ᠋ᠢᠭᠠᠯᠢ᠎ᠶᠢᠨ ᠭᠠᠮᠰᠢᠭ᠎ᠤᠨ ᠠᠶᠤᠯ ᠲᠦᠭᠰᠢᠭᠦᠷᠢ᠎ᠶᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ᠎ᠦᠨ ᠲᠦᠢᠮᠠᠷ᠎ᠦᠨ ᠭᠠᠮᠰᠢᠭ᠎ᠤᠨ ᠠᠶᠤᠯ ᠲᠦᠭᠰᠢᠭᠦᠷᠢ ᠶᠡᠬᠡᠲᠡᠶ ᠣᠷᠣᠨ ᠪᠦᠰᠡ᠎ᠶᠢᠨ ᠠᠶᠤᠯ ᠲᠦᠭᠰᠢᠭᠦᠷᠢ ᠬᠡᠮ ᠰᠣᠭᠣᠭ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ᠎ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠶ᠋ᠢᠯᠡᠬᠦ᠌ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠶ ᠭᠡᠵᠤ ᠴᠢᠬᠤᠯᠠᠴᠢᠯᠠᠪᠠ᠃

10 ᠰᠠᠷ᠎ᠠ᠎ᠶᠢᠨ 20᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠪᠠ᠃ ᠬᠤᠷᠠᠯ  ᠡᠴᠡ ᠂ ᠶᠡᠷᠦᠩᠬᠡᠢ ᠱᠦᠵᠢ  ᠰᠢ ᠵᠢᠨ ᠫᠢᠩ᠎ᠦᠨ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ᠂《ᠵᠡᠬᠦᠨᠳᠡᠬᠢ ᠲᠤᠭ᠎ᠠ ᠪᠠᠷᠢᠮᠳᠠ ᠪᠡᠷ ᠪᠠᠷᠠᠭᠤᠨᠳᠡᠬᠢ ᠪᠤᠳᠤᠯᠳᠠ ᠵᠢᠨ ᠬᠦᠴᠤᠨ ᠢ᠋ ᠲᠤᠯᠭᠠᠭᠤᠷᠢᠯᠠᠬᠤ》 ᠪᠠ ᠪᠦᠬᠦ᠌ ᠤᠯᠤᠰ᠎ᠤ᠋ᠨ ᠨᠢᠭᠡ ᠴᠤᠬᠴᠠᠵᠢᠭᠤᠯᠤᠬᠰᠡᠨ ᠪᠤᠳᠤᠯᠳᠠ ᠵᠢᠨ ᠬᠦᠴᠦᠨ᠎ᠦ ᠲᠣᠣᠷ᠎ᠤᠨ ᠪᠦᠳᠦᠭᠡᠨ ᠪᠠᠶ᠋ᠢᠭᠤᠯᠤᠯᠲᠠ᠎ᠶᠢ ᠥᠨᠳᠥᠷ ᠪᠠᠷᠢᠮᠵᠢᠶ᠎ᠠ᠎ᠪᠠᠷ ᠠᠬᠢᠭᠤᠯᠬᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠭᠰᠠᠨ ᠤᠷᠢᠲᠠᠯ ᠳᠣᠣᠷ᠎ᠠ ᠤᠨᠴᠠᠯᠢᠬᠳᠤ ᠮᠠᠯ ᠠᠵᠤ ᠠᠬᠤᠢ ᠲᠠᠷᠢᠶᠠᠯᠠᠩ᠎ᠤᠨ ᠠᠵᠢᠯ᠎ᠢ ᠰᠠᠶ᠋ᠢᠲᠤᠷ ᠬᠢᠬᠦ᠌ ᠲᠤᠬᠠᠢ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠣᠶ᠋ᠢᠯᠠᠭᠠᠵᠤ᠂ ᠨᠠᠶ᠋ᠢᠳᠠᠪᠤᠷᠢᠵᠢᠭᠤᠯᠤᠯᠲᠠ᠎ᠶᠢ ᠰᠠᠶ᠋ᠢᠲᠤᠷ ᠠᠳᠬᠤᠬᠤ ᠬᠡᠷᠡᠭᠲᠡᠢ᠃ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《ᠬᠦᠯᠦᠨ ᠨᠠᠭᠤᠷ ᠲᠠᠭ᠎ᠠ᠎ᠶᠢᠨ ᠨᠠᠭᠤᠷ ᠤᠯᠠᠭᠠᠨᠰᠤᠬᠠᠢ》 ᠵᠢᠴᠢ ᠴᠠᠭᠠᠨᠨᠠᠭᠤᠷ᠎ᠤᠨ ᠵᠠᠰᠠᠯᠲᠠ᠎ᠶᠢᠨ ᠦᠷ᠎ᠡ ᠪᠦᠲᠦᠭᠡᠯ᠎ᠢ ᠪᠡᠬᠢᠵᠢᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ᠎ᠶᠢ ᠠᠬᠢᠭᠤᠯᠵᠤ᠂ ᠣᠨ᠎ᠤ ᠡᠭᠦᠷᠭᠡ᠎ᠶᠢ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠠᠵᠤ ᠠᠬᠤᠢ᠎ᠶᠢᠨ ᠪᠠᠢᠳᠠᠯ᠎ᠤᠨ ᠵᠠᠳᠠᠯᠤᠯᠲᠠ᠎ᠶᠢ ᠰᠠᠢᠲᠤᠷ ᠬᠢᠵᠦ᠂ ᠡᠯ᠎ᠡ ᠠᠢᠮᠠᠭ ᠬᠣᠲᠠ᠎ᠶᠢ ᠵᠢᠯᠣᠭᠣᠳᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ᠎ᠢ ᠲᠥᠯᠥᠪᠵᠢᠭᠦᠯᠬᠦ ᠬᠡᠷᠡᠭᠲᠡᠢ᠃ ᠪᠤᠳᠤᠯᠳᠡ᠎ᠶᠢᠨ ᠬᠦᠴᠦᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠪᠥᠬᠥ ᠬᠦᠴᠦᠨ᠎ᠢᠶᠡᠷ ᠠᠬᠢᠭᠤᠯᠵᠤ᠂ ᠲᠥᠷᠥᠯ ᠵᠦᠢᠯ᠎ᠦᠨ ᠪᠣᠭᠣᠮᠲᠠ ᠰᠢᠪᠲᠤᠯᠤᠯᠳᠡ᠎ᠶᠢᠨ ᠠᠵᠢᠯ᠎ᠢ ᠰᠠᠢᠲᠤᠷ ᠠᠳᠬᠤᠵᠤ᠂ ᠪᠤᠳᠤᠯᠳᠠ᠎ᠶᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠪᠤᠳᠤᠯᠳᠡ᠎ᠶᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ᠎ᠵᠢ ᠲᠥᠷᠥᠯ ᠵᠦᠢᠯ᠎ᠦᠨ ᠪᠥᠬᠥ ᠶᠠᠪᠤᠴᠠ᠎ᠳᠤ ᠲᠤᠭᠤᠰᠢᠯᠠᠭᠤᠯᠵᠤ᠂ ᠪᠤᠳᠤᠯᠳᠡ᠎ᠶᠢᠨ ᠬᠦᠴᠦᠨ᠎ᠦ ᠪᠦᠳᠦᠭᠡᠨ ᠪᠠᠢᠭᠤᠯᠤᠯᠲᠠ᠎ᠶᠢᠨ ᠬᠡᠪᠴᠢᠶ᠎ᠡ᠎ᠪᠡᠨ ᠥᠷᠭᠡᠳᠬᠡᠵᠦ ᠪᠠᠢᠭᠰᠠᠨ᠎ᠠᠴᠠ ᠶᠠᠰᠤ ᠴᠢᠨᠠᠷ ᠦᠷ᠎ᠡ ᠠᠰᠢᠭ᠋᠎ᠢᠶᠠᠨ ᠳᠡᠭᠡᠭᠰᠢᠯᠡᠭᠦᠯᠬᠦ ᠲᠡᠢᠰᠢ ᠬᠤᠪᠢᠷᠠᠬᠤ᠎ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

10 ᠰᠠᠷ᠎ᠠ᠎ᠶᠢᠨ 20᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ ᠡᠴᠡ᠂ ᠠᠮᠢ ᠠᠬᠤᠢ᠎ᠶᠢᠨ ᠬᠠᠮᠠᠭᠠᠯᠠᠯᠲᠠ ᠪᠠ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠠᠷᠠᠳ᠎ᠤᠨ ᠶᠠᠪᠤᠳᠠᠯ᠎ᠤᠨ ᠲᠤᠬᠠᠢᠯᠠᠭᠰᠠᠨ ᠠᠵᠢᠯ᠎ᠳᠤ ᠠᠭᠤᠰᠤᠯᠴᠠᠭᠤᠯᠵᠤ᠂ ᠭᠠᠵᠠᠷ ᠰᠢᠷᠣᠢ ᠠᠷᠪᠢᠯᠠᠬᠤ ᠠᠮᠢ ᠠᠬᠤᠢ᠎ᠶᠢᠨ ᠣᠷᠣᠰᠢᠭᠤᠯᠭ᠎ᠠ᠎ᠶᠢᠨ ᠱᠠᠩᠨᠠᠨ ᠨᠥᠬᠥᠪᠦᠷᠢᠯᠡᠬᠦ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠪᠣᠬᠢᠷᠲᠤᠯ ᠦᠭᠡᠢ ᠠᠮᠢ ᠠᠬᠤᠢ᠎ᠶᠢᠨ ᠣᠷᠣᠰᠢᠭᠤᠯᠭ᠎ᠠ᠎ᠶᠢᠨ ᠣᠷᠣᠨ ᠪᠦᠰᠡ᠎ᠶᠢ ᠲᠦᠷᠭᠡᠳᠬᠡᠨ ᠪᠠᠢᠭᠤᠯᠵᠤ᠂ ᠪᠣᠬᠢᠷᠲᠤᠯ ᠦᠭᠡᠢ ᠭᠠᠵᠠᠷ ᠰᠢᠷᠣᠢ ᠠᠷᠪᠢᠯᠠᠬᠤ ᠠᠮᠢ ᠠᠬᠤᠢ᠎ᠶᠢᠨ ᠣᠷᠣᠰᠢᠭᠤᠯᠭ᠎ᠠ᠎ᠶᠢᠨ ᠬᠠᠷᠢᠴᠠᠯ᠎ᠢ ᠨᠠᠩ ᠶᠡᠬᠡ ᠬᠡᠮᠵᠢᠶ᠎ᠡ᠎ᠪᠡᠷ ᠳᠡᠭᠡᠭᠰᠢᠯᠡᠭᠦᠯᠬᠦ ᠬᠡᠷᠡᠭᠲᠡᠢ᠃ ᠣᠨᠴᠠ ᠶᠠᠳᠠᠭᠤ ᠬᠦᠴᠢᠷᠳᠡᠯᠲᠡᠢ ᠣᠯᠠᠨ ᠲᠦᠮᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ᠎ᠦ ᠪᠠᠴᠢᠮᠳᠡᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠬᠦᠴᠦᠯᠡᠨ ᠰᠠᠢᠲᠤᠷ ᠰᠢᠢᠳᠪᠦᠷᠢᠯᠡᠬᠦ ᠬᠡᠷᠡᠭᠲᠡᠢ᠃ ᠣᠷᠣᠯᠭ᠎ᠠ ᠪᠠᠭᠠᠲᠠᠢ ᠬᠥᠮᠥᠨ ᠠᠮᠠ᠎ᠶᠢᠨ ᠬᠥᠳᠡᠯᠦᠩᠭᠦᠢ ᠬᠢᠨᠠᠨ ᠬᠡᠮᠵᠢᠬᠦ ᠲᠠᠪᠴᠠᠩ ᠪᠠ 《ᠲᠣᠮᠣ᠌ ᠳ᠋ᠠᠢᠲ᠋ᠠ᠎ᠶᠢ ᠬᠢᠨᠠᠨ ᠬᠡᠮᠵᠢᠬᠦ + ᠲᠤᠬᠠᠢ᠎ᠶᠢᠨ ᠭᠠᠵᠠᠷ ᠲᠤᠨᠢ ᠪᠠᠢᠴᠠᠭᠠᠬᠤ》 ᠲᠣᠭᠲᠠᠴᠠ᠎ᠳᠤ ᠲᠦᠰᠢᠭᠯᠡᠨ᠂ ᠣᠨᠣᠪᠴᠢᠲᠠᠶ ᠢᠯᠭᠠᠨ ᠲᠠᠨᠢᠭ᠍ᠰᠠᠨ ᠰᠠᠭᠤᠷᠢᠨ ᠳᠡᠭᠡᠷ᠎ᠡ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ 《ᠠᠵᠢᠯ ᠣᠯᠭᠣᠯᠲᠠ᠎ᠶᠢᠨ ᠥᠪᠡᠷ᠎ᠦᠨ ᠥᠷᠲᠡᠭ᠎ᠢ ᠬᠠᠰᠤᠵᠤ ᠭᠠᠷᠭᠠᠬᠤ》 ᠵᠡᠷᠭᠡ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ ᠬᠡᠷᠡᠭᠲᠡᠢ᠃ 《ᠵᠣᠯ ᠵᠢᠷᠭᠠᠯ᠎ᠤᠨ ᠨᠠᠷᠢᠨ ᠲᠠᠩᠰᠠ》 ᠳ᠋ᠤ᠌ ᠲᠦᠰᠢᠭᠯᠡᠨ ᠠᠪᠤᠷᠠᠨ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠢᠯᠡ ᠪᠣᠯᠭᠠᠬᠤ᠎ᠶᠢ ᠢᠳᠡᠪᠬᠢᠲᠡᠢ ᠠᠬᠢᠭᠤᠯᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠬᠠᠨᠤᠮᠵᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠬᠦ ᠬᠡᠷᠡᠭᠲᠡᠢ᠃ ᠠᠷᠠᠳ᠎ᠤᠨ ᠶᠠᠪᠤᠳᠠᠯ᠎ᠤᠨ ᠬᠦᠷᠢᠶᠡᠨ᠎ᠳᠡᠬᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠦᠨᠳᠦᠰᠦᠨ ᠨᠠᠰᠤᠵᠢᠯ᠎ᠤᠨ ᠦᠢᠯᠡᠴᠢᠯᠡᠭᠡᠨ᠎ᠦ ᠰᠢᠰᠲᠧᠮ᠎ᠢ ᠰᠢᠯᠢᠳᠡᠭᠵᠢᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠬᠦ ᠪᠠ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠨᠡᠩ ᠰᠠᠢᠲᠤᠷ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面