2026-10-22 11:09:20
— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠪᠦᠬᠦ ᠣᠷᠣᠨ᠎ᠤ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ
ᠨᠠᠮᠤᠷ᠎ᠤᠨ ᠤᠯᠠᠷᠢᠯ ᠤ᠋ᠨ ᠥᠪᠥᠷ ᠮᠣᠩᠭᠣᠯ᠎ᠳᠤ᠂ ᠠᠭᠤᠯᠠ ᠬᠠᠢᠷᠬᠠᠨ ᠤᠢ ᠰᠢᠭᠤᠢ ᠤᠯᠠᠭᠠᠨ ᠰᠢᠷᠭᠠᠯ ᠦᠩᠭᠡ ᠪᠠᠳᠠᠷᠠᠨ᠂ ᠴᠡᠯᠮᠡᠭ ᠲᠤᠩᠭᠠᠯᠠᠭ ᠭᠤᠤᠯ ᠮᠦᠷᠡᠨ᠂ ᠴᠡᠩᠬᠡᠷ ᠬᠥᠬᠡ ᠣᠭᠲᠠᠷᠭᠤᠢ᠎ᠲᠠᠢ ᠨᠡᠢᠯᠡᠯᠳᠦᠨ ᠦᠩᠭᠡ ᠢᠯᠭᠠᠷᠠᠭᠰᠠᠨ ᠭᠤᠢᠳᠠ ᠵᠢᠷᠤᠭ ᠮᠡᠳᠦ ᠪᠤᠯᠵᠠᠢ᠃
10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠬᠢᠬᠢᠷᠢ ᠵᠢᠨ ᠨᠠᠭᠤᠷ ᠤ᠋ᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ ᠪᠠᠢᠬᠤ ᠪᠠ ᠲᠤᠬᠠᠢ᠎ᠶᠢᠨ ᠭᠠᠵᠠᠷ᠎ᠤᠨ ᠬᠢᠨ ᠤ᠋ ᠬᠢᠬᠢᠷᠢ ᠵᠢᠨ ᠨᠠᠭᠤᠷ ᠤ᠋ᠨ ᠣᠷᠴᠢᠨ ᠲᠣᠭᠣᠷᠢᠨ ᠤ᠋ ᠶᠡᠷᠦᠩᠬᠡᠢᠯᠡᠭᠰᠡᠨ ᠵᠠᠰᠠᠯᠳᠠ ᠵᠢ ᠠᠬᠢᠭᠤᠯᠵᠤ ᠪᠠᠢᠬᠤ᠂ ᠠᠮᠢ ᠠᠬᠤᠢ᠎ᠶᠢᠨ ᠰᠢᠰᠲᠧᠮ᠎ᠢ ᠰᠡᠷᠭᠦᠭᠡᠨ ᠵᠠᠰᠠᠵᠤ ᠪᠠᠢᠬᠤ ᠵᠡᠷᠭᠡ ᠪᠠᠢᠳᠠᠯ᠎ᠢ ᠣᠢᠯᠠᠭᠠᠬᠤ᠎ᠶᠢᠨ ᠬᠠᠮᠲᠤ ᠤᠰᠤᠨ᠎ᠤ ᠬᠥᠪᠡᠭᠡ ᠭᠤᠤᠯ᠎ᠤᠨ ᠰᠠᠢᠷᠭᠠᠯ᠎ᠤᠨ ᠠᠮᠢ ᠠᠬᠤᠢ᠂ ᠣᠷᠣᠰᠢᠨ ᠠᠮᠢᠳᠤᠷᠠᠵᠤ ᠪᠠᠢᠭ᠎ᠠ ᠰᠢᠪᠠᠭᠤᠨ᠎ᠤ ᠲᠥᠷᠥᠯ ᠵᠡᠷᠭᠡ᠎ᠶᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠪᠡ᠃
ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠦᠬᠦ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠬᠠᠯ ᠭᠠᠷᠪᠠ᠃ ᠤᠯᠠᠨ᠎ᠢᠶᠠᠷ᠎ᠢᠶᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠎ᠪᠠᠷ ᠶᠡᠷᠦᠩᠬᠡᠢ ᠵᠢᠯᠤᠭᠤᠳᠤᠮᠵᠢ ᠪᠤᠯᠭᠠᠵᠤ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠠᠮᠢ ᠠᠬᠤᠢ᠎ᠶᠢᠨ ᠳᠡᠪᠢᠰᠭᠡᠷ ᠦᠩᠭᠡ ᠵᠢ ᠨᠡᠮᠡᠷᠢᠯᠡᠨ᠎ᠡ ᠭᠡᠵᠦ ᠢᠯᠡᠳᠬᠡᠵᠡᠭᠡᠪᠡ᠃
ᠰᠢᠰᠲᠸᠮ ᠲᠠᠢ ᠵᠠᠰᠠᠬᠤ ᠵᠢ ᠪᠠᠷᠢᠮᠳᠠᠯᠠᠵᠤ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠠᠬᠢᠨ ᠬᠠᠮᠠᠭᠠᠯᠠᠨ᠎ᠠ
10 ᠰᠠᠷ᠎ᠠ᠎ᠶᠢᠨ 17 ᠤ᠋ ᠡᠳᠦᠷ᠂ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠬᠢᠷᠢ ᠵᠢᠨ ᠨᠠᠭᠤᠷ ᠲᠤ᠌ ᠤᠰᠤᠨ᠎ᠤ ᠰᠢᠪᠠᠭᠤᠳ ᠪᠤᠷᠤᠭᠠᠨ ᠮᠠᠨᠠᠨ ᠤ᠋ ᠳᠤᠮᠳᠠᠭᠤᠷ ᠬᠠᠯᠢᠨ ᠨᠢᠰᠴᠤ᠂ ᠡᠨᠡ ᠬᠦ᠌ ᠠᠭᠤᠯᠠ ᠤᠰᠤᠨ᠎ᠤ ᠵᠢᠷᠤᠭᠲᠤ ᠠᠮᠢᠵᠢᠷᠠᠯ ᠤ᠋ᠨ ᠬᠦᠴᠦᠨ ᠨᠡᠮᠡᠷᠢᠯᠡᠨ᠎ᠠ᠃
ᠰᠠᠢᠨ ᠰᠠᠢᠬᠠᠨ ᠠᠮᠢ ᠠᠬᠤᠢ᠎ᠶᠢᠨ ᠠᠷᠤ᠎ᠳᠤ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠬᠦ᠎ᠶᠢ ᠦᠢᠯᠡᠳᠦᠯᠭᠡᠵᠢᠭᠦᠯᠵᠦ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠭᠰᠠᠨ ᠠᠮᠢᠳᠤᠯᠢᠭ᠋ ᠦᠢᠯᠡᠳᠦᠯᠭᠡ ᠪᠣᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠳᠡᠳ᠋ ᠳᠠᠷᠤᠭ᠎ᠠ ᠦ᠋ ᠭᠦᠸᠧ ᠴᠢᠩ᠂ ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠴᠢᠳᠠᠮᠵᠢ᠎ᠶᠢᠨ ᠣᠷᠣᠨ ᠮᠥᠨ᠂ ᠣᠢᠷ᠎ᠠ᠎ᠶᠢᠨ ᠵᠢᠯ᠎ᠳᠦ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠪᠠ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠭᠠᠳ᠂ ᠢᠯᠡᠳᠲᠡ ᠦᠷ᠎ᠡ ᠪᠦᠲᠦᠮᠵᠢ ᠣᠯᠪᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠥᠬᠥ ᠲᠠᠯ᠎ᠠ᠎ᠪᠠᠷ ᠰᠠᠢᠲᠤᠷ ᠪᠦᠲᠦᠭᠡᠨ ᠪᠠᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠨᠤᠲᠤᠭ ᠪᠡᠯᠴᠢᠭᠡᠷ᠂ ᠣᠶ ᠰᠢᠭᠤᠢ᠂ ᠨᠤᠭᠤ ᠭᠠᠵᠠᠷ ᠪᠣᠯᠣᠨ ᠬᠡᠭᠡᠷ᠎ᠡ᠎ᠶᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠋᠎ᠤᠨ ᠬᠠᠮᠠᠭᠠᠯᠠᠯᠲᠠ᠎ᠶᠢ ᠴᠢᠩᠭᠠᠳᠬᠠᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠥᠪᠥᠷ ᠮᠣᠩᠭᠣᠯ᠎ᠤᠨ ᠬᠤᠪᠢ ᠨᠡᠮᠡᠷᠢ᠎ᠪᠡᠨ ᠦᠵᠡᠭᠦᠯᠦᠨ᠎ᠡ ᠭᠡᠵᠦ ᠢᠯᠡᠳᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠪᠦᠷᠢᠨᠲᠤᠶᠠᠭ᠎ᠠ᠄ 《ᠣᠶ᠋ᠢᠷ᠎ᠠ᠎ᠶᠢᠨ ᠵᠢᠯ ᠳ᠋ᠤ᠂ ᠥᠪᠥᠷ ᠮᠣᠩᠭᠣᠯ ᠰᠢ ᠵᠢᠨ ᠫᠢᠩ᠎ᠦᠨ ᠠᠮᠢ ᠠᠬᠤᠶ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠪᠠ ᠠᠮᠢ ᠠᠬᠤᠶ᠎ᠶᠢᠨ ᠬᠠᠮᠠᠭᠠᠯᠠᠯᠲᠠ᠎ᠶᠢᠨ ᠬᠤᠯᠪᠤᠬᠳᠠᠯ ᠪᠥᠬᠥᠶ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 〈ᠪᠤᠬᠢᠷᠳᠤᠯ ᠦᠭᠡᠢ ᠪᠠᠮᠪᠠᠶ〉 ᠵᠢᠨ ᠠᠮᠢ ᠠᠬᠤᠶ᠎ᠶᠢᠨ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠥᠷᠨᠢᠭᠦᠯᠵᠦ᠍᠂ ᠠᠮᠢ ᠠᠬᠤᠶ᠎ᠶᠢᠨ ᠶᠠᠰᠤ ᠴᠢᠨᠠᠷ᠎ᠢ ᠬᠢᠨᠠᠨ ᠬᠡᠮᠵᠢᠵᠦ᠍ ᠦᠨᠡᠯᠡᠨ ᠵᠢᠱ᠌ᠢᠬᠦ᠌᠎ᠶᠢ ᠴᠢᠩᠭᠠᠳᠬᠠᠵᠤ᠂ ᠪᠥᠬᠥ᠌ ᠣᠷᠣᠨ᠎ᠤ ᠠᠮᠢ ᠠᠬᠤᠶ᠎ᠶᠢᠨ ᠰᠢᠰᠲ᠋ᠧᠮ᠎ᠦᠨ ᠣᠯᠠᠨ ᠶᠠᠩᠵᠤᠲᠤ᠌ ᠴᠢᠨᠠᠷ᠂ ᠲᠣᠭᠲᠠᠪᠤᠷᠢᠲᠤ᠌ ᠴᠢᠨᠠᠷ᠂ ᠦᠷᠭᠦᠯᠵᠢᠯᠡᠬᠦ᠌ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠵᠠᠢ》 ᠭᠡᠵᠤ ᠢᠯᠡᠳᠭᠡᠪᠡ᠃
《ᠲᠠᠷᠠᠭᠠᠴᠢ᠎ᠶᠢᠨ ᠠᠯᠬᠤᠮ᠎ᠳᠤ᠂ ᠪᠢᠳᠡ ᠦᠵᠡᠰᠬᠦᠯᠡᠩᠲᠦ᠍ ᠰᠠᠶ᠋ᠢᠬᠠᠨ ᠳᠤᠮᠳᠠᠳᠤ ᠤᠯᠤᠰ᠎ᠤᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ ᠪᠠᠶ᠋ᠢᠷᠢᠯᠠᠭᠤᠯᠤᠯᠲᠠ ᠶᠢ ᠪᠠᠳᠤ ᠡᠵᠡᠮᠳᠡᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ᠎ᠶᠢ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃ ᠬᠢᠬᠢᠷᠢ ᠵᠢᠨ ᠨᠠᠭᠤᠷ ᠤ᠋ᠨ ᠠᠮᠢ ᠠᠬᠤᠶ᠎ᠶᠢ ᠵᠠᠰᠠᠨ ᠰᠡᠷᠭᠦᠭᠡᠭᠰᠡᠨ ᠲᠤᠷᠰᠢᠯᠭ᠎ᠠ᠎ᠶᠢ ᠦᠷᠭᠦᠯᠵᠢᠯᠡᠨ ᠳ᠋ᠦᠩᠨᠡᠨ ᠳᠡᠯᠭᠡᠷᠡᠭᠦᠯᠵᠦ᠍᠂ ᠠᠮᠢ ᠠᠬᠤᠶ᠎ᠶᠢᠨ ᠣᠷᠣᠨ ᠵᠠᠶ᠎ᠶᠢ ᠬᠠᠮᠢᠶᠠᠷᠤᠨ ᠡᠵᠡᠮᠳᠡᠬᠦ᠌ ᠪᠠ ᠵᠠᠰᠠᠨ ᠰᠡᠷᠭᠦᠭᠡᠬᠦ᠌᠎ᠶᠢ ᠰᠠᠶ᠋ᠢᠲᠤᠷ ᠠᠳᠬᠤᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ᠌ ᠢᠨᠵᠧᠨᠧᠷᠢᠩ᠎ᠢ ᠶᠡᠬᠡᠪᠡᠷ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠠᠮᠢ ᠠᠬᠤᠶ᠎ᠶᠢ ᠬᠠᠮᠠᠭᠠᠯᠠᠬᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠦᠢ᠍ᠷᠥᠭᠴᠢᠲᠦ᠍ ᠬᠥᠭᠵᠢᠯᠲᠡ ᠵᠡᠷᠭᠡ ᠡᠯ᠎ᠡ ᠵᠦᠢᠯ᠎ᠦᠨ ᠡᠭᠦᠷᠭᠡ᠎ᠶᠢ ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ᠎ᠶᠢᠨ ᠠᠮᠤᠷ ᠲᠦᠪᠰᠢᠨ᠎ᠦ ᠰᠠᠭᠤᠷᠢ᠎ᠶᠢ ᠲᠠᠰᠤᠷᠠᠯᠲᠠ ᠥᠬᠡᠶ ᠪᠡᠬᠢᠵᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠥᠬᠥ᠌ ᠬᠦᠴᠦᠨ᠎ᠢᠶᠡᠷ᠎ᠢᠶᠡᠨ ᠪᠡᠬᠢᠵᠢᠭᠦᠯᠵᠦ᠍᠂ ᠡᠬᠡ ᠤᠯᠤᠰ᠎ᠤᠨ ᠤᠮᠠᠷᠠᠲᠤ᠎ᠶᠢᠨ ᠨᠤᠮᠢᠨ ᠤᠰᠤ ᠬᠦᠭᠡᠮᠳᠦᠭ ᠠᠭᠤᠯᠠ ᠵᠢ ᠰᠠᠶ᠋ᠢᠲᠤᠷ ᠰᠠᠬᠢᠨ ᠬᠠᠮᠠᠭᠠᠯᠠᠨ᠎ᠠ》 ᠭᠡᠵᠦ᠍ ᠪᠦᠷᠢᠨᠲᠤᠶᠠᠭ᠎ᠠ ᠬᠡᠯᠡᠪᠡ᠃
ᠤᠯᠠᠭᠠᠨᠴᠠᠪ ᠬᠤᠳᠠ᠎ᠶᠢᠨ ᠬᠥᠷᠥᠰᠥ᠍ ᠰᠢᠷᠣᠢ᠎ᠶᠢ ᠬᠠᠮᠠᠭᠠᠯᠠᠬᠤ ᠠᠵᠢᠯ᠎ᠤᠨ ᠥᠷᠲᠡᠭᠡᠨ᠎ᠦ ᠳᠠᠷᠤᠭ᠎ᠠ᠎ᠶᠢᠨ ᠪᠢᠨ᠄《ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠬᠥᠮᠦᠰ᠎ᠢ ᠤᠷᠮᠠᠰᠢᠭᠤᠯᠤᠨ ᠵᠣᠷᠢᠭᠵᠢᠭᠤᠯᠤᠨ᠎ᠠ᠃ ᠪᠢᠳᠡ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠡᠯ᠎ᠡ ᠲᠥᠷᠥᠯ᠎ᠦᠨ ᠬᠥᠷᠥᠰᠥ᠍ ᠰᠢᠷᠣᠶ᠎ᠶᠢ ᠬᠠᠮᠠᠭᠠᠯᠠᠬᠤ ᠠᠷᠭ᠎ᠠ ᠬᠡᠮᠵᠢᠶ᠎ᠡ᠎ᠶᠢ ᠦᠷᠭᠦᠯᠵᠢᠯᠡᠨ ᠬᠡᠷᠡᠭᠵᠢᠭᠦᠯᠵᠦ᠍᠂ ᠬᠥᠷᠥᠰᠥ᠍ ᠰᠢᠷᠣᠶ᠎ᠶᠢ ᠬᠠᠮᠠᠭᠠᠯᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠭᠦᠯᠵᠦ᠍᠂ ᠣᠷᠣᠨ ᠪᠦᠰᠡ᠎ᠶᠢᠨ ᠠᠮᠢ ᠠᠬᠤᠶ᠎ᠶᠢᠨ ᠣᠨᠴᠠᠯᠢᠭ᠎ᠲᠠᠶ ᠤᠶᠠᠯᠳᠤᠭᠤᠯᠤᠨ ᠰᠡᠷᠭᠡᠶ᠋ᠢᠯᠡᠨ ᠵᠠᠰᠠᠬᠤ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠵᠦ᠍᠂ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠬᠢᠭᠡᠳ ᠠᠮᠢ ᠠᠬᠤᠶ᠎ᠶᠢᠨ ᠬᠠᠮᠠᠭᠠᠯᠠᠯᠲᠠ᠎ᠶᠢᠨ ᠬᠠᠮᠵᠢᠯᠴᠠᠨ ᠬᠥᠭᠵᠢᠬᠦ᠌᠎ᠶᠢ ᠠᠬᠢᠭᠤᠯᠵᠤ᠂ ᠨᠣᠭᠣᠭᠠᠷᠠᠭᠤᠯᠤᠯᠲᠠ᠎ᠶᠢᠨ ᠬᠠᠮᠢᠶᠠᠷᠤᠨ ᠬᠠᠮᠠᠭᠠᠯᠠᠬᠤ ᠶᠠᠰᠤ ᠴᠢᠨᠠᠷ ᠪᠣᠯᠤᠨ ᠠᠮᠢ ᠠᠬᠤᠶ᠎ᠶᠢᠨ ᠵᠠᠰᠠᠯᠲᠠ᠎ᠶᠢᠨ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠠᠮᠢ ᠠᠬᠤᠶ᠎ᠶᠢᠨ ᠵᠠᠰᠠᠯᠲᠠ᠎ᠶᠢᠨ ᠦᠷ᠎ᠡ ᠪᠦᠲᠦᠭᠡᠯ᠎ᠢ ᠣᠯᠠᠨ ᠲᠦᠮᠡᠨ᠎ᠦ ᠨᠢᠳᠦᠨ᠎ᠳᠦ ᠦᠵᠡᠭᠳᠡᠵᠦ᠍ ᠭᠠᠷ᠎ᠲᠤ᠌ ᠪᠠᠷᠢᠭᠳᠠᠮ᠎ᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠪᠣᠯᠭᠠᠨ ᠬᠤᠪᠢᠷᠠᠭᠤᠯᠤᠨ᠎ᠠ》 ᠭᠡᠵᠤ ᠬᠡᠯᠡᠪᠡ᠃
ᠠᠶᠠᠨᠳᠠᠭᠠᠨ ᠰᠡᠷᠬᠦᠭᠡᠬᠦ ᠵᠢ ᠵᠢᠷᠤᠮᠯᠠᠵᠤ ᠨᠠᠭᠤᠷ ᠪᠦᠷᠢᠳᠦ ᠨᠤᠭᠤ ᠭᠠᠵᠠᠷ᠎ᠤᠨ ᠠᠮᠢᠵᠢᠷᠠᠯ᠎ᠤᠨ ᠬᠦᠴᠦᠨ᠎ᠢ ᠬᠠᠮᠠᠭᠠᠯᠠᠨ᠎ᠠ
2021 ᠣᠨ᠎ᠡᠴᠡ ᠨᠠᠭᠠᠰᠢ᠂ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤ ᠠᠮᠢ ᠠᠬᠤᠶ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠌᠂ ᠰᠢᠰᠲ᠋ᠧᠮ᠎ᠲᠡᠶ ᠵᠠᠰᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯ᠎ᠤᠨ ᠵᠠᠮ᠎ᠢ ᠯᠠᠶ᠋ᠢᠳᠠᠬᠤ᠂ ᠠᠮᠢ ᠠᠬᠤᠶ᠎ᠶᠢ ᠵᠠᠰᠠᠨ ᠰᠡᠷᠭᠦᠭᠡᠬᠦ᠌᠂ ᠲᠠᠷᠢᠶᠠᠯᠠᠩ᠎ᠤᠨ ᠳᠥᠷᠪᠡᠨ ᠡᠵᠡᠮᠳᠡᠯ᠂ ᠪᠣᠬᠢᠷ ᠤᠰᠤ ᠬᠣᠭ ᠨᠣᠪᠰᠢ᠎ᠶᠢ ᠰᠢᠢᠳᠪᠦᠷᠢᠯᠡᠬᠦ᠌ ᠵᠢᠴᠢ ᠬᠠᠮᠠᠭᠠᠯᠠᠯᠲᠠ ᠬᠠᠮᠢᠶᠠᠷᠤᠯᠲᠠ᠎ᠶᠢᠨ ᠰᠠᠭᠤᠷᠢ ᠪᠥᠲᠥᠭᠡᠨ ᠪᠠᠶ᠋ᠢᠭᠤᠯᠤᠯᠲᠠ ᠵᠡᠷᠭᠡ 44 ᠲᠥᠷᠥᠯ ᠵᠦᠢᠯ᠎ᠢ ᠤᠨᠤᠴᠠᠳᠠᠢ ᠬᠡᠷᠡᠭᠵᠢᠭᠦᠯᠵᠦ᠍᠂ ᠬᠢᠬᠢᠷᠢ ᠵᠢᠨ ᠨᠠᠭᠤᠷ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠠᠮᠢ ᠠᠬᠤᠶ᠎ᠶᠢᠨ ᠶᠡᠷᠦᠩᠬᠡᠶ᠋ᠢᠯᠡᠭᠰᠡᠨ ᠵᠠᠰᠠᠯᠲᠠ᠎ᠶᠢ ᠪᠥᠬᠥ᠌ ᠲᠠᠯ᠎ᠠ᠎ᠪᠠᠷ᠂ ᠪᠣᠰᠣᠭ᠎ᠠ ᠴᠣᠭᠴᠠᠵᠢᠭᠤᠯᠤᠨ ᠠᠬᠢᠭᠤᠯᠪᠠ᠃ ᠥᠨᠥᠳᠦᠷ᠂ ᠬᠢᠬᠢᠷᠢ ᠵᠢᠨ ᠨᠠᠭᠤᠷ ᠤ᠋ᠨ ᠤᠰᠤᠨ᠎ᠤ ᠲᠠᠯᠠᠪᠠᠶ ᠠᠭᠠᠵᠢᠮ᠎ᠢᠶᠠᠷ ᠰᠡᠷᠭᠦᠵᠦ᠍᠂ ᠨᠡᠭᠦᠳᠡᠯ᠎ᠦᠨ ᠰᠢᠪᠠᠭᠤ ᠵᠡᠷᠭᠡ ᠠᠮᠢᠲᠠᠨ ᠤᠷᠭᠤᠮᠠᠯ᠎ᠤᠨ ᠲᠦᠷᠰᠤ ᠵᠢᠨ ᠰᠦᠷᠦᠭᠵᠢᠯ ᠴᠤ᠌ ᠦᠷᠭᠦᠯᠵᠢᠯᠡᠨ ᠣᠯᠠᠰᠢᠷᠠᠵᠤ ᠪᠠᠶ᠋ᠢᠨ᠎ᠠ᠃
《ᠶᠡᠷᠦᠩᠬᠡᠢ ᠱᠦᠵᠢ ᠰᠢ ᠵᠢᠨ ᠫᠢᠩ ᠬᠢᠬᠢᠷᠢ ᠵᠢᠨ ᠨᠠᠭᠤᠷ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ᠍ ᠰᠢᠨᠵᠢᠯᠡᠨ ᠪᠠᠶ᠋ᠢᠴᠠᠭᠠᠵᠤ᠂ ᠠᠮᠢ ᠠᠬᠤᠢ᠎ᠶᠢ ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠶᠢ ᠲᠤᠬᠠᠢ᠎ᠶᠢᠨ ᠲᠠᠯᠠᠪᠠᠢ᠎ᠳᠤ ᠪᠠᠶ᠋ᠢᠴᠠᠭᠠᠨ ᠦᠵᠡᠵᠦ᠍᠂ ᠤᠯᠠᠭᠠᠨᠴᠠᠪ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ ᠥᠭᠴᠠᠢ》 ᠭᠡᠵᠦ᠍ ᠤᠯᠠᠭᠠᠨᠴᠠᠪ ᠬᠣᠲᠠ᠎ᠶᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠶᠠᠩ ᡁᠢ ᠬᠤᠸᠠ ᠬᠡᠯᠡᠪᠡ᠃
《ᠤᠯᠠᠭᠠᠨᠴᠠᠪ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠰᠢᠰᠲᠧᠮ ᠲᠠᠭ᠎ᠠ᠎ᠶᠢᠨ ᠨᠠᠭᠤᠷ᠂ ᠴᠠᠭᠠᠨᠨᠠᠭᠤᠷ᠂ ᠬᠢᠬᠢᠷᠢ᠎ᠶᠢᠨ ᠨᠠᠭᠤᠷ᠎ᠤᠨ ᠠᠮᠢ ᠠᠬᠤᠢ᠎ᠶᠢᠨ ᠬᠠᠮᠠᠭᠠᠯᠠᠯᠲᠠ ᠰᠡᠷᠭᠦᠭᠡᠯᠲᠡ ᠬᠢᠭᠡᠳ ᠪᠥᠬᠥ ᠣᠷᠣᠨ ᠪᠦᠰᠡ᠎ᠶᠢᠨ ᠣᠷᠴᠢᠨ ᠲᠣᠭᠣᠷᠢᠨ᠎ᠤ ᠵᠠᠰᠠᠯᠲᠠ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠣᠷᠢᠭ᠎ᠠ ᠱᠤᠭᠤᠮ᠂ ᠡᠬᠢ ᠪᠠᠶᠠᠯᠢᠭ᠋᠎ᠤᠨ ᠠᠰᠢᠭ᠍ᠯᠠᠯᠲᠠ᠎ᠵᠢᠨ ᠬᠢᠵᠠᠭᠠᠷ᠎ᠢ ᠴᠢᠩᠭ᠎ᠠ ᠰᠠᠬᠢᠵᠤ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠡᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠬᠦᠯᠬᠦ ᠵᠢ ᠬᠠᠮᠵᠢᠯᠴᠠᠨ ᠠᠬᠢᠭᠤᠯᠤᠨ᠎ᠠ; ᠠᠭᠠᠷ ᠮᠠᠨᠳᠠᠯ᠂ ᠤᠰᠤ᠂ ᠬᠥᠷᠥᠰᠥ ᠰᠢᠷᠣᠢ᠎ᠶᠢᠨ ᠪᠣᠬᠢᠷᠲᠤᠯ᠎ᠢ ᠰᠡᠷᠭᠡᠢᠯᠡᠨ ᠵᠠᠰᠠᠬᠤ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠠᠭ᠎ᠠ᠎ᠶᠢᠨ ᠨᠠᠭᠤᠷ᠎ᠤᠨ ᠰᠠᠪᠠ ᠭᠠᠵᠠᠷ᠎ᠤᠨ ᠶᠡᠷᠦᠩᠬᠡᠢᠯᠡᠭᠰᠡᠨ ᠵᠠᠰᠠᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠴᠠᠭᠠᠨᠨᠠᠭᠤᠷ ᠪᠣᠯᠣᠨ ᠬᠢᠬᠢᠷᠢ᠎ᠶᠢᠨ ᠨᠠᠭᠤᠷ᠎ᠤᠨ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠣᠷᠣᠨ ᠪᠦᠰᠡ᠎ᠶᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠪᠦᠬᠦ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠨ᠎ᠠ; ᠨᠠᠷᠢᠯᠢᠭ᠋ ᠣᠨᠣᠴᠠᠲᠠᠢ᠎ᠪᠠᠷ ᠪᠣᠬᠢᠷᠲᠤᠯ᠎ᠢ ᠵᠠᠰᠠᠬᠤ᠂ ᠰᠢᠨᠵᠢᠯᠡᠬᠦ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ ᠬᠢᠭᠡᠳ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠯᠡᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠨ᠎ᠠ》 ᠬᠡᠵᠦ ᠯᠢᠶᠠᠩ ᡁᠢ ᠬᠤᠸᠠ ᠬᠡᠯᠡᠪᠡ᠃
ᠣᠯᠠᠨ ᠵᠢᠯ᠎ᠦᠨ ᠲᠤᠷᠰᠢ ᠡᠬᠢ ᠡᠬᠦᠰᠦᠯ᠎ᠢ ᠡᠵᠡᠮᠳᠡᠵᠦ ᠪᠣᠬᠢᠷᠲᠤᠯ᠎ᠢ ᠬᠣᠷᠢᠭ᠍ᠯᠠᠬᠤ᠂ ᠠᠮᠢ ᠠᠬᠤᠢ᠎ᠶᠢᠨ ᠤᠰᠤ ᠨᠥᠬᠥᠪᠦᠷᠢᠯᠡᠬᠦ᠂ ᠨᠤᠭᠤ ᠭᠠᠵᠠᠷ᠎ᠢ ᠵᠠᠰᠠᠨ ᠰᠡᠷᠭᠦᠭᠡᠬᠦ ᠵᠡᠷᠭᠡ ᠰᠢᠰᠲᠧᠮ᠎ᠲᠠᠢ ᠵᠠᠰᠠᠯᠲᠠ᠎ᠪᠠᠷ ᠳᠡᠮᠵᠢᠨ᠂ ᠣᠳᠣᠬᠠᠨ᠎ᠳᠤ ᠤᠯᠠᠭᠠᠨᠰᠤᠬᠠᠢ᠎ᠶᠢᠨ ᠤᠰᠤᠨ᠎ᠤ ᠴᠢᠨᠠᠷ ᠲᠣᠭᠲᠠᠭᠤᠨ᠎ᠢᠶᠠᠷ ᠳᠡᠭᠡᠭᠰᠢᠯᠡᠵᠦ᠂ ᠠᠮᠢ ᠠᠬᠤᠢ᠎ᠶᠢᠨ ᠴᠢᠳᠠᠮᠵᠢ ᠪᠥᠬᠥ ᠲᠠᠯ᠎ᠠ᠎ᠪᠠᠷ ᠰᠡᠷᠭᠦᠵᠦ᠂ 《ᠠᠷᠤ ᠭᠠᠵᠠᠷ ᠤ᠋ᠨ ᠬᠡᠷᠡᠯᠳᠦ ᠰᠤᠪᠤᠳ》 ᠳᠠᠬᠢᠨᠲᠠ ᠬᠡᠷᠡᠯ ᠭᠢᠯᠪᠠᠭ᠎ᠠ᠎ᠪᠠᠨ ᠰᠠᠴᠤᠷᠠᠭᠤᠯᠪᠠ᠃
《ᠤᠯᠠᠭᠠᠨᠰᠤᠬᠠᠢ ᠡᠴᠡ ᠬᠢᠬᠢᠷᠢ᠎ᠶᠢᠨ ᠨᠠᠭᠤᠷ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠨᠠᠭᠤᠷ ᠪᠦᠷᠢᠳᠦ ᠨᠤᠭᠤ ᠭᠠᠵᠠᠷ᠎ᠤᠨ ᠬᠠᠮᠠᠭᠠᠯᠠᠯᠲᠠ᠎ᠶᠢᠨ ᠲᠤᠬᠠᠢ ᠬᠦᠰᠡᠯ ᠨᠠᠶ᠋ᠢᠳᠠᠯᠭ᠎ᠠ ᠨᠢ ᠤᠯᠠᠮᠵᠢᠯᠠᠯ ᠨᠢᠭᠡᠲᠡᠢ ᠪᠠᠢᠵᠤ᠂ ᠪᠢᠳᠡᠨ᠎ᠦ ᠤᠯᠠᠭᠠᠨᠰᠤᠬᠠᠢ ᠶ᠋ᠢ ᠬᠠᠮᠠᠭᠠᠯᠠᠨ ᠰᠡᠷᠭᠦᠭᠡᠬᠦ ᠠᠵᠢᠯ᠎ᠢ ᠰᠠᠢᠲᠤᠷ ᠬᠢᠬᠦ᠎ᠳᠦ ᠦᠢᠯᠡᠳᠦᠯᠭᠡ᠎ᠶᠢᠨ ᠴᠢᠭᠯᠡᠯ᠎ᠢ ᠲᠣᠳᠣᠷᠬᠠᠢ ᠵᠢᠭᠠᠵᠤ ᠥᠭᠴᠡᠢ》 ᠭᠡᠵᠦ ᠪᠠᠶᠠᠨᠨᠠᠭᠤᠷ ᠬᠤᠳᠠ᠎ᠶᠢᠨ ᠤᠷᠠᠳ᠎ᠤᠨ ᠤᠯᠤᠰ᠎ᠤᠨ ᠲᠡᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶ᠎ᠠ᠂ ᠤᠯᠠᠭᠠᠨᠰᠤᠬᠠᠢ ᠵᠢᠨ ᠨᠤᠭᠤ ᠭᠠᠵᠠᠷ᠎ᠤᠨ ᠤᠰᠤᠨ᠎ᠤ ᠵᠢᠭᠦᠷᠲᠡᠨ᠎ᠢ ᠬᠠᠮᠠᠭᠠᠯᠠᠯᠳᠡ᠎ᠶᠢᠨ ᠰᠠᠯᠠᠭᠠᠨ᠎ᠤ ᠳᠠᠷᠤᠭ᠎ᠠ ᠵᠠᠩ ᠶᠦᠩ ᠬᠡᠯᠡᠪᠡ᠃
《ᠣᠯᠠᠨ ᠵᠢᠯ᠎ᠦᠨ ᠦᠷᠭᠦᠯᠵᠢᠯᠡᠭᠰᠡᠨ ᠵᠠᠰᠠᠯᠲᠠ᠎ᠪᠠᠷ ᠳᠡᠮᠵᠢᠨ᠂ ᠤᠯᠠᠭᠠᠨᠰᠤᠬᠠᠢ᠎ᠶᠢᠨ ᠤᠰᠤᠨ᠎ᠤ ᠴᠢᠨᠠᠷ ᠲᠠᠰᠤᠷᠠᠯᠲᠠ ᠦᠭᠡᠢ ᠰᠠᠢᠵᠢᠷᠠᠵᠤ᠂ ᠨᠡᠭᠦᠳᠡᠯ᠎ᠦᠨ ᠰᠢᠪᠠᠭᠤᠳ᠎ᠤᠨ ᠣᠷᠣᠰᠢᠨ ᠠᠮᠢᠳᠤᠷᠠᠬᠤ ᠴᠡᠩᠭᠡᠯ᠎ᠦᠨ ᠣᠷᠣᠨ ᠪᠣᠯᠤᠭᠰᠠᠨ ᠪᠠᠢᠨ᠎ᠠ᠃ ᠲᠠᠷᠠᠭᠠᠴᠢ᠎ᠶᠢᠨ ᠠᠯᠬᠤᠮ᠎ᠳᠤ᠂ ᠪᠢᠳᠡ ᠵᠥᠪ ᠠᠮᠢ ᠠᠬᠤᠢ᠎ᠶᠢᠨ ᠣᠢᠯᠠᠭᠠᠭᠳᠠᠬᠤᠨ᠎ᠢ ᠪᠠᠲᠤ ᠪᠣᠶ ᠪᠣᠯᠭᠠᠵᠤ᠂ ᠠᠶᠠᠨᠳᠠᠭᠠᠨ ᠰᠡᠷᠭᠦᠬᠦ᠎ᠪᠡᠷ ᠭᠣᠣᠯ ᠪᠣᠯᠭᠠᠬᠤ᠂ ᠬᠥᠮᠥᠨ᠎ᠦ ᠬᠦᠴᠦᠤᠷᠤᠭᠤᠯᠬᠤᠪᠡᠷ ᠬᠠᠪᠰᠤᠷᠤᠮᠵᠢ ᠪᠣᠯᠭᠠᠬᠤ ᠵᠠᠷᠴᠢᠮ᠎ᠢ ᠡᠵᠡᠮᠳᠡᠵᠦ᠂ ᠨᠠᠭᠤᠷ᠎ᠤᠨ ᠣᠷᠣᠨ᠎ᠤ ᠬᠠᠮᠢᠶᠠᠷᠤᠯᠲᠠ ᠡᠵᠡᠮᠳᠡᠯ᠎ᠢ ᠰᠢᠯᠢᠳᠡᠭᠵᠢᠭᠦᠯᠵᠦ᠂ ᠬᠥᠮᠥᠨ᠎ᠦ ᠬᠠᠷᠰᠢᠯᠠᠯ᠎ᠢ ᠪᠠᠭᠠᠰᠬᠠᠵᠤ᠂ ᠬᠡᠲᠦᠷᠬᠡᠢ ᠢᠨᠵᠸᠨ᠋ᠸᠷᠢᠡᠭᠵᠢᠭᠦᠯᠦᠨ ᠰᠡᠷᠭᠦᠭᠡᠬᠦ᠎ᠡᠴᠡ ᠵᠠᠢᠯᠠᠰᠬᠢᠵᠦ᠂ ᠠᠮᠢ ᠠᠬᠤᠢ᠎ᠶᠢᠨ ᠤᠰᠤ ᠨᠥᠬᠥᠪᠦᠷᠢᠯᠡᠬᠦ᠎ᠳᠦ ᠲᠦᠰᠢᠭᠯᠡᠨ ᠨᠠᠭᠤᠷ᠎ᠤᠨ ᠲᠣᠰ ᠪᠡᠶ᠎ᠡ᠎ᠶᠢᠨ ᠠᠮᠢ ᠠᠬᠤᠢ᠎ᠶᠢᠨ ᠡᠷᠭᠢᠯᠲᠡ᠎ᠶᠢ ᠲᠡᠭᠦᠯᠳᠡᠷᠵᠢᠭᠦᠯᠦᠨ᠎ᠡ; ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶᠢ ᠪᠣᠳᠠᠲᠠᠢ ᠠᠳᠬᠤᠵᠤ᠂ ᠬᠢᠨᠠᠨ ᠬᠡᠮᠵᠢᠬᠦ ᠰᠢᠰᠲᠧᠮ᠎ᠢ ᠰᠠᠢᠲᠤᠷ ᠬᠡᠷᠡᠭᠯᠡᠨ᠂ ᠲᠣᠭᠣᠷᠢᠨ ᠴᠠᠬᠳᠠᠵᠦ ᠬᠠᠮᠠᠭᠠᠯᠠᠬᠤ ᠵᠢ ᠴᠢᠩᠭᠠᠳᠬᠠᠵᠦ᠂ ᠨᠡᠭᠦᠳᠡᠯ᠎ᠦᠨ ᠰᠢᠪᠠᠭᠤ᠎ᠶᠢ ᠦᠷᠬᠦᠬᠡᠬᠦ᠂ ᠨᠤᠭᠤ ᠭᠠᠵᠠᠷ᠎ᠢ ᠡᠪᠳᠡᠬᠦ ᠦᠶ᠋ᠯᠡ ᠠᠵᠢᠯᠯᠠᠭ᠎ᠠ᠎ᠶᠢ ᠬᠣᠷᠢᠭ᠍ᠯᠠᠨ ᠵᠣᠭᠰᠣᠭᠠᠵᠤ᠂ ᠣᠯᠠᠨ ᠶᠠᠩᠵᠤ᠎ᠶᠢᠨ ᠨᠤᠭᠤ ᠭᠠᠵᠠᠷ᠎ᠤᠨ ᠠᠮᠢᠳᠤᠷᠠᠯ᠎ᠤᠨ ᠣᠷᠴᠢᠨ ᠲᠣᠭᠣᠷᠢᠨ᠎ᠢ ᠬᠠᠮᠠᠭᠠᠯᠠᠨ᠂ ᠨᠡᠭᠦᠳᠡᠯ᠎ᠦᠨ ᠰᠢᠪᠠᠭᠤᠨ᠎ᠤ ᠨᠡᠭᠦᠳᠡᠯᠯᠡᠬᠦ ᠵᠠᠩᠭᠢᠯᠠᠭ᠎ᠠ᠎ᠶᠢᠨ ᠴᠡᠭ᠎ᠢ ᠰᠠᠢᠲᠤᠷ ᠰᠠᠬᠢᠨ᠎ᠠ》 ᠭᠡᠵᠦ ᠵᠠᠩ ᠶᠦᠩ ᠬᠡᠯᠡᠪᠡ᠃
ᠪᠣᠬᠢᠷᠲᠤᠯ ᠦᠭᠡᠢ ᠬᠥᠭᠵᠢᠯᠲᠡ᠎ᠶᠢ ᠪᠠᠷᠢᠮᠲᠠᠯᠠᠵᠤ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠦᠵᠡᠮᠵᠢ᠎ᠵᠢ ᠵᠢᠷᠤᠭᠯᠠᠨ᠎ᠠ
ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠃ 2023 ᠣᠨ᠎ᠠᠴᠠ ᠨᠠᠭᠠᠰᠢ᠂ ᠥᠪᠥᠷ ᠮᠣᠩᠭᠣᠯ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠨᠡᠶ᠋ᠢᠲᠡ 1.3 ᠳ᠋ᠦᠩᠰᠢᠭᠤᠷ ᠮᠦ᠍ ᠪᠡᠶᠡᠯᠡᠭᠦᠯᠵᠦ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠡᠮᠦᠨᠡᠬᠢ ᠲᠠᠪᠤᠨ ᠬᠤᠭᠤᠴᠠᠭᠠᠨ᠎ᠤ ᠢᠨᠵᠧᠨᠧᠷᠢᠩ᠎ᠢ ᠪᠡᠶᠡᠯᠡᠭᠦᠯᠦᠭᠰᠡᠨ ᠬᠡᠮᠵᠢᠶ᠎ᠡ᠎ᠶᠢᠨ 85%᠎ᠲᠠᠢ ᠲᠡᠩᠴᠡᠪᠡ᠃ ᠪᠥᠬᠥ ᠣᠷᠣᠨ᠎ᠤ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠵᠠᠰᠠᠯᠲᠠ᠎ᠶᠢᠨ ᠨᠣᠷᠮ᠎ᠠ 56.4%᠎ᠳ᠋ᠤ᠌ ᠬᠦᠷᠴᠦ᠂ 2019 ᠣᠨ᠎ᠤ ᠵᠢᠷᠭᠤᠳᠤᠭᠠᠷ ᠤᠳᠠᠭᠠᠨ᠎ᠤ ᠴᠦᠯᠯᠡᠷᠭᠡᠭᠵᠢᠯ᠎ᠤᠨ ᠬᠢᠨᠠᠨ ᠬᠡᠮᠵᠢᠯᠲᠡ᠎ᠡᠴᠡ ᠵᠠᠭᠤᠨ᠎ᠤ ᠬᠠᠷᠢᠴᠡᠯ᠎ᠢᠶᠡᠷ 17.78 ᠬᠤᠪᠢ ᠳᠡᠭᠡᠭᠰᠢᠯᠡᠪᠡ᠃ ᠪᠦᠬᠦ ᠣᠷᠣᠨ᠎ᠤ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ᠂ ᠪᠠᠢᠭᠠᠯᠢ᠎ᠶᠢᠨ ᠨᠤᠲᠤᠭ ᠪᠡᠯᠴᠢᠭᠡᠷ᠎ᠦᠨ ᠶᠡᠷᠦᠩᠬᠡᠢᠯᠡᠭᠰᠡᠨ ᠤᠷᠭᠤᠮᠠᠯ᠎ᠤᠨ ᠪᠦᠷᠬᠦᠴᠡ᠎ᠶᠢᠨ ᠬᠡᠮᠵᠢᠶ᠎ᠡ ᠴᠥᠮ ᠨᠡᠯᠢᠶᠡᠳ ᠶᠡᠬᠡ ᠬᠡᠮᠵᠢᠶ᠎ᠡ᠎ᠪᠡᠷ ᠳᠡᠭᠡᠭᠰᠢᠯᠡᠭᠰᠡᠨ ᠪᠠᠢᠨ᠎ᠠ᠃
ᠬᠢᠩᠭᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠢ᠎ᠠ᠎ᠶᠢᠨ ᠪᠦᠬᠦ᠌ ᠺᠠᠳ᠋ᠷ ᠠᠵᠢᠯᠳᠠᠨ ᠠᠵᠢᠯᠴᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠪᠠ᠃ ᠣᠯᠠᠨ᠎ᠢᠶᠠᠷ᠎ᠢᠶᠠᠨ ᠣᠶ ᠰᠢᠭᠤᠶ ᠨᠤᠲᠤᠭ ᠪᠡᠯᠴᠢᠭᠡᠷ᠎ᠦᠨ ᠭᠤᠤᠯᠳᠠᠯᠭ᠎ᠠ᠎ᠲᠠᠶ ᠠᠵᠢᠯ᠎ᠲᠠᠶ ᠤᠶᠠᠯᠳᠤᠭᠤᠯᠤᠨ᠂ ᠠᠵᠢᠯ᠎ᠤᠨ ᠳᠡᠭᠡᠭᠰᠢᠯᠡᠭᠦᠯᠬᠦ᠌ ᠴᠢᠭᠯᠡᠯ᠎ᠢ ᠭᠦᠨᠵᠡᠭᠡᠶ ᠰᠤᠳᠤᠯᠤᠨ ᠶᠠᠷᠢᠯᠴᠠᠵᠤ᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠌ ᠠᠵᠢᠯ᠎ᠤᠨ ᠤᠢᠯᠠᠭᠠᠭᠳᠠᠬᠤᠨ᠎ᠢ ᠤᠯᠠᠮ ᠨᠢᠭᠡ ᠠᠯᠬᠤᠮ ᠪᠠᠲᠤᠳᠬᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠦᠷᠭᠦᠯᠵᠢᠯᠡᠨ ᠪᠡᠬᠢᠵᠢᠭᠦᠯᠬᠦ᠌ ᠠᠵᠢᠯ᠎ᠤᠨ ᠬᠠᠷᠠᠯᠲᠠ᠎ᠶᠢ ᠲᠣᠳᠣᠷᠬᠠᠶ᠋ᠢᠯᠠᠪᠠ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠢ᠎ᠠ᠎ᠶᠢᠨ ᠨᠤᠲᠤᠭ ᠪᠡᠯᠴᠢᠭᠡᠷ᠎ᠦᠨ ᠠᠵᠢᠯ᠎ᠤᠨ ᠦᠷᠳᠡᠭᠡ᠎ᠶᠢᠨ ᠬᠠᠷᠢᠭᠤᠴᠠᠯᠭᠠᠲᠠᠨ ᠪᠦᠦ ᠬᠤᠢ ᠴᠢᠤᠸᠠᠨ᠄《ᠮᠠᠨ᠎ᠤ ᠨᠤᠲᠤᠭ ᠪᠡᠯᠴᠢᠭᠡᠷ᠎ᠦᠨ ᠦᠷᠳᠡᠭᠡ᠎ᠶᠢᠨ ᠬᠢᠵᠦ᠍ ᠪᠠᠶ᠋ᠢᠭ᠎ᠠ ᠠᠵᠢᠯ ᠪᠣᠯ ᠳᠠᠷᠤᠢ ᠡᠯᠡᠰᠦ᠎ᠲᠡᠶ 〈ᠭᠠᠵᠠᠷ ᠪᠤᠯᠢᠶᠠᠯᠳᠤᠬᠤ ᠠᠵᠢᠯ〉 ᠪᠣᠯᠤᠨ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠠᠳ ᠪᠢᠳᠡ ᠨᠡᠩ ᠢᠲᠡᠭᠡᠯ ᠲᠡᠭᠦᠯᠳᠡᠷ ᠪᠣᠯᠤᠯ᠎ᠠ᠃ ᠪᠢᠳᠡ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ᠎ᠶᠢ ᠪᠠᠶ᠋ᠢᠭᠤᠯᠤᠨ ᠪᠦᠷᠢᠨᠰᠢᠭᠦᠯᠵᠦ᠍᠂ ᠬᠠᠮᠢᠶᠠᠷᠤᠨ ᠬᠠᠮᠠᠭᠠᠯᠠᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠱᠠᠲᠤ᠌ ᠱᠠᠲᠤ᠎ᠪᠠᠷ ᠪᠣᠳᠠᠲᠠᠶ᠋ᠢᠵᠢᠭᠤᠯᠤᠨ᠎ᠠ᠃ ᠲᠥᠷᠥᠯ ᠵᠦᠢᠯ᠎ᠦᠨ ᠣᠷᠣᠨ᠎ᠳᠤ ᠪᠡᠯᠴᠢᠭᠡᠷᠯᠡᠭᠦᠯᠬᠦ᠌᠎ᠶᠢ ᠴᠠᠭᠠᠵᠠᠯᠠᠬᠤ᠎ᠶᠢ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠠᠢᠨᠭᠭᠤᠵᠢᠭᠰᠠᠨ ᠲᠣᠭᠣᠷᠢᠨ ᠬᠠᠮᠠᠭᠠᠯᠠᠵᠤ ᠬᠢᠨᠠᠨ ᠬᠠᠮᠢᠶᠠᠷᠬᠤ᠎ᠶᠢ ᠦᠷᠭᠦᠯᠵᠢᠯᠡᠨ ᠥᠷᠨᠢᠭᠦᠯᠵᠦ᠍᠂ ᠬᠢᠯᠪᠠᠷ ᠪᠤᠰᠤ᠎ᠪᠠᠷ ᠣᠯᠤᠭᠰᠠᠨ ᠠᠮᠢ ᠠᠬᠤᠶ᠎ᠶᠢᠨ ᠨᠣᠭᠣᠭᠠᠷᠠᠭᠤᠯᠤᠯᠲᠠ᠎ᠶᠢᠨ ᠦᠷ᠎ᠡ ᠪᠦᠲᠦᠭᠡᠯ᠎ᠢ ᠡᠷᠡᠰ ᠰᠠᠶ᠋ᠢᠲᠤᠷ ᠰᠠᠬᠢᠨ ᠬᠠᠮᠠᠭᠠᠯᠠᠵᠤ᠂ 〈ᠠᠯᠢ ᠬᠡᠰᠡᠭ᠎ᠢ ᠵᠠᠰᠠᠪᠠᠯ ᠲᠡᠷᠡ ᠬᠡᠰᠡᠭ ᠨᠢ ᠠᠮᠵᠢᠯᠲᠠ ᠤᠯᠵᠤ᠂ ᠲᠡᠷᠡ ᠬᠡᠰᠡᠭ ᠢ᠋ ᠨᠣᠭᠣᠭᠠᠷᠠᠭᠤᠯᠬᠤ᠎ᠶᠢ ᠦᠨᠡᠨ ᠬᠦ᠌ ᠪᠡᠶᠡᠯᠡᠭᠦᠯᠤᠨ᠎ᠡ〉》 ᠭᠡᠵᠦ ᠬᠡᠯᠡᠪᠡ᠃
ᠣᠶ᠋ᠢᠷ᠎ᠠ᠎ᠶᠢᠨ ᠵᠢᠯ᠎ᠡᠴᠡ ᠨᠠᠭᠠᠰᠢ᠂ ᠬᠥᠬᠡᠬᠣᠲᠠ ᠰᠢ ᠵᠢᠨ ᠫᠢᠩ᠎ᠦᠨ ᠠᠮᠢ ᠠᠬᠤᠶ᠎ᠶᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠴᠢᠨᠠᠷ ᠰᠠᠶ᠋ᠢᠲᠠᠶ ᠬᠥᠭᠵᠢᠯᠲᠡ᠎ᠶᠢ ᠬᠠᠮᠠᠭᠠᠯᠠᠬᠤ᠎ᠪᠠᠷ ᠬᠠᠷᠠᠯᠲᠠ ᠪᠣᠯᠭᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠭᠦᠨᠵᠡᠭᠡᠶ ᠰᠠᠶ᠋ᠢᠲᠤᠷ ᠬᠢᠵᠦ᠍᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠢᠯᠡᠳᠲᠡ ᠰᠠᠶ᠋ᠢᠵᠢᠷᠠᠵᠤ᠂ ᠦᠵᠡᠰᠬᠦᠯᠡᠩᠲᠦ᠍ ᠰᠠᠶ᠋ᠢᠬᠠᠨ ᠲᠥᠪ ᠬᠣᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠢᠳᠡᠷᠡᠭᠦᠨ ᠠᠯᠬᠤᠭ᠎ᠠ᠎ᠶᠢ ᠠᠬᠢᠭᠤᠯᠪᠠ᠃
ᠬᠥᠬᠡᠬᠣᠲᠠ᠎ᠶᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠬᠤᠸᠠᠩ ᠰᠤ᠌ ᠵᠢᠶᠦᠢ᠍ᠨ᠄《ᠬᠥᠬᠡᠬᠣᠲᠠ᠎ᠶᠢᠨ ᠠᠮᠢ ᠠᠬᠤᠶ ᠣᠷᠴᠢᠨ ᠲᠣᠭᠣᠷᠢᠨ᠎ᠤ ᠰᠢᠰᠲ᠋ᠧᠮ᠎ᠦᠨ ᠬᠢᠨ ᠰᠠᠢᠨ ᠰᠠᠬᠢᠨ ᠬᠠᠮᠠᠭᠠᠯᠠᠭᠴᠢ ᠪᠣᠯᠵᠣ᠂ ᠪᠣᠬᠢᠷᠲᠤᠯ ᠥᠬᠡᠶ ᠬᠥᠭᠵᠢᠯᠲᠡ᠎ᠶᠢ ᠶᠡᠬᠡᠪᠡᠷ ᠠᠬᠢᠭᠤᠯᠵᠤ᠂ ᠠᠮᠢ ᠠᠬᠤᠶ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠡᠷᠡᠰ ᠰᠠᠶ᠋ᠢᠲᠤᠷ ᠰᠠᠬᠢᠵᠤ᠂ ᠣᠷᠣᠨ᠎ᠤ ᠲᠥᠪ᠎ᠦᠨ 8 ᠶᠡᠬᠡ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠲᠠᠯ᠎ᠠ᠎ᠪᠠᠷ ᠬᠣᠷᠢᠭ᠎ᠠ ᠱᠤᠭᠤᠮ᠎ᠢ ᠰᠠᠶ᠋ᠢᠲᠤᠷ ᠰᠠᠬᠢᠵᠤ᠂ ᠰᠠᠶ᠋ᠢᠲᠤᠷ ᠪᠠᠲᠤᠯᠠᠨ᠎ᠠ; ᠰᠠᠢ᠌ᠨ ᠲᠠᠭᠠᠭᠤᠯᠤᠭᠴᠢ ᠪᠤᠯᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠭᠦᠨᠵᠡᠭᠡᠢ ᠰᠠᠶ᠋ᠢᠲᠤᠷ ᠬᠢᠬᠦ᠌ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠬᠦᠬᠡ ᠣᠭᠲᠠᠷᠭᠤᠢ᠂ ᠨᠤᠮᠢᠨ ᠤᠰᠤ᠂ ᠴᠡᠪᠡᠷ ᠬᠥᠷᠥᠰᠥ᠍ ᠪᠠ ᠨᠠᠮ ᠬᠥᠮᠢ ᠰᠠᠶ᠋ᠢᠲᠤᠷ ᠰᠠᠬᠢᠨ ᠬᠠᠮᠠᠭᠠᠯᠠᠵᠤ᠂ ᠣᠷᠣᠨ᠎ᠤ ᠲᠥᠪ᠎ᠦᠨ ᠤᠯᠠᠨ ᠲᠦᠮᠡᠨ᠎ᠦ ᠠᠮᠢᠳᠤᠷᠠᠯ᠎ᠢ ᠨᠡᠩ ᠲᠠᠭᠠᠯᠠᠮᠵᠢᠲᠠᠢ᠂ ᠨᠡᠩ ᠲᠠᠭᠠᠳᠠᠢ ᠪᠣᠯᠭᠠᠨ᠎ᠠ; ᠬᠥᠬᠡᠬᠣᠲᠠ᠎ᠶᠢᠨ ᠦᠩᠭᠡ ᠲᠥᠷᠬᠦ᠌᠎ᠶᠢ ᠴᠡᠪᠡᠷᠰᠢᠭᠦᠯᠵᠦ᠍᠂ ᠦᠵᠡᠰᠬᠦᠯᠡᠩᠲᠦ᠍ ᠰᠠᠶ᠋ᠢᠬᠠᠨ ᠬᠥᠬᠡ ᠣᠭᠲᠠᠷᠭᠤᠶ᠂ ᠦᠵᠡᠰᠬᠦᠯᠡᠩᠲᠦ᠍ ᠰᠠᠶ᠋ᠢᠬᠠᠨ ᠭᠤᠤᠯ ᠮᠥᠷᠡᠨ ᠨᠠᠭᠤᠷ ᠪᠦᠷᠢᠳᠦ᠂ ᠦᠵᠡᠰᠬᠦᠯᠡᠩᠲᠦ᠍ ᠰᠠᠶ᠋ᠢᠬᠠᠨ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ᠎ᠪᠠᠷ ᠭᠠᠷᠳᠠᠴᠠ ᠪᠣᠯᠭᠠᠵᠤ᠂ ᠦᠵᠡᠰᠬᠦᠯᠡᠩᠲᠦ᠍ ᠰᠠᠶ᠋ᠢᠬᠠᠨ ᠣᠷᠣᠨ᠎ᠤ ᠲᠥᠪ᠎ᠦᠨ ᠪᠦᠲᠦᠭᠡᠨ ᠪᠠᠶ᠋ᠢᠭᠤᠯᠤᠯᠲᠠ᠎ᠶᠢ ᠪᠦᠬᠦ᠌ ᠬᠦᠴᠦᠨ᠎ᠢᠶᠡᠷ ᠠᠬᠢᠭᠤᠯᠵᠤ᠂ ᠦᠵᠡᠰᠬᠦᠯᠡᠩᠲᠦ᠍ ᠰᠠᠶ᠋ᠢᠬᠠᠨ ᠥᠪᠥᠷ ᠮᠣᠩᠭᠣᠯ᠎ᠤᠨ ᠪᠦᠲᠦᠭᠡᠨ ᠪᠠᠶ᠋ᠢᠭᠤᠯᠤᠯᠲᠠ᠎ᠳᠤ ᠬᠣᠰᠢᠭᠤᠴᠢ ᠪᠣᠯᠵᠤ᠂ ᠦᠯᠢᠭᠡᠷ ᠳᠠᠭᠤᠷᠢᠶᠠᠯ ᠪᠣᠯᠤᠨ᠎ᠠ; ᠰᠢᠰᠲ᠋ᠧᠮ᠎ᠲᠡᠶ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠦ᠍᠂ 〈ᠤᠮᠠᠷᠠᠲᠤ᠎ᠶᠢᠨ ᠭᠤᠷᠪᠠᠨ ᠣᠷᠣᠨ〉 ᠤ᠋ ᠢᠨᠵᠧᠨᠧᠷᠢᠩ᠂ ᠲᠠᠯᠠᠨ ᠬᠠᠷ᠎ᠠ ᠠᠭᠤᠯᠠ᠎ᠶᠢᠨ ᠡᠮᠦᠨ᠎ᠡ ᠪᠡᠯ᠂ ᠬᠠᠷᠠᠠᠤᠰᠤ᠂ ᠾᠦᠨᠾᠸ ᠭᠤᠤᠯ ᠵᠡᠷᠭᠡ ᠠᠮᠢ ᠠᠬᠤᠢ᠎ᠶᠢ ᠵᠠᠰᠠᠨ ᠰᠡᠷᠭᠦᠭᠡᠬᠦ᠌ ᠢᠨᠵᠧᠨᠧᠷᠢᠩ᠎ᠳᠦ ᠪᠠᠶ᠋ᠢᠭᠠᠯᠢ᠎ᠶᠢ ᠬᠦᠨᠳᠦᠳᠬᠡᠬᠦ᠌᠂ ᠪᠠᠶ᠋ᠢᠭᠠᠯᠢ᠎ᠲᠠᠶ ᠵᠣᠬᠢᠴᠠᠬᠤ᠂ ᠪᠠᠶ᠋ᠢᠭᠠᠯᠢ᠎ᠶᠢ ᠬᠠᠮᠠᠭᠠᠯᠠᠬᠤ ᠦᠵᠡᠯ ᠰᠠᠨᠠᠭ᠎ᠠ᠎ᠶᠢ ᠨᠡᠩ ᠢᠯᠡᠷᠡᠭᠦᠯᠦᠨ᠎ᠡ》 ᠭᠡᠵᠦ ᠬᠡᠯᠡᠪᠡ᠃
(ᠰᠤᠷᠪᠤᠯᠵᠢᠯᠠᠭᠴᠢ ᠵᠠᠩ ᠬᠣᠶ ᠯᠢᠩ ᠬᠠᠨ ᠰᠢᠤᠸᠠᠢ ᠷᠦ ᠬᠤᠸᠠᠩ ᠹᠦ ᠮᠧᠶ ᠰᠢᠶᠠᠨ ᠰᠢᠤᠸᠠᠢ ᠯᠠᠶ ᠭᠤᠤ ᠮᠢᠨ ᠨᠠ ᠵᠧᠩ ᠰᠢᠤᠸᠠᠢ ᠯᠢᠶᠠᠩ ᠭᠦᠸᠧ ᠴᠢ ᠨᠠᠨ ᠴᠢᠮᠡᠭᠡᠯᠡᠭᠴᠢ ᠶᠠᠩ ᠼᠠᠢ ᠰᠢᠶᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃