2026-10-29 09:17:43
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ 10 ᠰᠠᠷ᠎ᠠ᠎ᠶᠢᠨ 13᠎ᠤ ᠡᠳᠦᠷ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠴᠠᠭ ᠠᠭᠤᠷ᠎ᠤᠨ ᠬᠥᠭᠵᠢᠯᠲᠡ᠎ᠶᠢᠨ ᠲᠥᠯᠦᠪᠵᠢᠭᠦᠯᠭᠡ》 (ᠳᠣᠷᠣᠭ᠍ᠰᠢ 《ᠲᠥᠯᠦᠪᠵᠢᠭᠦᠯᠭᠡ》 ᠭᠡᠵᠦ ᠳᠥᠭᠥᠮᠴᠢᠯᠡᠨ᠎ᠡ) ᠶ᠋ᠢ ᠳᠠᠷᠤᠮᠠᠯᠯᠠᠨ ᠲᠠᠷᠬᠠᠭᠠᠪᠠ᠃
《ᠲᠥᠯᠦᠪᠵᠢᠭᠦᠯᠭᠡ》᠎ᠳᠤ᠂ 2030 ᠣᠨ ᠪᠣᠯᠬᠤ᠎ᠳᠤ ᠥᠪᠥᠷ ᠮᠣᠩᠭᠣᠯ ᠤ᠋ᠨ ᠴᠠᠭ ᠠᠭᠤᠷ᠎ᠤᠨ 《12551》 ᠬᠥᠭᠵᠢᠯᠲᠡ᠎ᠶᠢᠨ ᠰᠡᠳᠬᠢᠮᠵᠢ᠎ᠶᠢ ᠲᠣᠭᠲᠠᠭᠠᠵᠤ᠂ ᠴᠠᠭ ᠠᠭᠤᠷ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠲᠤᠬᠠᠢᠯᠠᠭᠰᠠᠨ ᠠᠵᠢᠯ᠂ ᠦᠢᠯᠡᠴᠢᠯᠡᠭᠡ᠂ ᠵᠠᠰᠠᠯᠲᠠ ᠵᠡᠷᠭᠡ ᠳᠥᠷᠪᠡᠨ ᠶᠡᠬᠡ ᠰᠢᠰᠲᠧᠮ᠎ᠢ ᠪᠦᠷᠢᠨᠰᠢᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ᠬᠥᠭᠵᠢᠯᠲᠡ᠎ᠶᠢᠨ ᠬᠠᠷᠠᠯᠲᠠ᠎ᠶᠢᠨ ᠲᠣᠭᠣᠷᠢᠨ᠎ᠳᠤ᠂ 5 ᠲᠠᠯ᠎ᠠ᠎ᠶᠢᠨ 17 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠬᠤ᠎ᠶᠢᠨ ᠬᠠᠮᠲᠤ 8 ᠵᠦᠢᠯ᠎ᠦᠨ ᠬᠡᠮᠵᠢᠶᠡᠵᠢᠭᠦᠯᠵᠦ ᠪᠣᠯᠬᠤ ᠭᠣᠣᠯ ᠭᠦᠢᠴᠡᠳᠬᠡᠯ ᠲᠣᠭ᠎ᠠ᠎ᠶᠢ ᠲᠣᠭᠲᠠᠭᠠᠪᠠ᠃ ᠨᠢᠭᠡ ᠳ᠋ᠦ᠂ ᠴᠠᠭ ᠠᠭᠤᠷ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ ᠪᠠ ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠤᠭᠤᠮᠲᠠ ᠰᠢᠪᠲᠤᠯᠬᠤ ᠠᠵᠢᠯ᠎ᠢ ᠴᠢᠩᠭᠠᠳᠬᠠᠵᠤ᠂ ᠰᠢᠰᠲᠧᠮᠵᠢᠭᠦᠯᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ᠎ᠶᠢ ᠠᠬᠢᠭᠤᠯᠤᠨ᠎ᠠ᠃ ᠬᠣᠶᠠᠷ᠎ᠲᠤ᠂ ᠣᠳᠣᠬᠢᠴᠢᠯᠠᠭᠰᠠᠨ ᠣᠶᠤᠨᠲᠤ ᠴᠠᠭ ᠠᠭᠤᠷ᠎ᠤᠨ ᠲᠤᠬᠠᠢᠯᠠᠭᠰᠠᠨ ᠠᠵᠢᠯ᠎ᠤᠨ ᠰᠢᠰᠲ᠋ᠸᠮ᠎ᠢ ᠪᠠᠢᠭᠤᠯᠵᠤ᠂ ᠴᠠᠭ ᠠᠭᠤᠷ᠎ᠤᠨ ᠨᠠᠷᠢᠯᠢᠭ᠋ ᠬᠢᠨᠠᠨ ᠬᠡᠮᠵᠢᠬᠦ ᠴᠢᠳᠠᠪᠤᠷᠢ᠎ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠣᠶᠤᠨᠲᠤ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠸᠮ᠎ᠢ ᠪᠠᠢᠭᠤᠯᠵᠤ᠂ ᠴᠠᠭ ᠠᠭᠤᠷ᠎ᠲᠤ ᠰᠠᠭᠤᠷᠢᠯᠠᠭᠰᠠᠨ ᠳᠡᠯᠡᠬᠡᠢ᠎ᠶᠢᠨ ᠪᠥᠮᠪᠥᠷᠴᠡᠭ᠎ᠦᠨ ᠰᠢᠰᠲ᠋ᠸᠮ᠎ᠤᠨ ᠳ᠋ᠡᠢᠲ᠋ᠠ᠎ᠶᠢᠨ ᠲᠠᠪᠴᠠᠩ᠎ᠤᠨ ᠥᠪᠥᠷ ᠮᠣᠩᠭᠣᠯ᠎ᠤᠨ ᠵᠠᠩᠭᠢᠯᠠᠭ᠎ᠠ᠎ᠶᠢᠨ ᠴᠡᠭ᠎ᠢ ᠪᠠᠢᠭᠤᠯᠤᠨ᠎ᠠ᠃ ᠭᠤᠷᠪᠠ᠎ᠳᠤ᠂ ᠴᠠᠭ ᠠᠭᠤᠷ᠎ᠤᠨ ᠭᠠᠮᠰᠢᠭ᠋᠎ᠡᠴᠡ ᠰᠡᠷᠭᠡᠢᠯᠡᠨ ᠭᠠᠮᠰᠢᠭ᠋᠎ᠢ ᠪᠠᠭᠠᠰᠬᠠᠬᠤ ᠪᠠ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠣᠨᠴᠠᠭᠠᠢ ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠠᠭᠤᠷ ᠠᠮᠢᠰᠬᠤᠯ᠎ᠤᠨ ᠬᠤᠪᠢᠷᠠᠯᠲᠠ ᠶ᠋ᠢ ᠠᠷᠭᠠᠴᠠᠭᠠᠬᠤ ᠴᠠᠭ ᠠᠭᠤᠷ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠵᠤ᠂ ᠬᠥᠮᠥᠨ᠎ᠦ ᠬᠦᠴᠦ᠎ᠪᠡᠷ ᠴᠠᠭ ᠠᠭᠤᠷ᠎ᠢ ᠨᠥᠯᠥᠭᠡᠯᠡᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠳᠥᠷᠪᠡ᠎ᠳᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳ᠋ᠤ ᠴᠠᠭ ᠠᠭᠤᠷ᠎ᠤᠨ ᠬᠦᠴᠦᠨ ᠴᠢᠳᠠᠪᠤᠷᠢ ᠣᠯᠭᠣᠬᠤ ᠵᠢ ᠴᠢᠩᠭᠠᠳᠬᠠᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ ᠳ᠋ᠡᠬᠢ ᠴᠠᠭ ᠠᠭᠤᠷ᠎ᠤᠨ ᠲᠤᠯᠭᠠᠭᠤᠷᠢᠯᠠᠯ ᠪᠠᠲᠤᠯᠠᠭ᠎ᠠ᠎ᠶᠢ ᠴᠢᠩᠭᠠᠳᠬᠠᠵᠤ᠂ ᠤᠯᠤᠰ ᠤ᠋ᠨ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠤ᠋ ᠪᠦᠲᠦᠭᠡᠨ ᠪᠠᠢᠭᠤᠯᠤᠯᠲᠠ᠎ᠳᠤ ᠦᠢᠯᠡᠴᠢᠯᠡᠵᠦ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠤ᠋ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠶᠢ ᠪᠠᠲᠤᠯᠠᠵᠤ᠂ ᠭᠣᠣᠯᠳᠠᠯᠭ᠎ᠠ᠎ᠲᠠᠢ ᠬᠦᠷᠢᠶᠡᠨ᠎ᠦ ᠴᠠᠭ ᠠᠭᠤᠷ᠎ᠤᠨ ᠦᠢᠯᠡᠴᠢᠯᠡᠭᠡᠨ᠎ᠦ ᠬᠠᠩᠭᠠᠯᠭ᠎ᠠ᠎ᠶᠢ ᠴᠢᠩᠭᠠᠳᠬᠠᠨ᠎ᠠ᠃ ᠲᠠᠪᠤ᠎ᠳᠤ᠂ ᠴᠠᠭ ᠠᠭᠤᠷ᠎ᠤᠨ ᠵᠠᠰᠠᠯᠲᠠ᠎ᠶᠢᠨ ᠣᠳᠣᠬᠢᠴᠢᠯᠠᠯᠲᠠ ᠶ᠋ᠢᠨ ᠲᠦᠪᠰᠢᠨ᠎ᠢ ᠳᠡᠭᠡᠭᠰᠢᠯᠡᠭᠦᠯᠵᠦ᠂ ᠴᠠᠭ ᠠᠭᠤᠷ᠎ᠤᠨ ᠬᠠᠤᠯᠢ ᠪᠠᠷ ᠵᠠᠰᠠᠬᠤ ᠪᠠᠢᠭᠤᠯᠤᠯᠲᠠ ᠶ᠋ᠢ ᠴᠢᠩᠭᠠᠳᠬᠠᠵᠤ᠂ ᠴᠠᠭ ᠠᠭᠤᠷ᠎ᠤᠨ ᠠᠵᠢᠯ ᠲᠦᠷᠦᠯ᠎ᠦᠨ ᠬᠠᠮᠢᠶᠠᠷᠤᠯᠲᠠ᠎ᠶᠢ ᠴᠢᠩᠭᠠᠳᠬᠠᠵᠤ᠂ ᠴᠠᠭ ᠠᠭᠤᠷ᠎ᠤᠨ ᠵᠣᠬᠢᠴᠠᠩᠭᠤᠢ ᠬᠥᠭᠵᠢᠯᠲᠡ᠎ᠶᠢ ᠠᠬᠢᠭᠤᠯᠤᠨ᠎ᠠ᠃
ᠣᠢᠯᠠᠭᠠᠭᠰᠠᠨ᠎ᠢᠶᠠᠷ᠂ 《ᠲᠥᠯᠦᠪᠵᠢᠭᠦᠯᠭᠡ》 ᠨᠢ ᠴᠠᠭ ᠠᠭᠤᠷ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢ᠎ᠶᠢᠨ ᠣᠳᠣᠬᠢᠴᠢᠯᠠᠯᠲᠠ ᠪᠠ ᠨᠡᠢᠭᠡᠮ᠎ᠦᠨ ᠦᠢᠯᠡᠴᠢᠯᠡᠭᠡᠨ᠎ᠦ ᠣᠳᠣᠬᠢᠴᠢᠯᠠᠯᠲᠠ᠎ᠳᠤ ᠠᠨᠭᠬᠠᠷᠤᠯ ᠵᠢᠡᠨ ᠲᠦᠪᠯᠡᠷᠡᠬᠦᠯᠵᠦ᠂ ᠣᠨᠴᠠᠭᠠᠶ ᠴᠠᠭ ᠠᠭᠤᠷ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠶᠤᠯ ᠲᠦᠭᠰᠢᠭᠦᠷᠢ᠎ᠶᠢ ᠠᠷᠭᠠᠴᠠᠭᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠠᠮᠢ ᠠᠬᠤᠢ᠎ᠶᠢᠨ ᠪᠣᠯᠪᠠᠰᠤᠨ᠎ᠤ ᠴᠠᠭ ᠠᠭᠤᠷ᠎ᠤᠨ ᠦᠢᠯᠡᠴᠢᠯᠡᠭᠡ ᠳ᠋ᠦ ᠨᠠᠷᠢᠯᠢᠭ᠋ ᠣᠨᠣᠴᠠᠲᠠᠢ᠎ᠪᠠᠷ ᠬᠦᠴᠦᠨ ᠴᠢᠳᠠᠪᠤᠷᠢ ᠣᠯᠭᠣᠬᠤ᠎ᠶᠢ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠳ᠋ᠡᠬᠢ ᠴᠠᠭ ᠠᠭᠤᠷ᠎ᠤᠨ ᠦᠢᠯᠡᠴᠢᠯᠡᠭᠡ ᠶ᠋ᠢ ᠭᠦᠨᠵᠡᠭᠡᠢᠷᠡᠬᠦᠯᠬᠦ ᠵᠢ ᠠᠬᠢᠭᠤᠯᠤᠨ᠂ ᠠᠭᠤᠷ ᠠᠮᠢᠰᠬᠤᠯ᠎ᠤᠨ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠴᠠᠭ ᠠᠭᠤᠷ᠎ᠤᠨ ᠦᠢᠯᠡᠴᠢᠯᠡᠭᠡ᠎ᠶᠢ ᠰᠢᠯᠢᠳᠡᠭᠵᠢᠭᠦᠯᠵᠦ᠂ ᠬᠥᠮᠥᠨ᠎ᠦ ᠬᠦᠴᠦ᠎ᠪᠡᠷ ᠴᠠᠭ ᠠᠭᠤᠷ᠎ᠢ ᠨᠥᠯᠥᠭᠡᠯᠡᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠴᠢᠩᠭᠠᠷᠠᠭᠤᠯᠤᠨ᠂ ᠥᠪᠥᠷ ᠮᠣᠩᠭᠣᠯ᠎ᠤᠨ ᠬᠢᠯᠢ ᠬᠢᠵᠠᠭᠠᠷ᠎ᠤᠨ ᠣᠨᠴᠠᠯᠢᠭ᠋᠎ᠲᠠᠢ᠂ ᠴᠠᠭ ᠠᠭᠤᠷ᠎ᠤᠨ ᠠᠵᠢᠯ ᠲᠥᠷᠥᠯ᠎ᠦᠨ ᠣᠨᠴᠠᠯᠢᠭ᠋ ᠲᠦ᠍ ᠨᠡᠢᠴᠡᠭᠰᠡᠨ᠂ ᠪᠥᠬᠥ ᠲᠠᠯ᠎ᠠ᠎ᠳᠤ ᠦᠢᠯᠡᠴᠢᠯᠡᠬᠦ ᠤᠨᠴᠠᠯᠢᠭ᠎ᠲᠠᠢ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠠᠷᠭ᠎ᠠ ᠵᠠᠮ᠎ᠢ ᠬᠦᠴᠦᠯᠡᠨ ᠨᠡᠭᠡᠭᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃