2026-10-29 11:48:49
— ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠡᠨᠧᠷᠭᠢ ᠶ᠋ᠢᠨ ᠲᠣᠪᠴᠢᠶ᠎ᠠ ᠶ᠋ᠢᠨ ᠨᠠᠮ ᠤ᠋ᠨ ᠤᠳᠤᠷᠢᠳᠭᠤ ᠳᠤᠭᠤᠶ᠋ᠢᠯᠠᠩ ᠤ᠋ᠨ ᠱᠦᠵᠢ ᠶᠦᠨ ᠫᠧᠩ ᠭᠠᠩ ᠢ᠋ ᠰᠤᠷᠪᠤᠯᠵᠢᠯᠠᠬᠰᠠᠨ ᠨᠢ
10 ᠰᠠᠷ᠎ᠠ ᠶ᠋ᠢᠨ 16 ᠤ᠋ ᠡᠳᠦᠷ᠂ ᠶᠡᠷᠦᠩᠬᠡᠢ ᠱᠦᠵᠢ ᠰᠢ ᠶ᠋ᠢᠨ ᠫᠢᠩ ᠤᠯᠠᠭᠠᠨᠴᠠᠪ ᠲᠦ᠍ ᠰᠢᠨᠵᠢᠯᠡᠨ ᠪᠠᠶ᠋ᠢᠴᠠᠭᠠᠬᠤ ᠳ᠋ᠠᠭᠠᠨ᠂ ᠪᠤᠳᠤᠯᠲᠠ ᠶ᠋ᠢᠨ ᠬᠦᠴᠦᠨ ᠤ᠋ ᠲᠤᠤᠷ ᠪᠣᠯ ᠤᠯᠤᠰ ᠤ᠋ᠨ ᠲᠥᠯᠦᠪᠵᠢᠭᠦᠯᠦᠨ ᠪᠥᠲᠦᠭᠡᠨ ᠪᠠᠶ᠋ᠢᠭᠤᠯᠵᠤ ᠪᠠᠢᠭ᠎ᠠ 《ᠵᠢᠷᠭᠤᠭᠠᠨ ᠲᠤᠤᠷ》 ᠤ᠋ᠨ ᠨᠢᠭᠡ ᠪᠤᠯᠤᠨ᠎ᠠ᠂ ᠪᠤᠳᠤᠯᠳᠠ ᠶ᠋ᠢᠨ ᠬᠦᠴᠦᠨ ᠤ᠋ ᠠᠵᠤ ᠦᠢᠯᠡᠰ ᠶᠠᠭ ᠲᠦᠷᠭᠡᠨ ᠬᠥᠭᠵᠢᠬᠦ᠌ ᠱᠠᠲᠤᠨ ᠳ᠋ᠤ ᠣᠷᠣᠰᠢᠵᠤ᠂ ᠠᠯᠤᠰ ᠢᠷᠡᠭᠡᠳᠦᠢ ᠭᠡᠭᠡᠨ ᠰᠠᠷᠠᠭᠤᠯ ᠪᠠᠶ᠋ᠢᠨ᠎ᠠ᠃ ᠣᠯᠠᠨ ᠢ᠋ᠶ᠋ᠡᠷ ᠢ᠋ᠶ᠋ᠡᠨ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠰᠢᠨ ᠪᠠᠢᠬᠤ ᠱᠠᠭᠠᠷᠳᠠᠯᠭ᠎ᠠ ᠵᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ 《ᠪᠤᠳᠤᠯᠳᠠ ᠵᠢᠨ ᠬᠦᠴᠤᠨᠤ ᠰᠠᠭᠤᠷᠢ ᠲᠦᠭᠦᠭᠡᠷᠦᠮᠵᠢ ᠪᠠ ᠴᠠᠬᠢᠯᠭᠠᠨ ᠰᠢᠰᠲ᠋ᠸᠮᠤᠨ ᠬᠠᠮᠵᠢᠯᠴᠠᠭ᠎ᠠ》᠂ 《ᠪᠤᠳᠤᠯᠳᠠ ᠶ᠋ᠢᠨ ᠬᠦᠴᠤᠨ ᠪᠠ ᠤᠰᠤᠨ ᠤ᠋ ᠡᠬᠢ ᠪᠠᠶᠠᠯᠢᠭ ᠤ᠋ᠨ ᠬᠠᠮᠵᠢᠯᠴᠠᠭ᠎ᠠ》 ᠵᠢ ᠴᠢᠬᠤᠯᠠᠴᠢᠯᠠᠵᠤ᠂ ᠪᠤᠳᠤᠯᠳᠠ ᠵᠢᠨ ᠬᠦᠴᠦᠨ ᠤ᠋ ᠲᠥᠪ ᠤ᠋ᠨ ᠲᠥᠷᠥᠯ ᠵᠦᠢᠯ ᠤ᠋ᠨ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ ᠵᠢ ᠰᠠᠶ᠋ᠢᠲᠤᠷ ᠬᠢᠵᠦ᠍᠂ ᠪᠣᠬᠢᠷᠲᠤᠯ ᠥᠬᠡᠶ ᠪᠤᠳᠤᠯᠳᠠ ᠶ᠋ᠢᠨ ᠬᠦᠴᠦᠨ ᠤ᠋ ᠠᠵᠤ ᠦᠢᠯᠡᠰ ᠤ᠋ᠨ ᠬᠥᠭᠵᠢᠯᠲᠡ ᠵᠢ ᠢᠳᠡᠪᠬᠢᠲᠡᠶ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤ᠋ᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠤ᠋ ᠬᠥᠭᠵᠢᠯᠲᠡ ᠵᠢ ᠠᠬᠢᠭᠤᠯᠬᠤ ᠳ᠋ᠤ ᠢᠯᠡᠭᠦᠬᠡᠨ ᠬᠤᠪᠢ ᠨᠡᠮᠡᠷᠢ ᠦᠵᠡᠭᠦᠯᠬᠦ᠌ ᠵᠢ ᠬᠦᠰᠡᠵᠦ᠍ ᠪᠠᠶ᠋ᠢᠨ᠎ᠠ ᠭᠡᠵᠤ ᠴᠢᠬᠤᠯᠠᠴᠢᠯᠠᠪᠠ᠃ ᠦᠪᠦᠷ ᠮᠤᠩᠭᠤᠯ ᠶᠡᠷᠦᠩᠬᠡᠢ ᠱᠦᠵᠢ ᠰᠢ ᠶ᠋ᠢᠨ ᠫᠢᠩ ᠤ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠤᠷᠢᠭ ᠰᠠᠨᠠᠭ᠎ᠠ ᠵᠢ ᠬᠡᠷᠬᠢᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠤᠢ? ᠰᠤᠷᠪᠤᠯᠵᠢᠯᠠᠭᠴᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠡᠨᠧᠷᠭᠢ ᠶ᠋ᠢᠨ ᠲᠣᠪᠴᠢᠶ᠎ᠠ ᠶ᠋ᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ ᠶᠦᠨ ᠫᠧᠩ ᠭᠠᠩ ᠢ᠋ ᠰᠤᠷᠪᠤᠯᠵᠢᠯᠠᠪᠠ᠃
《ᠶᠡᠷᠦᠩᠬᠡᠢ ᠱᠦᠵᠢ ᠰᠢ ᠶ᠋ᠢᠨ ᠫᠢᠩ ᠤ᠋ᠨ ᠴᠢᠬᠤᠯᠠ ᠶᠠᠷᠢᠶ᠎ᠠ ᠨᠢ ᠮᠠᠨ ᠤ᠋ ᠤᠷᠤᠨ ᠤ᠋ ᠪᠣᠬᠢᠷᠲᠤᠯ᠎ᠦᠭᠡᠢ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠴᠢᠨᠠᠷ ᠰᠠᠶ᠋ᠢᠲᠠᠢ ᠬᠥᠭᠵᠢᠯᠲᠡ ᠳ᠋ᠤ ᠤᠷᠤᠭᠰᠢᠯᠠᠯᠲᠠ ᠶ᠋ᠢᠨ ᠴᠢᠭᠯᠡᠯ ᠢ᠋ ᠲᠣᠳᠤᠷᠬᠠᠢ ᠵᠢᠭᠠᠨ ᠥᠭᠴᠦ᠍᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ᠌ ᠬᠦᠴᠦᠨ ᠤᠯᠭᠤᠵᠠᠢ》᠃ ᠶᠦᠨ ᠫᠧᠩ ᠭᠠᠩ᠂ ᠤᠯᠤᠰ ᠤ᠋ᠨ ᠨᠠᠢ᠍ᠮᠠᠨ ᠶᠡᠭᠡ ᠪᠤᠳᠤᠯᠲᠠ ᠶ᠋ᠢᠨ ᠬᠦᠴᠦᠨ ᠤ᠋ ᠭᠤᠤᠯ ᠬᠦᠢᠰᠦ ᠶ᠋ᠢᠨ ᠵᠠᠩᠭᠢᠯᠠᠭ᠎ᠠ ᠶ᠋ᠢᠨ ᠴᠡᠭ ᠪᠣᠯᠤᠨ ᠠᠷᠪᠠᠨ ᠶᠡᠭᠡ ᠳ᠋ᠠᠶ᠋ᠢᠲ᠋ᠠ ᠶ᠋ᠢᠨ ᠲᠥᠪ ᠤ᠋ᠨ ᠪᠦᠯᠦᠭᠵᠢᠯ ᠤ᠋ᠨ ᠨᠢᠭᠡ ᠪᠣᠯᠤᠭᠰᠠᠨ ᠤ᠋ ᠬᠤᠪᠢ ᠳ᠋ᠤ᠂ ᠥᠪᠦᠷ ᠮᠣᠩᠭᠤᠯ ᠤ᠋ᠨ ᠣᠳᠤᠬᠠᠨ ᠤ᠋ ᠪᠤᠳᠤᠯᠲᠠ ᠶ᠋ᠢᠨ ᠬᠦᠴᠦᠨ ᠤ᠋ ᠶᠡᠷᠦᠩᠬᠡᠢ ᠬᠡᠪᠴᠢᠶ᠎ᠡ 36.3 ᠲᠦᠮᠡᠨ P ᠬᠦᠷᠴᠦ᠂ ᠡᠭᠦᠨ ᠳ᠋ᠤ ᠤᠶᠤᠨᠴᠢ ᠪᠣᠳᠤᠯᠲᠠ ᠶ᠋ᠢᠨ ᠬᠦᠴᠦᠨ ᠤ᠋ ᠬᠡᠪᠴᠢᠶ᠎ᠡ 34.2 ᠲᠦᠮᠡᠨ P ᠪᠠᠶ᠋ᠢᠵᠤ᠂ ᠭᠤᠤᠯᠳᠠᠯᠭᠠᠲᠤ ᠪᠤᠳᠤᠯᠲᠠ ᠶ᠋ᠢᠨ ᠬᠦᠴᠦᠨ ᠤ᠋ ᠲᠥᠷᠦᠯ ᠵᠦᠢᠯ ᠤ᠋ᠨ ᠪᠤᠬᠢᠷᠲᠤᠯ ᠦᠭᠡᠢ ᠴᠠᠬᠢᠯᠭᠠᠨ ᠤ᠋ ᠬᠡᠷᠡᠭᠯᠡᠭᠡ ᠶ᠋ᠢᠨ ᠡᠵᠡᠯᠡᠬᠦ᠌ ᠬᠠᠷᠢᠴᠠᠯ 80% ᠵᠢ ᠳᠠᠪᠠᠵᠠᠢ᠃ ᠡᠨᠡ ᠵᠢᠯ ᠡᠴᠡ ᠨᠠᠭᠠᠰᠢ᠂ ᠥᠪᠡᠷᠲᠡᠭᠡᠨ ᠵᠠᠰᠠᠬᠤ ᠣᠷᠤᠨ ᠤ᠋ ᠳᠡᠰ ᠳᠠᠪᠬᠤᠷᠭ᠎ᠠ ᠡᠴᠡ ᠮᠠᠨ ᠤ᠋ ᠣᠷᠤᠨ ᠤ᠋ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠪᠠᠶ᠋ᠢᠷᠢᠰᠢᠭᠤᠯᠤᠯᠲᠠ ᠪᠠ ᠴᠠᠬᠢᠯᠭᠠᠨ ᠬᠦᠴᠦᠨ ᠤ᠋ ᠬᠠᠮᠵᠢᠯᠴᠠᠭ᠎ᠠ ᠶ᠋ᠢᠨ ᠪᠠᠲᠤᠯᠠᠭ᠎ᠠ ᠵᠢ ᠭᠦᠨᠵᠡᠭᠡᠢ ᠰᠤᠳᠤᠯᠵᠤ᠂ ᠬᠥᠬᠡᠬᠤᠲᠠ᠂ ᠤᠯᠠᠭᠠᠨᠴᠠᠪ ᠤ᠋ᠨ ᠰᠢᠨ᠎ᠡ ᠡᠨᠧᠷᠭᠢ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠲᠦ᠍ ᠰᠠᠭᠤᠷᠢᠯᠠᠨ᠂ 《ᠰᠢᠨ᠎ᠡ ᠪᠡᠷ ᠨᠡᠮᠡᠭᠳᠡᠭᠰᠡᠨ ᠴᠠᠬᠢᠯᠭᠠᠨ ᠲᠦᠭᠡᠭᠡᠬᠦ᠌ ᠲᠤᠤᠷ + ᠪᠣᠬᠢᠷᠲᠤᠯ ᠥᠬᠡᠢ ᠴᠠᠬᠢᠯᠭᠠᠨ ᠢ᠋ ᠰᠢᠭᠤᠳ ᠬᠠᠩᠭᠠᠬᠤ》 ᠵᠠᠭᠪᠤᠷ ᠢ᠋ ᠰᠢᠨ᠎ᠡ ᠵᠢ ᠡᠭᠦᠳᠦᠨ ᠳᠤᠷᠠᠳᠴᠤ᠌᠂ ᠬᠤᠷᠢᠨᠭᠡᠷ᠂ ᠴᠠᠬᠠᠷ ᠤ᠋ᠨ ᠪᠣᠬᠢᠷᠲᠤᠯ ᠥᠬᠡᠢ ᠴᠠᠬᠢᠯᠭᠠᠨ ᠬᠦᠴᠦᠨ ᠤ᠋ ᠬᠦᠷᠢᠶᠡᠯᠡᠩ ᠲᠣᠭᠤᠷᠢᠭ ᠤ᠋ᠨ ᠴᠠᠬᠢᠯᠭᠠᠨ ᠬᠦᠴᠦᠨ ᠤ᠋ ᠰᠠᠭᠤᠷᠢ ᠲᠦᠬᠦᠭᠡᠷᠦᠮᠵᠢ ᠵᠢ ᠨᠢᠭᠡᠳᠦᠯᠲᠡᠢ ᠲᠥᠯᠦᠪᠵᠢᠭᠦᠯᠦᠨ ᠪᠥᠲᠦᠭᠡᠨ ᠪᠠᠶ᠋ᠢᠭᠤᠯᠵᠤ᠂ ᠪᠣᠬᠢᠷᠲᠤᠯ ᠥᠬᠡᠢ ᠴᠠᠬᠢᠯᠭᠠᠨ ᠬᠦᠴᠦᠨ ᠢ᠋ ᠲᠤᠬᠠᠢ ᠶ᠋ᠢᠨ ᠭᠠᠵᠠᠷ ᠲᠠᠭᠠᠨ ᠰᠢᠩᠭᠡᠭᠡᠨ ᠠᠰᠢᠬᠯᠠᠬᠤ ᠪᠠ ᠪᠤᠳᠤᠯᠲᠠ ᠶ᠋ᠢᠨ ᠬᠦᠴᠦᠨ ᠤ᠋ ᠴᠠᠬᠢᠯᠭᠠᠨ ᠬᠡᠷᠡᠭᠯᠡᠭᠡᠨ ᠤ᠋ ᠳᠠᠭᠠᠭᠠᠴᠠ ᠲᠠᠢ ᠣᠨᠤᠴᠠᠲᠠᠢ ᠵᠣᠬᠢᠴᠠᠭᠤᠯᠬᠤ ᠵᠢ ᠠᠬᠢᠭᠤᠯᠵᠤ᠂ ᠪᠤᠳᠤᠯᠲᠠ ᠶ᠋ᠢᠨ ᠬᠦᠴᠦᠨ ᠤ᠋ ᠠᠵᠤ ᠠᠬᠤᠶ᠋ᠢᠯᠠᠯ ᠤ᠋ᠨ ᠪᠣᠬᠢᠷᠲᠤᠯ ᠥᠬᠡᠢ ᠴᠠᠬᠢᠯᠭᠠᠨ ᠤ᠋ ᠬᠡᠷᠡᠭᠴᠡᠭᠡ ᠵᠢ ᠦᠨᠡᠨᠬᠦ᠌ ᠬᠠᠩᠭᠠᠪᠠ ᠭᠡᠪᠡ᠃
ᠶᠦᠨ ᠫᠧᠩ ᠭᠠᠩ᠂ ᠳᠠᠷᠠᠭᠠᠴᠢ ᠪᠡᠷ ᠥᠪᠡᠷᠲᠡᠭᠡᠨ ᠵᠠᠰᠠᠬᠤ ᠣᠷᠤᠨ ᠤ᠋ ᠡᠨᠧᠷᠭᠢ ᠶ᠋ᠢᠨ ᠲᠣᠪᠴᠢᠶ᠎ᠠ ᠶ᠋ᠢᠨ ᠬᠢᠨ ᠶᠡᠷᠦᠩᠬᠡᠢ ᠱᠦᠵᠢ ᠰᠢ ᠶ᠋ᠢᠨ ᠫᠢᠩ ᠤ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠣᠶ᠋ᠢᠯᠠᠭᠠᠵᠤ᠂ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠤᠷᠢᠶ᠎ᠠ ᠶ᠋ᠢᠨ 《1571》 ᠠᠵᠢᠯ ᠤ᠋ᠨ ᠪᠠᠶ᠋ᠢᠷᠢᠯᠠᠭᠤᠯᠤᠯᠲᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ 《ᠪᠤᠳᠤᠯᠲᠠ ᠶ᠋ᠢᠨ ᠬᠦᠴᠦᠨᠤ ᠰᠠᠭᠤᠷᠢ ᠲᠦᠭᠦᠭᠡᠷᠦᠮᠵᠢ ᠪᠠ ᠴᠠᠬᠢᠯᠭᠠᠨ ᠰᠢᠰᠲ᠋ᠸᠮᠤᠨ ᠬᠠᠮᠵᠢᠯᠴᠠᠭ᠎ᠠ》 ᠵᠢ ᠴᠢᠩᠭᠠᠳᠭᠠᠵᠤ᠂ ᠠᠮᠤᠷ ᠲᠦᠪᠰᠢᠨ ᠨᠠᠶ᠋ᠢᠳᠠᠪᠤᠷᠢᠲᠠᠢ᠂ ᠪᠣᠬᠢᠷᠲᠤᠯ᠎ᠦᠭᠡᠢ ᠪᠠᠭ᠎ᠠ ᠨᠡᠬᠦᠷᠡᠰᠤᠳᠦ᠋ᠷᠦᠭᠴᠢᠳᠤ᠂ ᠮᠦᠨᠭᠭᠦᠨ ᠳ᠋ᠤ ᠠᠷᠪᠢᠲᠠᠢ ᠥᠨᠳᠦᠷ ᠪᠦᠲᠦᠮᠵᠢᠲᠡᠢ ᠴᠠᠬᠢᠯᠭᠠᠨ ᠬᠦᠴᠦᠨ ᠤ᠋ ᠰᠠᠭᠤᠷᠢ ᠲᠥᠬᠦᠭᠡᠷᠦᠮᠵᠢ ᠶ᠋ᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠴᠠᠬᠢᠯᠭᠠᠨ ᠬᠦᠴᠦᠨ ᠢ᠋ᠶ᠋ᠡᠷ ᠪᠤᠳᠤᠯᠲᠠ ᠶ᠋ᠢᠨ ᠬᠦᠴᠦᠨ ᠢ᠋ ᠴᠢᠨᠭᠭᠠᠳᠬᠠᠨ᠂ ᠪᠤᠳᠤᠯᠲᠠ ᠶ᠋ᠢᠨ ᠬᠦᠴᠦᠨ ᠢ᠋ᠶ᠋ᠡᠷ ᠴᠠᠬᠢᠯᠭᠠᠨ ᠬᠦᠴᠦᠨ ᠤ᠋ ᠡᠷᠭᠢᠯᠲᠡ ᠵᠢ ᠳᠡᠮᠵᠢᠬᠦ ᠵᠢ ᠠᠬᠢᠭᠤᠯᠵᠤ᠂ 《ᠪᠤᠳᠤᠯᠲᠠ ᠶ᠋ᠢᠨ ᠬᠦᠴᠦᠨᠤ ᠰᠠᠭᠤᠷᠢ ᠲᠦᠭᠦᠭᠡᠷᠦᠮᠵᠢ ᠪᠠ ᠴᠠᠬᠢᠯᠭᠠᠨ ᠰᠢᠰᠲ᠋ᠸᠮᠤᠨ ᠬᠠᠮᠵᠢᠯᠴᠠᠭ᠎ᠠ》 ᠶ᠋ᠢᠨ ᠳᠠᠪᠠᠭᠤᠯᠢᠭ ᠢ᠋ ᠬᠥᠭᠵᠢᠯᠲᠡ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠡᠷ ᠬᠦᠴᠦᠯᠡᠨ ᠴᠢᠷᠮᠠᠶ᠋ᠢᠨᠠ ᠭᠡᠯ᠎ᠠ᠃
《ᠪᠤᠳᠤᠯᠲᠠ ᠶ᠋ᠢᠨ ᠬᠦᠴᠦᠨᠤ ᠰᠠᠭᠤᠷᠢ ᠲᠦᠭᠦᠭᠡᠷᠦᠮᠵᠢ ᠪᠠ ᠴᠠᠬᠢᠯᠭᠠᠨ ᠰᠢᠰᠲ᠋ᠸᠮᠤᠨ ᠬᠠᠮᠵᠢᠯᠴᠠᠭ᠎ᠠ》 ᠶ᠋ᠢᠨ ᠲᠥᠯᠦᠪᠵᠢᠭᠦᠯᠭᠡ ᠶ᠋ᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠵᠣᠬᠢᠰᠲᠠᠢ ᠤᠷᠢᠳᠴᠢᠯᠠᠭᠰᠠᠨ᠂ ᠨᠢᠭᠡᠳᠦᠯᠲᠡᠢ ᠲᠥᠯᠦᠪᠵᠢᠭᠦᠯᠦᠨ ᠨᠡᠶ᠋ᠢᠲᠡ ᠳ᠋ᠤᠨᠢ ᠬᠠᠷᠠᠭᠠᠯᠵᠠᠬᠤ᠂ ᠰᠢᠨᠵᠢᠯᠡᠬᠦ᠌ ᠤᠬᠠᠭᠠᠨᠴᠢ ᠪᠡᠷ ᠪᠠᠶ᠋ᠢᠷᠢᠰᠢᠭᠤᠯᠬᠤ ᠵᠢ ᠪᠠᠷᠢᠮᠲᠠᠯᠠᠵᠤ᠂ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠬᠥᠭᠵᠢᠯᠲᠡ ᠶ᠋ᠢᠨ ᠪᠠᠢᠳᠠᠯ ᠲᠠᠢ ᠤᠶᠠᠯᠳᠤᠭᠤᠯᠤᠨ᠂ ᠪᠤᠳᠤᠯᠲᠠ ᠶ᠋ᠢᠨ ᠬᠦᠴᠦᠨ ᠤ᠋ ᠲᠤᠤᠷ ᠤ᠋ᠨ ᠢᠵᠢ ᠪᠥᠷᠢᠳᠦᠭᠦᠯᠬᠦ᠌ ᠴᠠᠬᠢᠯᠭᠠᠨ ᠬᠦᠴᠦᠨ ᠤ᠋ ᠰᠠᠭᠤᠷᠢ ᠲᠦᠬᠦᠭᠡᠷᠦᠮᠵᠢ ᠶ᠋ᠢᠨ ᠪᠥᠲᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠦᠪᠵᠢᠭᠦᠯᠦᠨ ᠠᠬᠢᠭᠤᠯᠵᠤ᠂ ᠪᠤᠳᠤᠯᠲᠠ ᠶ᠋ᠢᠨ ᠬᠦᠴᠦᠨ ᠤ᠋ ᠴᠠᠬᠢᠯᠭᠠᠨ ᠬᠡᠷᠡᠭᠯᠡᠭᠡᠨ ᠤ᠋ ᠳᠠᠭᠠᠭᠠᠴᠠ ᠶ᠋ᠢᠨ ᠨᠡᠮᠡᠭᠳᠡᠯ ᠤ᠋ᠨ ᠬᠡᠷᠡᠭᠴᠡᠭᠡ ᠵᠢ ᠣᠨᠤᠴᠢᠲᠠᠢ ᠵᠣᠬᠢᠴᠠᠭᠤᠯᠤᠨ᠎ᠠ᠃ ᠬᠥᠬᠡᠬᠤᠲᠠ᠂ ᠤᠯᠠᠭᠠᠨᠴᠠᠪ ᠬᠤᠶᠠᠷ ᠭᠠᠵᠠᠷ ᠤ᠋ᠨ ᠪᠤᠳᠤᠯᠲᠠ ᠶ᠋ᠢᠨ ᠬᠦᠴᠦᠨ ᠤ᠋ ᠲᠥᠷᠦᠯ ᠵᠦᠢᠯ ᠢ᠋ ᠨᠠᠶ᠋ᠢᠳᠠᠪᠤᠷᠢᠵᠢᠭᠤᠯᠬᠤ᠂ ᠠᠰᠢᠭᠯᠠᠯᠲᠠ ᠳ᠋ᠤ ᠣᠷᠤᠭᠤᠯᠬᠤ ᠠᠬᠢᠴᠠ ᠵᠢ ᠴᠠᠭ ᠲᠤᠬᠠᠢ ᠳ᠋ᠤᠨᠢ ᠮᠥᠷᠳᠡᠵᠦ᠍᠂ ᠣᠬᠤᠷ ᠬᠤᠭᠤᠴᠠᠭ᠎ᠠ᠂ ᠳᠤᠮᠳᠠ ᠬᠤᠭᠤᠴᠠᠭ᠎ᠠ᠂ ᠣᠷᠳᠤ ᠬᠤᠭᠤᠴᠠᠭ᠎ᠠ ᠪᠡᠷ ᠴᠠᠬᠢᠯᠭᠠᠨ ᠬᠡᠷᠡᠭᠯᠡᠬᠦ᠌ ᠳᠠᠭᠠᠭᠠᠴᠠ ᠵᠢ ᠰᠢᠨᠵᠢᠯᠡᠬᠦ᠌ ᠤᠬᠠᠭᠠᠨᠴᠢ ᠪᠡᠷ ᠵᠢᠱ᠌ᠢᠵᠦ᠂ ᠴᠠᠬᠢᠯᠭᠠᠨ ᠲᠣᠣᠷ ᠤ᠋ᠨ ᠲᠥᠯᠦᠪᠵᠢᠭᠦᠯᠭᠡ ᠪᠥᠲᠦᠭᠡᠨ ᠪᠠᠶ᠋ᠢᠭᠤᠯᠤᠯᠲᠠ ᠳ᠋ᠤ ᠣᠨᠤᠴᠠᠲᠠᠢ ᠦᠨᠳᠦᠰᠦᠯᠡᠯ ᠬᠠᠩᠭᠠᠨ᠎ᠠ᠃
ᠴᠠᠬᠢᠯᠭᠠᠨ ᠬᠦᠴᠦᠨ ᠤ᠋ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠶ᠋ᠢᠭᠤᠯᠤᠯᠲᠠ ᠵᠢ ᠴᠢᠩᠭᠠᠷᠠᠭᠤᠯᠤᠨ᠎ᠠ᠃ ᠴᠠᠬᠢᠯᠭᠠᠨ ᠲᠣᠤᠷ ᠤ᠋ᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠍᠂ ᠬᠥᠬᠡᠬᠤᠲᠠ᠂ ᠤᠯᠠᠭᠠᠨᠴᠠᠪ ᠤ᠋ᠨ ᠭᠠᠵᠠᠷ ᠣᠷᠤᠨ ᠤ᠋ 500 ᠺᠢᠯᠤᠸᠤᠯᠲ᠂ 220 ᠺᠢᠯᠤᠸᠤᠯᠲ ᠤ᠋ᠨ ᠴᠠᠬᠢᠯᠭᠠᠨ ᠲᠣᠤᠷ ᠤ᠋ᠨ ᠪᠦᠷᠢᠯᠳᠦᠴᠡ ᠶ᠋ᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠣᠷᠤᠨ ᠪᠦᠰᠡ ᠶ᠋ᠢᠨ ᠴᠠᠬᠢᠯᠭᠠᠨ ᠲᠦᠭᠡᠭᠡᠬᠦ᠌ ᠲᠣᠣᠷ ᠤ᠋ᠨ ᠪᠦᠲᠦᠴᠡ ᠵᠢ ᠲᠡᠭᠦᠯᠳᠡᠷᠵᠢᠭᠦᠯᠦᠨ᠂ ᠨᠢᠭᠡ ᠪᠦᠯᠦᠭ ᠭᠤᠤᠯ ᠪᠤᠯᠬᠤ ᠬᠦᠢᠰᠦ ᠬᠤᠪᠢᠰᠬᠠᠭᠤᠷ ᠤ᠋ᠨ ᠦᠷᠲᠡᠭᠡ ᠵᠢ ᠲᠥᠯᠦᠪᠵᠢᠭᠦᠯᠵᠦ᠍᠂ ᠴᠠᠬᠢᠯᠭᠠᠨ ᠬᠦᠴᠦᠨ ᠤ᠋ ᠳᠠᠮᠵᠢᠭᠤᠯᠭ᠎ᠠ ᠶ᠋ᠢᠨ 《ᠡᠴᠦᠰ ᠤ᠋ᠨ ᠨᠢᠭᠡ ᠺᠢᠯᠤᠮᠧᠲᠷ》 ᠢ᠋ ᠰᠢᠯᠤᠭᠤᠳᠭᠠᠵᠤ᠂ ᠴᠠᠬᠢᠯᠭᠠᠨ ᠲᠣᠣᠷ ᠤ᠋ᠨ ᠴᠠᠬᠢᠯᠭᠠᠨ ᠬᠠᠩᠭᠠᠬᠤ ᠴᠢᠳᠠᠪᠤᠷᠢ ᠵᠢ ᠪᠤᠳᠤᠯᠲᠠ ᠶ᠋ᠢᠨ ᠬᠦᠴᠦᠨ ᠤ᠋ ᠴᠠᠬᠢᠯᠭᠠᠨ ᠬᠡᠷᠡᠭᠯᠡᠭᠡᠨ ᠤ᠋ ᠳᠠᠭᠠᠭᠠᠴᠠ ᠶ᠋ᠢᠨ ᠨᠡᠮᠡᠭᠳᠡᠯ ᠯᠤᠭᠡ ᠵᠣᠯᠭᠠᠭᠤᠯᠬᠤ ᠵᠢ ᠦᠨᠡᠨ ᠬᠦ᠌ ᠪᠠᠲᠤᠯᠠᠨ᠎ᠠ᠃ ᠴᠠᠬᠢᠯᠭᠠᠨ ᠲᠤᠤᠷ ᠤ᠋ᠨ ᠲᠣᠭᠠᠴᠢᠯᠠᠭᠰᠠᠨ᠂ ᠣᠶᠤᠨᠴᠢᠯᠠᠭᠰᠠᠨ ᠳᠡᠰ ᠳᠡᠪᠰᠢᠬᠦ ᠵᠢ ᠲᠦᠷᠭᠡᠳᠬᠡᠨ ᠠᠬᠢᠭᠤᠯᠵᠤ᠂ ᠴᠠᠬᠢᠯᠭᠠᠨ ᠲᠣᠣᠷ ᠤ᠋ᠨ ᠰᠢᠨ᠎ᠡ ᠡᠨ᠋ᠸᠷᠬᠢ ᠵᠢ ᠵᠠᠯᠭᠠᠵᠤ ᠪᠤᠯᠬᠤ ᠪᠠᠭᠲᠠᠭᠠᠮᠵᠢ ᠪᠠ ᠳᠠᠭᠠᠭᠠᠴᠠ ᠵᠢᠨ ᠰᠡᠷᠡᠮᠵᠢᠯᠡᠭᠦᠯᠬᠦ᠌ ᠮᠡᠳᠡᠭᠡ ᠵᠠᠩᠭᠢ ᠵᠢ ᠬᠥᠳᠡᠯᠦᠩᠭᠦᠢ ᠪᠡᠷ ᠨᠡᠶ᠋ᠢᠲᠡᠯᠡᠵᠦ᠍᠂ ᠪᠤᠳᠤᠯᠲᠠ ᠶ᠋ᠢᠨ ᠬᠦᠴᠦᠨ ᠤ᠋ ᠲᠥᠷᠦᠯ ᠵᠦᠢᠯ ᠤ᠋ᠨ ᠴᠠᠬᠢᠯᠭᠠᠨ ᠬᠦᠴᠦᠨ ᠤ᠋ ᠰᠠᠭᠤᠷᠢ ᠲᠦᠬᠦᠭᠡᠷᠦᠮᠵᠢ ᠤᠭᠰᠠᠷᠠᠬᠤ ᠵᠢ ᠭᠤᠶᠤᠴᠢᠯᠠᠬᠤ᠂ ᠪᠥᠲᠦᠭᠡᠨ ᠪᠠᠶ᠋ᠢᠭᠤᠯᠬᠤ᠂ ᠠᠰᠢᠭᠯᠠᠯᠲᠠ ᠳ᠋ᠤ ᠣᠷᠤᠭᠤᠯᠬᠤ ᠪᠥᠬᠦ᠌ ᠶᠠᠪᠤᠴᠠ ᠶ᠋ᠢᠨ ᠬᠠᠮᠢᠶᠠᠷᠤᠯᠲᠠ ᠵᠢ ᠵᠢᠷᠤᠮᠵᠢᠭᠤᠯᠤᠨ᠎ᠠ᠃
ᠴᠠᠬᠢᠯᠭᠠᠨ ᠬᠦᠴᠤᠨ ᠤ᠋ ᠬᠠᠩᠭᠠᠯᠭ᠎ᠠ ᠵᠢ ᠪᠠᠳᠤᠯᠠᠬᠤ ᠵᠬᠠᠪᠤᠷ ᠢ᠋ ᠰᠢᠨᠡᠴᠢᠯᠡᠨ᠎ᠠ᠃ ᠬᠤᠷᠢᠨᠭᠡᠷ᠂ ᠴᠠᠬᠠᠷ ᠤ᠋ᠨ ᠪᠣᠬᠢᠷᠲᠤᠯ᠎ᠦᠭᠡᠢ ᠴᠠᠬᠢᠯᠭᠠᠨ ᠤ᠋ ᠬᠦᠷᠢᠶᠡᠯᠡᠩ ᠲᠣᠭᠤᠷᠢᠭ ᠤ᠋ᠨ 《ᠰᠢᠨ᠎ᠡ ᠪᠡᠷ ᠨᠡᠮᠡᠭᠳᠡᠭᠰᠡᠨ ᠴᠠᠬᠢᠯᠭᠠᠨ ᠲᠦᠭᠡᠭᠡᠬᠦ᠌ ᠲᠤᠤᠷ + ᠪᠣᠬᠢᠷᠲᠤᠯ ᠥᠬᠡᠢ ᠴᠠᠬᠢᠯᠭᠠᠨ ᠢ᠋ ᠰᠢᠭᠤᠳ ᠬᠠᠩᠭᠠᠬᠤ》 ᠵᠠᠭᠪᠤᠷ ᠢ᠋ ᠲᠦᠷᠭᠡᠬᠡᠨ ᠨᠠᠶ᠋ᠢᠳᠠᠪᠤᠷᠢᠵᠢᠭᠤᠯᠤᠨ ᠠᠵᠢᠯᠯᠠᠭᠤᠯᠬᠤ ᠵᠢ ᠠᠬᠢᠭᠤᠯᠵᠤ᠂ ᠲᠥᠯᠦᠪᠵᠢᠭᠦᠯᠦᠨ ᠪᠦᠲᠦᠭᠡᠨ ᠪᠠᠶ᠋ᠢᠭᠤᠯᠬᠤ ᠲᠤᠷᠰᠢᠯᠭ᠎ᠠ ᠵᠢ ᠴᠠᠭ ᠲᠤᠬᠠᠢ ᠳ᠋ᠤᠨᠢ ᠳ᠋ᠦᠩᠨᠡᠨ᠎ᠠ᠃ ᠤᠯᠤᠰ ᠤ᠋ᠨ ᠤᠯᠠᠨ ᠴᠠᠬᠢᠯᠭᠠᠨ ᠬᠦᠴᠦᠨ ᠤ᠋ ᠬᠡᠷᠡᠭᠯᠡᠭᠴᠢ ᠶ᠋ᠢᠨ ᠪᠤᠬᠢᠷᠲᠤᠯ ᠦᠭᠡᠢ ᠴᠠᠬᠢᠯᠭᠠᠨ ᠢ᠋ ᠰᠢᠭᠤᠳ ᠵᠠᠯᠭᠠᠬᠤ ᠲᠥᠷᠦ ᠶ᠋ᠢᠨ ᠪᠣᠳᠤᠯᠭ᠎ᠠ ᠵᠢ ᠪᠥᠬᠦ᠌ ᠲᠠᠯ᠎ᠠ ᠪᠡᠷ ᠨᠠᠶ᠋ᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭᠵᠢᠬᠰᠠᠨ᠂ ᠪᠦᠯᠦᠭᠵᠢᠭᠰᠡᠨ ᠣᠯᠠᠨ ᠬᠡᠷᠡᠭᠯᠡᠭᠴᠢ ᠶ᠋ᠢᠨ ᠪᠣᠬᠢᠷᠲᠤᠯ ᠥᠬᠡᠢ ᠴᠠᠬᠢᠯᠭᠠᠨ ᠢ᠋ ᠰᠢᠭᠤᠳ ᠵᠠᠯᠭᠠᠬᠤ ᠲᠥᠷᠦᠯ ᠵᠦᠢᠯ ᠢ᠋ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠢ᠋ᠶ᠋ᠡᠷ ᠠᠬᠢᠭᠤᠯᠵᠤ᠂ ᠪᠣᠬᠢᠷᠲᠤᠯ ᠥᠬᠡᠢ ᠴᠠᠬᠢᠯᠭᠠᠨ ᠢ᠋ ᠰᠢᠩᠭᠡᠭᠡᠨ ᠠᠰᠢᠬᠯᠠᠬᠤ ᠲᠠᠯᠠᠪᠤᠷ ᠢ᠋ ᠪᠠᠶᠠᠯᠢᠭᠵᠢᠭᠤᠯᠤᠨ᠂ ᠪᠣᠬᠢᠷᠲᠤᠯ ᠥᠬᠡᠢ ᠴᠠᠬᠢᠯᠭᠠᠨ ᠤ᠋ ᠬᠠᠩᠭᠠᠯᠭ᠎ᠠ ᠶ᠋ᠢᠨ ᠠᠷᠭ᠎ᠠ ᠵᠠᠮ ᠢ᠋ ᠥᠷᠭᠡᠳᠬᠡᠵᠦ᠍᠂ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠲᠡᠬᠢ ᠪᠣᠬᠢᠷᠲᠤᠯ ᠥᠬᠡᠢ ᠴᠠᠬᠢᠯᠭᠠᠨ ᠤ᠋ ᠣᠷᠤᠯᠠᠬᠤ ᠬᠠᠷᠢᠴᠠᠯ ᠢ᠋ ᠦᠷᠭᠦᠯᠵᠢᠯᠡᠨ ᠳᠡᠭᠡᠭᠰᠢᠯᠡᠭᠦᠯᠦᠨ᠎ᠡ᠃
《ᠥᠪᠡᠷᠲᠡᠭᠡᠨ ᠵᠠᠰᠠᠬᠤ ᠣᠷᠤᠨ ᠤ᠋ ᠡᠨᠧᠷᠭᠢ ᠶ᠋ᠢᠨ ᠲᠣᠪᠴᠢᠶ᠎ᠠ ᠶ᠋ᠢᠨ ᠬᠢᠨ ᠬᠦᠰᠡᠯ ᠨᠠᠶ᠋ᠢᠳᠠᠯᠭᠠ ᠵᠢ ᠪᠠᠲᠤ᠌ ᠴᠡᠭᠡᠵᠢᠯᠡᠨ᠂ ᠡᠷᠡᠮᠡᠭᠡᠢᠯᠡᠨ ᠤᠷᠤᠭᠰᠢᠯᠡᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠡᠷ ᠡᠯ᠎ᠡ ᠵᠦᠢᠯ ᠤ᠋ᠨ ᠡᠭᠦᠷᠭᠡ ᠶ᠋ᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠭᠤᠵᠤ᠂ ᠶᠡᠷᠦᠩᠬᠡᠢ ᠱᠦᠵᠢ ᠰᠢ ᠶ᠋ᠢᠨ ᠫᠢᠩ ᠤ᠋ᠨ ᠬᠦᠰᠡᠯ ᠨᠠᠶ᠋ᠢᠳᠠᠯᠭᠠ ᠵᠢ ᠪᠣᠬᠢᠷᠲᠤᠯ ᠥᠬᠡᠢ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠤᠬᠠᠮᠰᠠᠷᠲᠤ᠌ ᠠᠵᠢᠯᠯᠠᠭ᠎ᠠ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤ᠋ᠨ ᠪᠥᠲᠦᠭᠡᠨ ᠪᠠᠶ᠋ᠢᠭᠤᠯᠤᠯᠲᠠ ᠵᠢ ᠠᠬᠢᠭᠤᠯᠬᠤ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠤ᠋ ᠬᠥᠭᠵᠢᠯᠲᠡ ᠵᠢ ᠠᠬᠢᠭᠤᠯᠬᠤ ᠳ᠋ᠤ ᠨᠠᠩ ᠣᠯᠠᠨ ᠬᠤᠪᠢ ᠨᠡᠮᠡᠷᠢ ᠦᠵᠡᠭᠦᠯᠦᠨ᠎ᠡ》 ᠭᠡᠵᠦ ᠶᠦᠨ ᠫᠧᠩ ᠭᠠᠩ ᠬᠡᠯᠡᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃