2026-11-07 16:43:17
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠠᠪᠤᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢᠯᠠᠩ ᠤᠨ ᠱᠦᠵᠢ ᠸᠠᠩ ᠸᠧᠢ ᠵᠦᠩ᠎ᠦᠨ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠳᠡᠳ᠋ ᠱᠦᠵᠢ᠂ ᠪᠠᠢᠩᠭᠤ᠎ᠶᠢᠨ ᠳᠡᠳ᠋ ᠡᠷᠬᠢᠯᠡᠭᠴᠢ ᠵᠠᠩ ᠱᠤᠤ ᠴᠦᠨ ᠬᠤᠷᠠᠯ᠎ᠢ ᠡᠷᠬᠢᠯᠡᠵᠡᠢ᠃
ᠬᠤᠷᠠᠯ᠎ᠠᠴᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠤᠨ ᠪᠠᠢᠩᠭᠤ᠎ᠶᠢᠨ ᠬᠣᠷᠢᠶ᠎ᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠡᠳᠬᠢᠯ ᠲᠠᠯᠪᠢᠨ ᠰᠤᠷᠤᠯᠴᠠᠨ ᠡᠵᠡᠮᠰᠢᠵᠦ᠂ 《ᠬᠣᠶᠠᠷ ᠢ ᠲᠣᠭᠲᠠᠭᠠᠬᠰᠠᠨ 》 ᠢ᠋ ᠨᠡᠩ ᠤᠬᠠᠮᠰᠠᠷ᠎ᠠᠴᠠ᠎ᠪᠠᠨ ᠡᠷᠡᠰ ᠬᠦᠷᠢᠶᠡᠯᠡᠵᠦ᠂ 《ᠬᠣᠶᠠᠷ ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠵᠦ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠬᠡᠷᠡᠭᠲᠡᠢ᠃ ᠭᠦᠨᠵᠡᠭᠡᠢ ᠰᠤᠷᠤᠯᠴᠠᠨ ᠨᠠᠷᠢᠯᠢᠭ᠋ ᠣᠢᠯᠠᠭᠠᠬᠤ ᠳᠡᠭᠡᠷ᠎ᠡ ᠬᠦᠴᠦᠯᠡᠵᠤ᠂ ᠵᠣᠬᠢᠶᠠᠨ ᠪᠠᠢᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭᠠᠳᠬᠠᠨ᠂ ᠲᠥᠯᠥᠪᠯᠡᠭᠡ ᠪᠡᠨ ᠨᠠᠷᠢᠨ ᠨᠢᠮᠪᠠᠢ ᠲᠣᠭᠲᠠᠭᠠᠵᠤ᠂ ᠨᠠᠷᠢᠨ ᠨᠢᠭ᠍ᠲᠠ ᠲᠣᠬᠢᠷᠠᠭᠤᠯᠤᠨ ᠪᠠᠢᠷᠢᠯᠠᠭᠤᠯᠵᠤ᠂ ᠰᠤᠷᠤᠯᠴᠠᠨ ᠲᠤᠭᠤᠰᠢᠯᠠᠭᠤᠯᠬᠤ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠡᠷ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃