2026-11-09 09:55:25
11 ᠰᠠᠷ᠎ᠠ᠎ᠶᠢᠨ 8 ᠤ᠋ ᠡᠳᠦᠷ᠂ ᠬᠣᠷᠢᠨ ᠲᠣᠯᠣ᠎ᠳᠡᠬᠢ ᠲᠤᠮᠳᠠᠳᠤ ᠤᠯᠤᠰ᠎ᠤᠨ ᠰᠣᠷᠪᠣᠯᠵᠢᠯᠠᠭ᠍ᠴᠢᠳ᠎ᠤᠨ ᠪᠠᠶᠠᠷ᠎ᠤᠨ ᠡᠳᠦᠷ ᠲᠤᠬᠢᠶᠠᠵᠤ᠂ ᠥᠪᠥᠷ ᠮᠣᠩᠭᠣᠯ᠎ᠤᠨ ᠣᠯᠠᠨ ᠤᠯᠤᠰ᠎ᠤᠨ ᠮᠡᠲᠡᠭᠡᠯᠡᠯ᠎ᠤᠨ ᠲᠥᠪ᠎ᠦᠨ ᠫᠠᠢᠰᠠ ᠰᠡᠬᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ᠃ ᠡᠨᠡ ᠪᠣᠯ ᠰᠢ᠎ᠶᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ ᠤᠯᠤᠰ᠎ᠤᠨ ᠳᠠᠮᠵᠢᠭᠤᠯᠭ᠎ᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠬᠤ ᠥᠪᠥᠷ ᠮᠣᠩᠭᠣᠯ᠎ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠣᠶᠣᠯ᠎ᠢᠶᠠᠷ ᠬᠥᠮᠥᠨ᠎ᠢ ᠬᠥᠮᠥᠵᠢᠭᠦᠯᠬᠦ᠂ ᠰᠣᠶᠣᠯ᠎ᠢᠶᠠᠷ ᠰᠡᠳᠬᠢᠯ᠎ᠢ ᠨᠡᠪᠲᠡᠷᠡᠭᠦᠯᠬᠦ ᠰᠢᠨ᠎ᠡ ᠤᠯᠠᠨ ᠤᠯᠤᠰ᠎ᠤᠨ ᠦᠢᠯᠡᠳᠦᠯᠭᠡ ᠪᠣᠯᠣᠨ᠎ᠠ᠃ ᠡᠨᠡ ᠨᠢ ᠥᠪᠥᠷ ᠮᠣᠩᠭᠣᠯ᠎ᠤᠨ ᠤᠯᠠᠨ ᠤᠯᠤᠰ᠎ᠤᠨ ᠳᠠᠮᠵᠢᠭᠤᠯᠭ᠎ᠠ᠎ᠶᠢᠨ ᠦᠢᠯᠡᠰ᠎ᠦᠨ ᠲᠤᠰᠬᠠᠢᠵᠢᠯᠲᠠ᠂ ᠰᠢᠰᠲ᠋ᠸᠮᠵᠢᠯᠳᠡᠶᠢᠨ ᠱᠠᠲᠤᠨ᠎ᠳᠤ ᠣᠷᠣᠭᠰᠠᠨ᠎ᠢ ᠬᠠᠷᠠᠭᠤᠯᠵᠤ ᠪᠤᠢ᠃
ᠥᠪᠥᠷ ᠮᠣᠩᠭᠣᠯ᠎ᠤᠨ ᠣᠯᠠᠨ ᠤᠯᠤᠰ᠎ᠤᠨ ᠮᠡᠲᠡᠭᠡᠯᠡᠯ᠎ᠤᠨ ᠲᠥᠪ ᠪᠣᠯ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ ᠪᠠᠢᠭᠤᠯᠤᠮᠵᠢ ᠤᠷᠤᠨ ᠲᠤᠭ᠎ᠠ᠎ᠶ᠋ᠢᠨ ᠬᠤᠷᠢᠶ᠎ᠠ᠎ᠶᠢᠨ ᠠᠯᠪᠠᠨ ᠭᠡᠷ ᠡᠴᠡ ᠴᠣᠬᠣᠯᠠᠪᠤᠷᠢᠯᠠᠨ ᠲᠤᠬᠢᠷᠠᠭᠤᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠡᠴᠡ ᠭᠣᠣᠯᠯᠠᠨ ᠬᠠᠮᠢᠶᠠᠷᠴᠤ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠡᠴᠡ ᠳᠠᠭᠠᠭᠠᠴᠢᠯᠠᠨ ᠪᠠᠢᠭᠤᠯᠵᠦ ᠡᠵᠡᠩᠨᠡᠵᠦ ᠪᠠᠢᠭ᠎ᠠ ᠣᠯᠠᠨ ᠤᠯᠤᠰ᠎ᠤᠨ ᠲᠠᠮᠵᠢᠭᠤᠯᠭ᠎ᠠ ᠢ᠋ᠢᠨ ᠪᠠᠢᠭᠤᠯᠤᠮᠵᠢ ᠮᠦᠨ᠃ ᠦᠪᠦᠷ ᠮᠤᠩᠭᠤᠯ᠎ᠤᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠤᠭᠰᠠᠨ ᠥᠪᠡᠷᠮᠢᠴᠡ ᠳᠠᠪᠠᠭᠤᠯᠢᠭ᠋᠎ᠲᠤ ᠰᠠᠭᠤᠷᠢᠯᠠᠵᠤ᠂ ᠬᠦᠷᠰᠢ ᠤᠯᠤᠰ ᠲᠸ᠋ ᠬᠠᠨᠳᠤᠭᠰᠠᠨ᠂ ᠤᠯᠠᠨ ᠤᠯᠤᠰ᠎ᠤᠨ ᠨᠡᠢᠭᠡᠮ᠎ᠳᠦ ᠭᠦᠨᠵᠡᠭᠡᠢᠷᠡᠭᠰᠡᠨ ᠤᠯᠠᠨ ᠤᠯᠤᠰ᠎ᠤᠨ ᠳᠠᠮᠵᠢᠭᠤᠯᠭ᠎ᠠ᠎ᠶᠢᠨ ᠶᠡᠷᠦᠩᠬᠡᠢᠯᠡᠭᠰᠡᠨ ᠴᠣᠭᠴᠠ ᠪᠠᠢᠵᠦ᠂ ᠲᠠᠯ᠎ᠠ ᠨᠤᠲᠤᠭ᠎ᠤᠨ ᠰᠢᠨ᠎ᠡ ᠲᠣᠷᠭᠠᠨ ᠵᠠᠮ᠎ᠤᠨ ᠦᠯᠢᠭᠡᠷ᠎ᠢ ᠶᠠᠷᠢᠵᠤ᠂ ᠳᠤᠮᠳᠠᠳᠤ ᠤᠯᠤᠰ᠎ᠤᠨ ᠰᠢᠨ᠎ᠡ ᠴᠠᠭ ᠦᠶ᠎ᠡ᠎ᠶᠢᠨ ᠳᠠᠭᠤᠨ᠎ᠢ ᠳᠠᠮᠵᠢᠭᠤᠯᠤᠨ᠂ ᠲᠡᠯᠡᠬᠡᠢ ᠳ᠋ᠠᠬᠢᠨ᠎ᠳᠤ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢ ᠬᠠᠷᠠᠭᠤᠯᠬᠤ ᠪᠤᠯᠤᠨ᠎ᠠ᠃
ᠭᠤᠴᠢ ᠭᠠᠷᠤᠢ ᠵᠢᠯ᠎ᠤᠨ ᠴᠢᠷᠮᠠᠢᠯᠭ᠎ᠠ ᠨᠢ ᠤᠯᠠᠨ ᠤᠯᠤᠰ᠎ᠤᠨ ᠲᠠᠮᠵᠢᠭᠤᠯᠭ᠎ᠠ ᠢ᠋ᠢᠨ ᠦᠨᠳᠦᠰᠦ ᠰᠠᠭᠤᠷᠢ ᠵᠢ ᠪᠡᠬᠢᠵᠢᠭᠦᠯᠪᠡ᠃ 1993 ᠣᠨ᠎ᠳᠤ 《ᠰᠣᠯᠣᠩᠭ᠎ᠠ》 ᠰᠡᠳᠬᠦᠯ ᠬᠡᠪᠯᠡᠯ ᠡᠬᠢᠯᠡᠨ ᠮᠣᠩᠭᠣᠯ ᠤᠯᠤᠰ᠎ᠲᠤ ᠲᠠᠷᠬᠠᠭᠠᠵᠤ᠂ 2009 ᠣᠨ᠎ᠳᠤ ᠰᠣᠯᠣᠩᠭ᠎ᠠ ᠰᠣᠨᠢᠨ ᠮᠡᠳᠡᠭᠡᠨ᠎ᠦ ᠰᠦᠯᠵᠢᠶ᠎ᠡ ᠠᠰᠢᠬᠯᠠᠯᠲᠠ᠎ᠳᠤ ᠤᠷᠤᠵᠦ᠂ 2014 ᠣᠨ᠎ᠳᠤ 《ᠰᠣᠯᠣᠩᠭ᠎ᠠ ᠰᠣᠨᠢᠨ》 ᠢ᠋ ᠮᠣᠩᠭᠣᠯ ᠤᠯᠤᠰ᠎ᠤᠨ 《ᠥᠨᠥᠳᠥᠷ ᠰᠣᠨᠢᠨ》 ᠲᠠᠢ ᠬᠠᠮᠲᠤᠷᠠᠨ ᠲᠠᠷᠬᠠᠭᠠᠵᠤ᠂ 2016 ᠣᠨ᠎ᠳᠤ ᠣᠷᠣᠰ ᠬᠡᠯᠡᠨ᠎ᠦ ᠰᠦᠯᠵᠢᠶ᠎ᠡ᠎ᠶᠢ ᠨᠡᠪᠲᠡᠷᠡᠭᠦᠯᠪᠡ᠃ ᠰᠣᠯᠣᠩᠭ᠎ᠠ ᠰᠢᠷᠢᠰ ᠵᠠᠭᠤᠴᠢᠯᠠᠭᠤᠷ᠎ᠤᠨ ᠬᠤᠷᠠᠮᠳᠤᠭᠤᠯᠤᠭᠰᠠᠨ ᠳᠠᠮᠵᠢᠭᠤᠯᠭ᠎ᠠ᠎ᠶᠢᠨ ᠰᠠᠭᠤᠷᠢ᠎ᠳᠤ ᠲᠦᠰᠢᠭᠯᠡᠵᠦ᠂ ᠲᠤᠰ ᠲᠥᠪ᠎ᠦᠨ ᠪᠠᠢᠭᠤᠯᠤᠭᠳᠠᠭᠰᠠᠨ ᠨᠢ ᠳᠠᠮᠵᠢᠭᠤᠯᠭ᠎ᠠ᠎ᠶᠢᠨ ᠲᠠᠪᠴᠠᠩ᠎ᠤᠨ ᠲᠡᠰ ᠳᠡᠪᠰᠢᠬᠦ᠎ᠶᠢ ᠳᠠᠬᠢᠨᠲᠠ ᠠᠬᠢᠭᠤᠯᠵᠤ᠂ ᠬᠢᠲᠠᠳ᠂ ᠠᠩᠭ᠌ᠯᠢ᠂ ᠤᠷᠤᠰ ᠤᠯᠠᠨ ᠬᠡᠯᠡᠨ᠎ᠤ ᠰᠦᠯᠵᠢᠶᠡᠨ᠎ᠦ ᠳᠠᠮᠵᠢᠭᠤᠯᠭ᠎ᠠ᠎ᠶᠢᠨ ᠠᠷᠭ᠎ᠠ ᠵᠠᠮ᠎ᠢ ᠥᠷᠭᠡᠳᠬᠡᠵᠦ᠂ ᠠᠯᠪᠠᠨ᠎ᠤ ᠲᠠᠯ᠎ᠠ᠎ᠶᠢᠨ ᠵᠢᠷᠭᠢᠶ᠎ᠡ᠎ᠶᠢᠨ ᠤᠯᠠᠨ ᠨᠡᠶ᠋ᠢᠲᠡ᠎ᠶᠢᠨ ᠲᠠᠪᠴᠠᠩ᠎ᠤᠨ ᠸᠢᠳᠢᠤ᠋ ᠳ᠋ᠤᠭᠠᠷ᠎ᠢ ᠡᠭᠦᠳᠦᠨ ᠪᠠᠢᠭᠤᠯᠵᠤ᠂ ᠳᠣᠲᠣᠭᠠᠳᠤ ᠭᠠᠳᠠᠭᠠᠳᠤ ᠤᠬᠠᠭᠤᠯᠭ᠎ᠠ᠎ᠶᠢᠨ ᠨᠢᠭᠡ ᠴᠣᠭᠴᠠᠵᠢᠯᠲᠠ ᠶ᠋ᠢ ᠠᠬᠢᠭᠤᠯᠵᠤ᠂ ᠠᠩᠭ᠌ᠯᠢ᠂ ᠤᠷᠤᠰ᠂ ᠺᠢᠷᠢᠯ ᠦᠰᠦᠭ᠎ᠤᠨ ᠭᠠᠳᠠᠭᠠᠳᠤ᠎ᠳᠠᠬᠢ ᠨᠡᠢᠭᠡᠮ᠎ᠦᠨ ᠬᠠᠷᠢᠯᠴᠠᠭᠠᠨ᠎ᠤ ᠳᠠᠩᠰᠠᠨ ᠨᠣᠮᠧᠷ᠎ᠢ ᠨᠠᠪᠲᠠᠷᠡᠭᠦᠯᠵᠦ᠂ ᠰᠢᠨ᠎ᠡ ᠣᠷᠣᠨ ᠵᠠᠢ᠎ᠶᠢ ᠨᠡᠭᠡᠭᠡᠵᠦ᠂ ᠤᠯᠠᠨ ᠠᠷᠭ᠎ᠠ ᠵᠠᠮ᠂ ᠪᠣᠰᠣᠭ᠎ᠠ ᠴᠣᠭᠴᠠᠲᠤ ᠮᠠᠶᠢᠭ᠋᠎ᠢᠶᠠᠷ ᠳᠤᠮᠳᠠᠳᠤ ᠤᠯᠤᠰ᠎ᠤᠨ ᠦᠯᠢᠭᠡᠷ᠂ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠬᠤ ᠤᠯᠠᠨ ᠤᠯᠤᠰ᠎ᠤᠨ ᠳᠠᠮᠵᠢᠭᠤᠯᠭ᠎ᠠ᠎ᠶᠢᠨ ᠪᠠᠢᠷᠢᠰᠢᠯ᠎ᠢ ᠰᠢᠰᠲᠧᠮ᠎ᠲᠠᠢ ᠪᠠᠢᠭᠤᠯᠪᠠ᠃
ᠥᠪᠥᠷ ᠮᠣᠩᠭᠣᠯ᠎ᠤᠨ ᠣᠯᠠᠨ ᠤᠯᠤᠰ᠎ᠤᠨ ᠮᠡᠲᠡᠭᠡᠯᠡᠯ᠎ᠤᠨ ᠲᠥᠪ ᠨᠢ ᠤᠯᠠᠨ ᠲᠦᠮᠡᠨ ᠲᠠᠢ ᠤᠢᠷᠠᠳᠤᠬᠰᠠᠨ ᠥᠪᠥᠷ ᠮᠣᠩᠭᠣᠯ᠎ᠤᠨ ᠦᠯᠢᠭᠡᠷᠵᠢᠨᠷ ᠤᠯᠤᠰ ᠤᠨ ᠬᠡᠷᠡᠭ ᠶᠠᠪᠤᠲᠠᠯ ᠢ ᠲᠤᠭᠠᠴᠢᠬᠤ ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠦᠢᠯᠡᠳᠦᠯᠭᠡ ᠳᠤᠮᠳᠠ ᠡᠴᠡ ᠰᠢᠨ᠎ᠡ ᠰᠣᠷᠭᠣᠭ ᠰᠡᠳᠦᠪ ᠣᠯᠵᠤ᠂ ᠲᠠᠮᠵᠢᠭᠤᠯᠭ᠎ᠠ ᠢ᠋ᠢᠨ ᠭᠢᠯᠠᠰ ᠴᠡᠭ᠎ᠢ ᠢᠯᠡᠷᠡᠭᠦᠯᠵᠦ᠂ ᠨᠢᠭᠡ ᠦᠵᠡᠮᠵᠢ ᠪᠡᠷ ᠠᠭᠤᠯᠠ ᠤᠰᠤ᠎ᠶᠢ ᠲᠤᠰᠬᠠᠬᠰᠠᠨ᠂ ᠨᠢᠭᠡ ᠪᠣᠳᠠᠰ᠎ᠢᠶᠡᠷ ᠰᠣᠶᠣᠯ᠎ᠤᠨ ᠰᠤᠳᠠᠰᠤ᠎ᠶᠢ ᠬᠠᠷᠠᠭᠤᠯᠤᠬᠰᠠᠨ᠂ ᠨᠢᠭᠡ ᠶᠠᠪᠤᠳᠠᠯ᠎ᠢᠶᠡᠷ ᠪᠦᠬᠦ ᠲᠠᠯ᠎ᠠ᠎ᠶᠢ ᠢᠯᠡᠷᠡᠭᠦᠯᠦᠭᠰᠡᠨ ᠵᠢᠵᠢᠭᠬᠡᠨ ᠭᠠᠷᠳᠠᠴᠠ ᠡᠴᠡ ᠥᠪᠥᠷ ᠮᠣᠩᠭᠣᠯ᠎ᠤᠨ ᠰᠦᠷᠯᠢᠭ ᠰᠠᠢᠬᠠᠨ ᠪᠠᠢᠭᠠᠯᠢ᠎ᠶᠢᠨ ᠦᠵᠡᠮᠵᠢ᠂ ᠭᠦᠨ ᠵᠤᠵᠠᠭᠠᠨ ᠰᠣᠶᠣᠯ ᠢᠷᠭᠡᠨᠰᠢᠯ᠎ᠦᠨ ᠠᠭᠤᠯᠬᠤᠨ ᠪᠣᠯᠣᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠠᠮᠢᠳᠤᠯᠢᠭ᠋᠎ᠢᠶᠠᠷ ᠢᠯᠡᠷᠡᠭᠦᠯᠵᠦ᠂ ᠥᠪᠥᠷ ᠮᠣᠩᠭᠣᠯ᠎ᠤᠨ ᠭᠠᠳᠠᠭᠠᠳᠤ᠎ᠳᠠᠬᠢ ᠢᠯᠭᠠᠨ ᠲᠠᠨᠢᠬᠤ ᠬᠡᠮᠵᠢᠶ᠎ᠡ ᠪᠣᠯᠣᠨ ᠤᠯᠠᠨ ᠤᠯᠤᠰ ᠲᠡᠬᠢ ᠨᠥᠯᠥᠭᠡᠯᠡᠬᠦ ᠬᠦᠴᠦᠨ᠎ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠢ ᠨᠡᠩ ᠰᠠᠢᠨ ᠣᠢᠯᠠᠭᠠᠭᠤᠯᠵᠤ᠂ ᠥᠪᠥᠷ ᠮᠣᠩᠭᠣᠯ᠎ᠢ ᠨᠡᠩ ᠰᠠᠢᠨ ᠲᠠᠨᠢᠭᠤᠯᠤᠨ᠎ᠠ᠃ ᠣᠳᠣᠬᠠᠨ᠎ᠳᠤ ᠲᠤᠰ ᠲᠥᠪ ᠨᠢ ᠲᠥᠪ᠂ ᠮᠤᠵᠢ (ᠣᠷᠣᠨ᠂ ᠬᠣᠲᠠ)᠂ ᠠᠢᠮᠠᠭ ᠬᠣᠲᠠ᠂ ᠬᠣᠰᠢᠭᠤ ᠰᠢᠶᠠᠨ᠎ᠲᠠᠢ ᠬᠠᠮᠲᠤᠷᠠᠨ ᠡᠭᠦᠳᠬᠦ ᠲᠣᠭᠲᠠᠴᠠ᠎ᠶᠢ ᠪᠠᠢᠭᠤᠯᠵᠤ᠂ ᠶᠡᠬᠡ ᠳᠡᠭᠡᠳᠦ ᠰᠤᠷᠭᠠᠭᠤᠯᠢ᠂ ᠬᠤᠪᠢ᠎ᠶᠢᠨ ᠵᠠᠭᠤᠴᠢᠯᠠᠭᠤᠷ᠎ᠲᠠᠢ ᠬᠠᠮᠵᠢᠯᠴᠠᠨ ᠦᠢᠯᠡᠳᠦᠨ ᠳᠠᠮᠵᠢᠭᠤᠯᠬᠤ᠂ ᠰᠤᠶᠤᠯ ᠢᠷᠬᠡᠨᠰᠢᠭᠦᠯᠦᠨ ᠦᠢᠯᠡᠳᠬᠦ᠂ ᠸᠢᠳᠢᠤ᠋᠎ᠪᠠᠷ ᠳᠡᠯᠭᠡᠨ ᠦᠵᠡᠭᠦᠯᠬᠦ᠂ ᠰᠦᠯᠵᠢᠶᠡᠵᠢᠭᠦᠯᠦᠨ ᠳᠠᠮᠵᠢᠭᠤᠯᠬᠤ ᠣᠢᠯᠠᠭᠠᠭᠳᠠᠬᠤᠨ ᠶᠣᠰᠣᠭᠠᠷ ᠰᠣᠨᠢᠨ ᠮᠡᠳᠡᠭᠡᠨ᠎ᠦ ᠮᠡᠳᠡᠭᠡ ᠵᠠᠩᠭᠢ᠂ ᠣᠬᠣᠷ ᠸᠢᠳᠢᠤ᠋᠂ ᠪᠠᠷᠢᠮᠲᠠᠲᠤ ᠹᠢᠯᠢᠮ᠂ ᠬᠥᠮᠥᠨ᠎ᠦ ᠲᠤᠬᠠᠢ ᠲᠤᠰᠬᠠᠢ ᠰᠣᠷᠪᠤᠯᠵᠢᠯᠠᠭ᠎ᠠ᠂ ᠰᠦᠯᠵᠢᠶᠡᠨ᠎ᠦ ᠰᠢᠭᠤᠳ ᠨᠡᠪᠲᠡᠷᠡᠭᠦᠯᠭᠡ᠂ ᠰᠢᠭᠦᠮᠵᠢ ᠵᠡᠷᠭᠡ ᠬᠡᠯᠪᠡᠷᠢ᠎ᠪᠡᠷ ᠤᠯᠠᠨ ᠤᠯᠤᠰᠴᠢᠯᠠᠭᠰᠠᠨ᠂ ᠰᠦᠯᠵᠢᠶᠡᠨ᠎ᠦ ᠮᠡᠳᠡᠷᠡᠮᠵᠢ᠎ᠲᠠᠢ᠂ ᠵᠠᠯᠠᠭᠤᠵᠢᠭ᠍ᠰᠠᠨ 《ᠬᠢᠲᠠᠳ ᠬᠡᠯᠡ ᠰᠤᠷᠬᠤ ᠬᠠᠯᠠᠮᠰᠢᠯ》᠂ 《ᠪᠢ ᠥᠪᠥᠷ ᠮᠣᠩᠭᠣᠯ᠎ᠳᠤ ᠮᠠᠰᠢ ᠵᠢᠷᠭᠠᠯ᠎ᠲᠠᠢ ᠪᠠᠢᠨ᠎ᠠ》᠂ 《ᠦᠩᠭᠡ ᠰᠤᠯᠤᠩᠭᠠᠷᠠᠭᠰᠠᠨ ᠥᠪᠥᠷ ᠮᠣᠩᠭᠣᠯ》 ᠵᠡᠷᠭᠡ ᠤᠯᠠᠨ ᠤᠯᠤᠰ᠎ᠤᠨ ᠳᠠᠮᠵᠢᠭᠤᠯᠭ᠎ᠠ᠎ᠶᠢᠨ ᠠᠯᠢ ᠤᠯᠠᠨ ᠪᠦᠲᠦᠭᠡᠭᠳᠡᠬᠦᠨ᠎ᠢ ᠦᠷᠭᠦᠯᠵᠢᠯᠡᠨ ᠨᠡᠢᠲᠡᠯᠡᠵᠡᠢ᠃
ᠭᠣᠣᠯ ᠵᠠᠭᠤᠴᠢᠯᠠᠭᠤᠷ᠎ᠤᠨ ᠰᠢᠰᠲᠧᠮ᠎ᠦᠨ ᠴᠢᠨᠠᠷᠲᠠᠢ ᠬᠤᠪᠢᠰᠤᠯᠲᠠ᠎ᠶᠢᠨ ᠰᠢᠨ᠎ᠡ ᠠᠵᠠ ᠲᠣᠬᠢᠶᠠᠯ᠎ᠢ ᠪᠠᠲᠤ ᠡᠵᠡᠮᠳᠡᠵᠦ᠂ ᠥᠪᠥᠷ ᠮᠣᠩᠭᠣᠯ᠎ᠤᠨ ᠡᠯᠧᠮᠧᠨ᠋ᠲᠪᠦᠬᠦᠢ ᠣᠯᠠᠨ ᠵᠠᠭᠤᠴᠢᠯᠠᠭᠤᠷ᠎ᠤᠨ ᠢᠯᠡᠷᠡᠭᠦᠯᠦᠯ᠂ ᠣᠯᠠᠨ ᠬᠡᠯᠡᠨ᠎ᠦ ᠳᠠᠮᠵᠢᠭᠤᠯᠭ᠎ᠠ᠂ ᠣᠯᠠᠨ ᠬᠦᠷᠢᠶ᠎ᠡ ᠳᠠᠪᠬᠤᠷᠭ᠎ᠠ᠎ᠶᠢᠨ ᠬᠦᠯᠢᠶᠡᠨ ᠠᠪᠤᠭ᠍ᠴᠢᠳ ᠲᠠᠢ ᠣᠯᠠᠨ ᠤᠯᠤᠰ᠎ᠤᠨ ᠳᠠᠮᠵᠢᠭᠤᠯᠭ᠎ᠠ᠎ᠶᠢᠨ ᠰᠢᠨ᠎ᠡ ᠪᠠᠢᠷᠢᠰᠢᠯ᠎ᠢ ᠪᠤᠶ ᠪᠣᠯᠭᠠᠵᠤ᠂ ᠭᠠᠳᠠᠭᠠᠳᠤ᠎ᠳᠤ ᠵᠣᠷᠢᠭᠤᠯᠤᠭᠰᠠᠨ ᠬᠡᠯᠡ ᠶᠠᠷᠢᠶᠠᠨ᠎ᠤ ᠰᠢᠰᠲ᠋ᠸᠮ᠎ᠤᠨ ᠰᠢᠨ᠎ᠡ᠎ᠶᠢ ᠡᠭᠦᠳᠴᠦ᠂ ᠤᠯᠠᠨ ᠲᠦᠮᠡᠨ᠎ᠲᠠᠢ ᠣᠢᠷᠠᠲᠤᠭᠰᠠᠨ ᠠᠭᠤᠯᠭ᠎ᠠ᠂ ᠬᠠᠯᠠᠭᠤᠨ ᠳᠤᠯᠠᠭᠠᠨ ᠲᠤᠭᠠᠴᠢᠯᠲᠠ ᠪᠡᠷ ᠥᠪᠥᠷ ᠮᠣᠩᠭᠣᠯ᠎ᠤᠨ ᠤᠯᠠᠨ ᠤᠯᠤᠰ᠎ᠤᠨ ᠳᠠᠮᠵᠢᠭᠤᠯᠭ᠎ᠠ᠎ᠶᠢᠨ ᠲᠠᠪᠴᠠᠩ᠎ᠳᠠᠬᠢ《ᠲᠡᠯᠭᠡᠨ ᠦᠵᠡᠭᠦᠯᠬᠦ ᠨᠤᠷᠮ᠎ᠠ》᠂ 《ᠶᠠᠷᠢᠯᠴᠠᠯᠭ᠎ᠠ ᠢ᠋ᠢᠨ ᠬᠡᠮᠵᠢᠶ᠎ᠡ》 ᠪᠣᠯᠣᠨ 《ᠪᠠᠬᠠᠷᠬᠠᠬᠴᠢᠳ ᠢ᠋ ᠲᠠᠲᠠᠬᠤ ᠬᠦᠴᠦᠨ》 ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ ᠠᠯᠤᠰᠯᠠᠭᠰᠠᠨ ᠣᠢᠯᠠᠭᠠᠯᠲᠠ᠎ᠶᠢᠨ ᠨᠡᠪᠲᠡᠷᠡᠬᠦ ᠵᠠᠮ᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢ ᠠᠬᠢᠭᠤᠯᠬᠤ ᠬᠦᠬᠦᠷᠭᠡ ᠵᠢ ᠪᠠᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ ᠬᠡᠵᠦ ᠲᠤᠰ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠪᠡ᠃
ᠲᠥᠪ᠎ᠦᠨ ᠭᠣᠣᠯ ᠵᠠᠭᠤᠴᠢᠯᠠᠭᠤᠷ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠵᠠᠭᠤᠴᠢᠯᠠᠭᠤᠷ᠂ ᠶᠡᠬᠡ ᠲᠡᠭᠡᠲᠦ ᠰᠤᠷᠭᠠᠭᠤᠯᠢ᠂ ᠠᠵᠤ ᠠᠬᠤᠢᠯᠠᠯ᠂ ᠬᠡᠰᠡᠭ ᠮᠤᠵᠢ (ᠣᠷᠣᠨ᠂ ᠬᠤᠳᠠ) ᠵᠢᠨ ᠤᠯᠠᠨ ᠤᠯᠤᠰ᠎ᠤᠨ ᠮᠡᠲᠡᠭᠡᠯᠡᠯ᠎ᠤᠨ ᠲᠥᠪ ᠵᠢᠴᠢ ᠥᠪᠥᠷ ᠮᠣᠩᠭᠣᠯ᠎ᠤᠨ ᠤᠯᠠᠨ ᠤᠯᠤᠰ᠎ᠤᠨ ᠮᠡᠲᠡᠭᠡᠯᠡᠯ᠎ᠤᠨ ᠲᠥᠪ᠎ᠦᠨ ᠤᠶᠤᠨ᠎ᠤ ᠬᠥᠮᠥᠷᠭᠡ᠎ᠶᠢᠨ ᠣᠷᠣᠨ᠎ᠤ ᠳᠣᠲᠣᠷ᠎ᠠ ᠭᠠᠳᠠᠨᠠᠬᠢ ᠲᠤᠰᠬᠠᠢ ᠮᠡᠷᠭᠡᠵᠢᠯᠲᠡᠨ᠂ ᠤᠯᠠᠨ ᠤᠯᠤᠰ᠎ᠤᠨ ᠳᠠᠮᠵᠢᠭᠤᠯᠤᠬᠴᠢ ᠢ᠋ᠢᠨ ᠲᠥᠯᠥᠭᠡᠯᠡᠭᠴᠢ ᠫᠠᠢᠰᠠ ᠰᠡᠬᠦᠬᠦ ᠶᠣᠰᠣᠯᠠᠯ᠎ᠳᠤ ᠣᠷᠣᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃