2026-11-12 09:49:46
ᠥᠪᠦᠷ ᠮᠣᠩᠭᠤᠯ ᠤ᠋ᠨ ᠤᠰᠤᠳᠦ᠋ᠷᠦᠭᠴᠢ ᠡᠨᠧᠷᠭᠢ ᠶ᠋ᠢᠨ ᠠᠵᠤ ᠦᠢᠯᠡᠰ ᠴᠢᠬᠤᠯᠠ ᠶᠡᠭᠡ ᠬᠥᠭᠵᠢᠯᠲᠡ ᠶ᠋ᠢᠨ ᠠᠵᠠ ᠲᠣᠬᠢᠶᠠᠯ ᠢ᠋ ᠤᠭᠲᠤᠨ ᠠᠪᠴᠢᠷᠠᠪᠠ᠃
ᠲᠦᠷᠦᠭᠦᠬᠡᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠶᠠᠮᠤᠨ᠂ ᠡᠳ᠋ ᠤ᠋ᠨ ᠵᠠᠰᠠᠭ ᠤ᠋ᠨ ᠶᠠᠮᠤᠨ᠂ ᠤᠯᠤᠰ ᠤ᠋ᠨ ᠬᠥᠭᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠬᠠᠮᠲᠤᠷᠠᠨ ᠪᠥᠬᠦ᠌ ᠤᠯᠤᠰ ᠤ᠋ᠨ 5 ᠤᠰᠤᠳᠦ᠋ᠷᠦᠭᠴᠢ ᠡᠨᠧᠷᠭᠢ ᠶ᠋ᠢᠨ ᠶᠡᠷᠦᠩᠬᠡᠶ᠋ᠢᠯᠡᠭᠰᠡᠨ ᠬᠡᠷᠡᠭᠯᠡᠭᠡᠨ ᠤ᠋ ᠲᠤᠷᠰᠢᠯᠲᠠ ᠶ᠋ᠢᠨ ᠴᠡᠭ ᠤ᠋ᠨ ᠬᠤᠲᠠ ᠶ᠋ᠢᠨ ᠪᠦᠯᠦᠭᠵᠢᠯ ᠢ᠋ ᠴᠤᠬᠤᠯᠠᠪᠤᠷᠢᠯᠡᠨ ᠵᠦᠪᠰᠢᠶᠡᠷᠡᠵᠦ᠂ ᠲᠤᠷᠰᠢᠯᠲᠠ ᠶ᠋ᠢᠨ ᠴᠡᠭ ᠤ᠋ᠨ ᠠᠵᠢᠯ ᠤ᠋ᠨ ᠬᠤᠭᠤᠴᠠᠭ᠎ᠠ ᠵᠢ 4 ᠵᠢᠯ ᠢ᠋ᠶ᠋ᠡᠷ ᠲᠤᠬᠲᠠᠭᠠᠵᠠᠢ᠃ ᠡᠭᠦᠨ ᠳ᠋ᠤ ᠥᠪᠦᠷ ᠮᠣᠩᠭᠤᠯ ᠤ᠋ᠨ 7 ᠠᠶ᠋ᠢᠮᠠᠭ ᠬᠤᠲᠠ ᠰᠤᠨᠭᠭᠤᠬᠳᠠᠵᠤ᠂ ᠪᠥᠬᠦ᠌ ᠤᠯᠤᠰ ᠤ᠋ᠨ ᠣᠷᠤᠨ ᠪᠦᠰᠡ ᠠᠯᠤᠰᠯᠠᠭᠰᠠᠨ ᠤᠰᠤᠳᠦ᠋ᠷᠦᠭᠴᠢ ᠡᠨᠧᠷᠭᠢ ᠶ᠋ᠢᠨ ᠲᠤᠷᠰᠢᠯᠲᠠ ᠶ᠋ᠢᠨ ᠴᠡᠭ ᠤ᠋ᠨ ᠠᠵᠢᠯ ᠳ᠋ᠤ ᠣᠷᠤᠯᠴᠠᠭᠰᠠᠨ ᠬᠤᠲᠠ ᠶ᠋ᠢᠨ ᠲᠤᠭ᠎ᠠ ᠬᠡᠮᠵᠢᠶ᠎ᠡ ᠪᠡᠷ ᠬᠠᠮᠤᠭ ᠤ᠋ᠨ ᠣᠯᠠᠨ ᠮᠤᠵᠢ ᠤᠷᠤᠨ ᠤ᠋ ᠨᠢᠭᠡ ᠪᠣᠯᠪᠠ᠃
《ᠡᠯ᠎ᠡ ᠠᠶ᠋ᠢᠮᠠᠭ ᠬᠤᠲᠠ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠬᠢᠭᠡᠳ ᠠᠵᠤ ᠦᠢᠯᠡᠰ ᠤ᠋ᠨ ᠰᠠᠭᠤᠷᠢ ᠳ᠋ᠤ ᠰᠠᠭᠤᠷᠢᠯᠠᠨ 7 ᠲᠤᠷᠰᠢᠯᠲᠠ ᠶ᠋ᠢᠨ ᠴᠡᠭ ᠤ᠋ᠨ ᠠᠶ᠋ᠢᠮᠠᠭ ᠬᠤᠲᠠ ᠶ᠋ᠢᠨ ᠬᠢᠨ ᠬᠠᠷᠢᠶ᠎ᠠ ᠬᠤᠲᠠ ᠶ᠋ᠢᠨ ᠪᠦᠯᠦᠭᠵᠢᠯ ᠤ᠋ᠨ ᠪᠠᠶ᠋ᠢᠷᠢ ᠲᠣᠭᠲᠠᠭᠠᠯᠲᠠ ᠲᠠᠢ ᠤᠶᠠᠯᠳᠤᠭᠤᠯᠤᠨ ᠡᠭᠦᠷᠭᠡ ᠵᠢ ᠵᠦᠷᠢᠶᠡᠴᠢᠯᠡᠨ ᠠᠬᠢᠭᠤᠯᠵᠤ᠂ ᠳᠤᠮᠳᠠ ᠪᠠᠷᠠᠭᠤᠨ ᠬᠡᠰᠡᠭ ᠤ᠋ᠨ ᠭᠠᠵᠠᠷ ᠤᠷᠤᠨ ᠳ᠋ᠤ ᠤᠰᠤᠳᠦ᠋ᠷᠦᠭᠴᠢᠲᠦ᠍ ᠬᠢᠮᠢ ᠶ᠋ᠢᠨ ᠠᠵᠤ ᠦᠢᠯᠡᠳᠪᠦᠷᠢ ᠲᠡᠢᠰᠢ ᠬᠡᠯᠪᠡᠷᠢᠪᠠᠨ ᠬᠤᠪᠢᠷᠠᠭᠤᠯᠬᠤ ᠵᠢ ᠭᠤᠤᠯᠳᠠᠯᠭ᠎ᠠ ᠲᠠᠢ ᠠᠬᠢᠭᠤᠯᠬᠤ᠂ ᠵᠡᠭᠦᠨ ᠬᠡᠰᠡᠭ ᠤ᠋ᠨ ᠭᠠᠵᠠᠷ ᠣᠷᠤᠨ ᠳ᠋ᠤ ᠪᠣᠬᠢᠷᠲᠤᠯ ᠥᠬᠡᠢ ᠤᠰᠤᠳᠦ᠋ᠷᠦᠭᠴᠢᠲᠦ᠍ ᠰᠢᠪᠳᠤᠷᠲᠤ ᠠᠯᠺᠤᠤᠯ ᠤ᠋ᠨ ᠰᠢᠲᠠᠭᠠᠯᠭ᠎ᠠ ᠵᠢ ᠬᠥᠭᠵᠢᠭᠦᠯᠬᠦ᠂ ᠬᠤᠶ᠋ᠢᠲᠤ᠌ ᠬᠡᠰᠡᠭ ᠤ᠋ᠨ ᠭᠠᠵᠠᠷ ᠤᠷᠤᠨ ᠳ᠋ᠤ ᠪᠡᠭᠡᠵᠢᠩ ᠲᠢᠶᠠᠨᠵᠢᠨ ᠾᠧᠪᠸᠢ ᠲᠠᠢ ᠬᠠᠮᠲᠤᠷᠠᠨ ᠪᠣᠬᠢᠷᠲᠤᠯ ᠥᠬᠡᠢ ᠤᠰᠤᠳᠦ᠋ᠷᠦᠭᠴᠢ ᠶ᠋ᠢᠨ ᠬᠠᠩᠭᠠᠯᠭ᠎ᠠ ᠵᠢ ᠪᠠᠲᠤᠯᠠᠬᠤ ᠪᠠ ᠠᠴᠢᠶᠠᠨ ᠤ᠋ ᠲᠡᠭᠡᠭᠡᠪᠦᠷᠢ ᠶ᠋ᠢᠨ ᠵᠢᠱ᠌ᠢᠶ᠎ᠡ ᠦᠵᠡᠭᠦᠯᠬᠦ᠌ ᠵᠢ ᠦᠷᠭᠡᠳᠭᠡᠨ ᠬᠦᠭᠵᠢᠭᠦᠯᠬᠦ ᠣᠯᠠᠨ ᠡᠰᠢᠲᠦ᠍ ᠬᠥᠭᠵᠢᠯᠲᠡ ᠶ᠋ᠢᠨ ᠪᠠᠶ᠋ᠢᠷᠢᠰᠢᠯ ᠢ᠋ ᠪᠦᠷᠢᠯᠳᠦᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠤᠨ ᠤ᠋ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠲᠢᠩᠬᠢᠮ ᠤ᠋ᠨ ᠡᠨᠧᠷᠭᠢ ᠠᠷᠪᠢᠯᠠᠬᠤ ᠪᠠ ᠶᠡᠷᠦᠩᠬᠡᠶ᠋ᠢᠯᠡᠨ ᠠᠰᠢᠭᠯᠠᠬᠤ ᠭᠠᠵᠠᠷ ᠤ᠋ᠨ ᠳᠡᠳ᠋ ᠳᠠᠷᠤᠭ᠎ᠠ ᠽᠧᠩ ᠱᠦ᠍ ᠬᠤᠸᠠ ᠲᠠᠨᠢᠯᠴᠠᠭᠤᠯᠤᠯ᠎ᠠ᠃
ᠬᠠᠲᠤᠨ ᠭᠤᠤᠯ ᠤ᠋ᠨ ᠶᠡᠬᠡ ᠲᠤᠬᠤᠢ — ᠳᠤᠮᠳᠠᠳᠤ ᠣᠷᠤᠨ ᠤ᠋ ᠬᠤᠲᠠ ᠶ᠋ᠢᠨ ᠪᠦᠯᠦᠭᠵᠢᠯ ᠳ᠋ᠤ ᠰᠤᠨᠭᠭᠤᠬᠳᠠᠨ ᠤᠷᠤᠬᠰᠠᠨ ᠣᠷᠳᠤᠰ ᠬᠤᠲᠠ᠂ ᠪᠤᠭᠤᠲᠤ᠌ ᠬᠤᠲᠠ᠂ ᠦᠬᠠᠢ ᠬᠤᠲᠠ᠂ ᠰᠢᠯᠢ ᠶ᠋ᠢᠨ ᠭᠤᠤᠯ ᠠᠶ᠋ᠢᠮᠠᠭ ᠭᠤᠤᠯᠳᠠᠭᠤ ᠠᠵᠤ ᠦᠢᠯᠡᠳᠪᠦᠷᠢ ᠶ᠋ᠢᠨ ᠬᠦᠷᠢᠶᠡᠨ ᠤ᠋ ᠭᠤᠤᠯ ᠬᠡᠷᠡᠭᠯᠡᠭᠡᠨ ᠤ᠋ ᠠᠬᠤᠢ ᠲᠠᠯᠠᠪᠤᠷ ᠲᠦ᠍ ᠠᠨᠭᠬᠠᠷᠤᠯ ᠢ᠋ᠶ᠋ᠡᠨ ᠲᠦᠪᠯᠡᠷᠡᠭᠦᠯᠵᠦ᠂ ᠤᠰᠤᠳᠦ᠋ᠷᠦᠭᠴᠢ ᠡᠨᠧᠷᠭᠢ ᠶ᠋ᠢᠨ ᠶᠡᠷᠦᠩᠬᠡᠶ᠋ᠢᠯᠡᠭᠰᠡᠨ ᠬᠡᠷᠡᠭᠯᠡᠭᠡᠨ ᠤ᠋ ᠲᠤᠷᠰᠢᠯᠲᠠ ᠶ᠋ᠢᠨ ᠴᠡᠭ ᠤ᠋ᠨ ᠵᠢᠱ᠌ᠢᠶ᠎ᠡ ᠦᠵᠡᠭᠦᠯᠬᠦ ᠠᠵᠢᠯ ᠢ᠋ ᠦᠷᠨᠢᠭᠦᠯᠦᠨ᠎ᠡ᠃ ᠪᠡᠭᠡᠵᠢᠩ ᠲᠢᠶᠠᠨᠵᠢᠨ ᠾᠧᠪᠸᠢ ᠶ᠋ᠢᠨ ᠬᠤᠲᠠ ᠶ᠋ᠢᠨ ᠪᠦᠯᠦᠭᠵᠢᠯ ᠳ᠋ᠤ ᠰᠤᠨᠭᠭᠤᠬᠳᠠᠨ ᠤᠷᠤᠬᠰᠠᠨ ᠤᠯᠠᠭᠠᠨᠴᠠᠪ ᠬᠤᠲᠠ ᠪᠣᠬᠢᠷᠲᠤᠯ ᠥᠬᠡᠢ ᠤᠰᠤᠳᠦ᠋ᠷᠦᠭᠴᠢ ᠶ᠋ᠢᠨ ᠬᠠᠩᠭᠠᠯᠭ᠎ᠠ ᠵᠢ ᠪᠠᠲᠤᠯᠠᠬᠤ ᠬᠢᠭᠡᠳ ᠭᠤᠤᠯ ᠱᠤᠭᠤᠮ ᠤ᠋ᠨ ᠠᠴᠢᠶᠠᠨ ᠤ᠋ ᠲᠡᠭᠡᠭᠡᠪᠦᠷᠢ ᠶ᠋ᠢᠨ ᠵᠢᠱ᠌ᠢᠶ᠎ᠡ ᠦᠵᠡᠭᠦᠯᠬᠦ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠨᠢᠭᠡᠨᠲᠡ ᠪᠠᠶ᠋ᠢᠭ᠎ᠠ ᠪᠠᠷᠠᠭᠠᠨ ᠤ᠋ ᠭᠦᠢᠯᠭᠡᠭᠡᠨ ᠤ᠋ ᠵᠠᠮ ᠳ᠋ᠤ ᠲᠦᠰᠢᠭᠯᠡᠨ ᠣᠷᠤᠨ ᠪᠦᠰᠡ ᠠᠯᠤᠰᠯᠠᠭᠰᠠᠨ ᠤᠰᠤᠳᠦ᠋ᠷᠦᠭᠴᠢ ᠡᠨᠧᠷᠭᠢ ᠶ᠋ᠢᠨ ᠬᠦᠨᠳᠦ ᠠᠴᠢᠶᠠᠨ ᠤ᠋ ᠲᠡᠭᠡᠭᠡᠪᠦᠷᠢ ᠶ᠋ᠢᠨ ᠭᠤᠤᠯ ᠱᠤᠭᠤᠮ ᠢ᠋ ᠪᠠᠶ᠋ᠢᠭᠤᠯᠵᠤ᠂ ᠮᠤᠵᠢ ᠠᠯᠤᠰᠯᠠᠭᠰᠠᠨ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠶ᠋ᠢᠨ ᠪᠥᠲᠦᠭᠡᠨ ᠪᠠᠶ᠋ᠢᠭᠤᠯᠤᠯᠲᠠ ᠵᠢ ᠬᠠᠮᠵᠢᠯᠴᠠᠨ ᠠᠬᠢᠭᠤᠯᠵᠤ᠂ ᠪᠡᠭᠡᠵᠢᠩ ᠲᠢᠶᠠᠨᠵᠢᠨ ᠾᠧᠪᠸᠢ ᠶ᠋ᠢᠨ ᠤᠰᠤᠳᠦ᠋ᠷᠦᠭᠴᠢ ᠡᠨᠧᠷᠭᠢ ᠶ᠋ᠢᠨ ᠣᠯᠠᠨ ᠠᠬᠤᠢ ᠲᠠᠯᠠᠪᠤᠷ ᠤ᠋ᠨ ᠬᠡᠷᠡᠭᠯᠡᠯᠲᠡ ᠵᠢ ᠲᠤᠯᠭᠠᠭᠤᠷᠢᠯᠠᠨ᠎ᠠ᠃ ᠵᠡᠭᠦᠨ ᠬᠤᠶ᠋ᠢᠲᠤ᠌ ᠤᠷᠤᠨ (ᠥᠪᠦᠷ ᠮᠣᠩᠭᠤᠯ ᠤ᠋ᠨ ᠵᠡᠭᠦᠨ ᠬᠡᠰᠡᠭ ᠪᠠᠭᠲᠠᠨ᠎ᠠ) — ᠬᠥᠬᠡᠮᠦ᠋ᠷᠡᠨ ᠤ᠋ ᠭᠤᠷᠪᠠᠯᠵᠢᠨ ᠬᠤᠶ᠋ᠢᠭ ᠤ᠋ᠨ ᠬᠤᠲᠠ ᠶ᠋ᠢᠨ ᠪᠦᠯᠦᠭᠵᠢᠯ ᠳ᠋ᠤ ᠰᠤᠨᠭᠭᠤᠬᠳᠠᠨ ᠤᠷᠤᠬᠰᠠᠨ ᠤᠯᠠᠭᠠᠨᠬᠠᠳᠠ ᠬᠤᠲᠠ ᠪᠠ ᠬᠢᠩᠭᠠᠨ ᠠᠶ᠋ᠢᠮᠠᠭ ᠥᠪᠦᠷ ᠮᠣᠩᠭᠤᠯ ᠤ᠋ᠨ ᠵᠡᠭᠦᠨ ᠬᠡᠰᠡᠭ ᠤ᠋ᠨ ᠰᠠᠯᠬᠢᠨ ᠤ᠋ ᠡᠨ᠋ᠸᠷᠬᠢ ᠪᠠ ᠨᠠᠷᠠᠨ ᠤ᠋ ᠡᠨ᠋ᠸᠷᠬᠢ ᠶ᠋ᠢᠨ ᠳᠠᠪᠠᠭᠤᠯᠢᠭ ᠲᠠᠭᠠᠨ ᠰᠠᠭᠤᠷᠢᠯᠠᠨ ᠰᠠᠯᠬᠢᠨ ᠤ᠋ ᠬᠦᠴᠦᠨ ᠭᠡᠷᠡᠯᠴᠢ ᠴᠡᠨᠡᠭ ᠢ᠋ᠶ᠋ᠡᠷ ᠤᠰᠤᠳᠦ᠋ᠷᠦᠭᠴᠢ ᠦᠢᠯᠡᠳᠬᠦ᠂ ᠪᠤᠬᠢᠷᠲᠤᠯ ᠦᠭᠡᠢ ᠰᠢᠪᠲᠤᠷᠲᠤ ᠠᠯᠺᠤᠤᠯ ᠤ᠋ᠨ ᠲᠥᠷᠦᠯ ᠵᠦᠢᠯ ᠢ᠋ ᠪᠠᠶ᠋ᠢᠷᠢᠰᠢᠭᠤᠯᠵᠤ᠂《ᠤᠮᠠᠷᠠᠲᠤ᠌ ᠤᠷᠤᠨ ᠤ᠋ ᠤᠰᠤᠳᠦ᠋ᠷᠦᠭᠴᠢ ᠵᠢ ᠡᠮᠦᠨᠡᠲᠦ᠍ ᠣᠷᠤᠨ ᠳ᠋ᠤ ᠲᠡᠭᠡᠭᠡᠪᠦᠷᠢᠯᠡᠬᠦ᠌》ᠨᠡᠪᠲᠡᠷᠡᠯ ᠵᠠᠮ ᠤ᠋ᠨ ᠪᠦᠲᠦᠭᠡᠨ ᠪᠠᠢᠭᠤᠯᠤᠯᠲᠠ ᠵᠢ ᠭᠦᠨᠵᠡᠭᠡᠢ ᠵᠣᠯᠭᠠᠭᠤᠯᠵᠤ᠂ ᠪᠣᠬᠢᠷᠲᠤᠯ᠎ᠦᠭᠡᠢ ᠰᠢᠲᠠᠭᠠᠯᠭ᠎ᠠ ᠶ᠋ᠢᠨ ᠭᠠᠳᠠᠭᠠᠳᠤ ᠶ᠋ᠢᠨ ᠵᠠᠬ᠎ᠠ ᠳᠡᠯᠭᠡᠭᠦᠷ ᠢ᠋ ᠨᠡᠭᠡᠭᠡᠨ᠎ᠡ ᠃
《ᠲᠠᠷᠠᠭᠠᠴᠢ ᠪᠡᠷ ᠥᠪᠡᠷᠲᠡᠭᠡᠨ ᠵᠠᠰᠠᠬᠤ ᠣᠷᠤᠨ ᠤ᠋ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠲᠢᠩᠬᠢᠮ ᠤ᠋ᠨ ᠬᠢᠨ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ ᠲᠥᠯᠦᠪᠵᠢᠭᠦᠯᠦᠨ ᠳᠣᠭᠢᠷᠠᠭᠤᠯᠬᠤ ᠪᠠᠨ ᠴᠢᠩᠭᠠᠷᠠᠭᠤᠯᠵᠤ᠂ ᠡᠯ᠎ᠡ ᠲᠤᠷᠰᠢᠯᠲᠠ ᠶ᠋ᠢᠨ ᠴᠡᠭ ᠤ᠋ᠨ ᠠᠶ᠋ᠢᠮᠠᠭ ᠬᠤᠲᠠ ᠶ᠋ᠢᠨ ᠤᠷᠢᠳᠠᠪᠠᠷ ᠰᠢᠪᠲᠤᠯᠦᠯᠲᠡ ᠭᠠᠷᠭᠠᠵᠤ᠂ ᠰᠠᠢᠲᠤᠷ ᠵᠢᠱ᠌ᠢᠶ᠎ᠡ ᠦᠵᠡᠭᠦᠯᠦᠨ ᠬᠥᠲᠦᠯᠦᠨ ᠵᠢᠯᠤᠭᠤᠳᠬᠤ ᠵᠢ ᠠᠬᠢᠭᠤᠯᠤᠨ᠎ᠠ》 ᠭᠡᠵᠦ᠍ ᠽᠧᠩ ᠱᠦ᠍ ᠬᠤᠸᠠ ᠬᠡᠯᠡᠪᠡ᠃
7 ᠠᠢᠮᠠᠭ ᠬᠣᠲᠠ ᠤᠯᠤᠰ ᠤ᠋ᠨ ᠲᠠᠰ ᠤ᠋ᠨ ᠲᠤᠷᠰᠢᠯᠲᠠ ᠶ᠋ᠢᠨ ᠴᠡᠭ ᠲᠦ᠍ ᠰᠤᠨᠭᠭᠤᠬᠳᠠᠬᠰᠠᠨ ᠨᠢ ᠭᠡᠨᠡᠳᠲᠡ ᠶ᠋ᠢᠨ ᠶᠠᠪᠤᠳᠠᠯ ᠪᠤᠰᠤ ᠶᠤᠮ᠃ ᠡᠨᠡ ᠨᠢ ᠥᠪᠦᠷ ᠮᠣᠩᠭᠤᠯ ᠤ᠋ᠨ ᠤᠰᠤᠳᠦ᠋ᠷᠦᠭᠴᠢ ᠡᠨᠧᠷᠭᠢ ᠶ᠋ᠢᠨ ᠠᠵᠤ ᠦᠢᠯᠡᠰ ᠤ᠋ᠨ ᠣᠯᠠᠨ ᠵᠢᠯ ᠤ᠋ᠨ ᠬᠦᠭᠵᠢᠯᠲᠡ ᠡᠴᠡ ᠪᠦᠷᠢᠯᠳᠦᠭᠰᠡᠨ ᠪᠠᠲᠤ᠌ ᠪᠠᠬᠢ ᠰᠠᠭᠤᠷᠢ ᠪᠡᠷ ᠲᠤᠯᠭᠠᠭᠤᠷᠢᠯᠠᠯ ᠪᠤᠯᠭᠠᠵᠠᠢ᠃ ᠣᠶ᠋ᠢᠷ᠎ᠠ ᠶ᠋ᠢᠨ ᠵᠢᠯ ᠡᠴᠡ ᠥᠪᠦᠷ ᠮᠣᠩᠭᠤᠯ ᠪᠥᠬᠦ᠌ ᠤᠯᠤᠰ ᠤ᠋ᠨ ᠪᠣᠬᠢᠷᠲᠤᠯ ᠥᠬᠡᠢ ᠤᠰᠤᠳᠦ᠋ᠷᠦᠭᠴᠢ ᠵᠢᠨ ᠤᠷᠢᠳ ᠢ᠋ᠶ᠋ᠡᠷ ᠬᠡᠷᠡᠭᠵᠢᠭᠦᠯᠬᠦ᠌ ᠵᠢᠱ᠌ᠢᠶ᠎ᠡ ᠦᠵᠡᠭᠦᠯᠬᠦ᠌ ᠣᠷᠤᠨ ᠢ᠋ ᠪᠠᠶ᠋ᠢᠭᠤᠯᠬᠤ ᠬᠠᠷᠠᠯᠲᠠ ᠳ᠋ᠤ ᠠᠨᠭᠬᠠᠷᠤᠯ ᠢ᠋ᠶ᠋ᠡᠨ ᠲᠦᠪᠯᠡᠷᠡᠭᠦᠯᠵᠦ᠂ ᠪᠣᠬᠢᠷᠲᠤᠯ ᠥᠬᠡᠢ ᠤᠰᠤᠳᠦ᠋ᠷᠦᠭᠴᠢ ᠵᠢᠨ 《ᠦᠢᠯᠡᠳᠬᠦ ᠬᠠᠳᠠᠭᠠᠯᠠᠬᠤ ᠲᠡᠭᠡᠭᠡᠪᠦᠷᠢᠯᠡᠬᠦ᠌ ᠬᠡᠷᠡᠭᠯᠡᠬᠦ᠌》 ᠪᠥᠬᠦ᠌ ᠠᠵᠤ ᠦᠢᠯᠡᠰ ᠤ᠋ᠨ ᠬᠡᠯᠬᠢᠶ᠎ᠡ ᠶ᠋ᠢᠨ ᠬᠥᠭᠵᠢᠯᠲᠡ ᠵᠢ ᠢᠳᠡᠪᠬᠢᠲᠡᠢ ᠠᠬᠢᠭᠤᠯᠪᠠ ᠃
ᠡᠬᠢᠨᠤ ᠤᠰᠤᠳᠦ᠋ᠷᠦᠭᠴᠢ ᠦᠢᠯᠡᠳᠬᠦ᠌ ᠭᠡᠰᠡᠭ ᠲᠸ᠋ 《ᠰᠠᠯᠬᠢᠨ ᠬᠦᠴᠦ ᠭᠡᠷᠡᠯᠴᠢ ᠴᠠᠨᠡᠭ ᠤᠰᠤᠳᠦ᠋ᠷᠦᠭᠴᠢ ᠡᠨ᠋ᠸᠷᠭᠢ ᠨᠦᠬᠡᠴᠡ ᠡᠨ᠋ᠸᠷᠬᠢ ᠤᠰᠤᠳᠦ᠋ᠷᠦᠭᠴᠢ ᠡᠨ᠋ᠸᠷᠭᠢ ᠶ᠋ᠢᠨ ᠬᠡᠷᠡᠭᠯᠡᠯᠲᠡ》 ᠵᠢ ᠨᠢᠭᠡ ᠴᠣᠭᠴᠠᠵᠢᠭᠤᠯᠤᠬᠰᠠᠨ ᠵᠠᠭᠪᠤᠷ ᠢ᠋ ᠰᠦᠪᠡᠭᠴᠢᠯᠡᠵᠦ᠍᠂ ᠨᠢᠭᠡ ᠪᠦᠯᠦᠭ 《ᠰᠠᠯᠬᠢᠨ ᠬᠦᠴᠦ ᠭᠡᠷᠡᠯᠴᠢ ᠴᠠᠨᠡᠭ ᠤᠰᠤᠳᠦ᠋ᠷᠦᠭᠴᠢ ᠡᠨ᠋ᠸᠷᠭᠢ ᠨᠦᠬᠡᠴᠡ ᠡᠨ᠋ᠸᠷᠬᠢ》᠂ 《ᠡᠨᠧᠷᠬᠢ ᠲᠤᠤᠷ ᠳᠠᠭᠠᠭᠠᠴᠠ ᠨᠦᠬᠡᠴᠡ ᠤᠰᠤᠳᠦ᠋ᠷᠦᠭᠴᠢ》 ᠵᠡᠷᠭᠡ ᠪᠣᠬᠢᠷᠲᠤᠯ ᠥᠬᠡᠢ ᠤᠰᠤᠳᠦ᠋ᠷᠦᠭᠴᠢ ᠦᠢᠯᠡᠳᠬᠦ᠌ ᠲᠤᠷᠰᠢᠯᠲᠠ ᠶ᠋ᠢᠨ ᠴᠡᠭ ᠤ᠋ᠨ ᠵᠢᠱ᠌ᠢᠶ᠎ᠡ ᠦᠵᠡᠭᠦᠯᠬᠦ᠌ ᠲᠥᠷᠦᠯ ᠵᠦᠢᠯ ᠤ᠋ᠨ ᠠᠵᠢᠯ ᠢ᠋ ᠡᠩ ᠲᠡᠷᠢᠭᠦᠨ ᠳ᠋ᠤ ᠥᠷᠨᠢᠭᠦᠯᠵᠦ᠍᠂ ᠰᠠᠯᠬᠢᠨ ᠤ᠋ ᠬᠦᠴᠦᠨ ᠭᠡᠷᠡᠯᠴᠢ ᠴᠡᠨᠡᠭ ᠢ᠋ᠶ᠋ᠡᠷ ᠤᠰᠤᠳᠦ᠋ᠷᠦᠭᠴᠢ ᠦᠢᠯᠡᠳᠬᠦ ᠠᠵᠤ ᠦᠢᠯᠡᠰ ᠤ᠋ᠨ ᠬᠡᠪᠴᠢᠶᠡᠵᠢᠭᠰᠡᠨ ᠬᠥᠭᠵᠢᠯᠲᠡ ᠵᠢ ᠠᠬᠢᠭᠤᠯᠪᠠ᠃
2023 ᠣᠨ ᠤ᠋ 6 ᠰᠠᠷ᠎ᠠ ᠳ᠋ᠤ᠂ ᠮᠠᠨ ᠤ᠋ ᠤᠯᠤᠰ ᠤ᠋ᠨ ᠠᠩᠬᠠᠳᠠᠭᠴᠢ ᠲᠦᠮᠡᠨ ᠲᠣᠨ ᠤ᠋ ᠲᠠᠰ ᠤ᠋ᠨ ᠰᠢᠨ᠎ᠡ ᠡᠨᠧᠷᠭᠢ ᠶ᠋ᠢᠨ ᠤᠰᠤᠳᠦ᠋ᠷᠦᠭᠴᠢ ᠦᠢᠯᠡᠳᠬᠦ᠌ ᠲᠥᠷᠦᠯ ᠵᠦᠢᠯ — ᠣᠷᠳᠤᠰ ᠬᠤᠲᠠ ᠶ᠋ᠢᠨ ᠵᠡᠭᠦᠨᠭᠠᠷ ᠬᠤᠰᠢᠭᠤᠨ ᠤ᠋ ᠨᠠᠷᠠᠰᠤᠨ ᠬᠡᠷᠡᠯᠴᠢ ᠴᠡᠨᠡᠭ ᠢ᠋ᠶ᠋ᠡᠷ ᠤᠰᠤᠳᠦ᠋ᠷᠦᠭᠴᠢ ᠦᠢᠯᠡᠳᠬᠦ᠌ ᠵᠢᠱ᠌ᠢᠶ᠎ᠡ ᠦᠵᠡᠭᠦᠯᠬᠦ᠌ ᠲᠥᠷᠦᠯ ᠵᠦᠢᠯ ᠳ᠋ᠤ ᠲᠦᠷᠦᠭᠦᠦ ᠪᠦᠯᠦᠭ ᠤ᠋ᠨ ᠪᠣᠬᠢᠷᠲᠤᠯ ᠥᠬᠡᠢ ᠤᠰᠤᠳᠦ᠋ᠷᠦᠭᠴᠢ ᠵᠢ ᠠᠮᠵᠢᠯᠲᠠᠲᠠᠢ ᠦᠢᠯᠡᠳᠴᠦ ᠭᠠᠷᠭᠠᠪᠠ᠃ ᠪᠤᠭᠤᠲᠤ᠌ ᠬᠤᠲᠠ ᠶ᠋ᠢᠨ ᠳᠠᠷᠬᠠᠨ ᠮᠤᠤᠮᠢᠩᠭᠠᠨ ᠬᠤᠯᠪᠤᠭᠠᠲᠤ᠌ ᠬᠤᠰᠢᠭᠤᠨ ᠤ᠋ 20 ᠲᠦᠮᠡᠨ ᠺᠢᠯᠤᠸᠠᠲ ᠤ᠋ᠨ ᠰᠠᠯᠬᠢᠨ ᠤ᠋ ᠬᠦᠴᠦᠨ ᠭᠡᠷᠡᠯᠴᠢ ᠴᠡᠨᠡᠭ ᠢ᠋ᠶ᠋ᠡᠷ ᠤᠰᠤᠳᠦ᠋ᠷᠦᠭᠴᠢ ᠦᠢᠯᠡᠳᠬᠦ᠌ ᠵᠢᠱ᠌ᠢᠶ᠎ᠡ ᠦᠵᠡᠭᠦᠯᠬᠦ᠌ ᠲᠥᠷᠦᠯ ᠵᠦᠢᠯ ᠨᠢ ᠨᠢᠭᠡᠨᠲᠡ ᠬᠤᠶᠠᠷ ᠵᠢᠯ ᠲᠣᠭᠲᠠᠭᠤᠨ ᠢ᠋ᠶ᠋ᠡᠷ ᠠᠵᠢᠯᠯᠠᠵᠤ᠂ ᠰᠠᠯᠬᠢᠨ ᠤ᠋ ᠬᠦᠴᠦᠨ ᠢ᠋ᠶ᠋ᠡᠷ ᠴᠠᠬᠢᠯᠭᠠᠨ ᠭᠠᠷᠭᠠᠬᠤ ᠪᠠ ᠭᠡᠷᠡᠯᠴᠢ ᠴᠡᠨᠡᠭ ᠢ᠋ᠶ᠋ᠡᠷ ᠴᠠᠬᠢᠯᠭᠠᠨ ᠭᠠᠷᠭᠠᠬᠤ ᠵᠢ ᠤᠶᠠᠯᠳᠤᠭᠤᠯᠬᠤ ᠵᠠᠭᠪᠤᠷ ᠲᠦ᠍ ᠲᠦᠰᠢᠭᠯᠡᠨ ᠭᠡᠷᠡᠯᠴᠢ ᠴᠡᠨᠡᠭ ᠢ᠋ᠶ᠋ᠡᠷ ᠤᠰᠤᠳᠦ᠋ᠷᠦᠭᠴᠢ ᠦᠢᠯᠡᠳᠬᠦ ᠵᠢ ᠵᠥᠪᠬᠡᠨ ᠡᠳᠦᠷ ᠶᠠᠪᠤᠬᠳᠠᠭᠤᠯᠬᠤ ᠳᠤᠲᠠᠭᠤᠳᠠᠯ ᠢ᠋ ᠰᠢᠢᠳᠪᠦᠷᠢᠯᠡᠵᠦ᠍᠂ ᠬᠠᠷᠢᠴᠠᠩᠭᠤᠢ ᠲᠣᠭᠲᠠᠪᠤᠷᠢᠲᠠᠢ ᠦᠷᠭᠦᠯᠵᠢᠯᠡᠭᠰᠡᠨ ᠤᠰᠤᠳᠦ᠋ᠷᠦᠭᠴᠢ ᠬᠠᠩᠭᠠᠬᠤ ᠵᠢ ᠪᠠᠲᠤᠯᠠᠪᠠ ᠁
ᠳᠤᠮᠳᠠᠵᠢᠨ ᠬᠠᠳᠠᠭᠠᠯᠠᠬᠤ ᠲᠡᠭᠡᠭᠡᠪᠦᠷᠢᠯᠡᠬᠦ᠌ ᠭᠡᠰᠡᠭ ᠲᠦ᠍ ᠬᠡᠢ ᠲᠥᠯᠦᠪᠲᠦ᠂ ᠰᠢᠩᠭᠡᠨ ᠲᠥᠯᠦᠪᠲᠦ ᠪᠣᠯᠤᠨ ᠬᠠᠲᠠᠭᠤ ᠲᠥᠯᠦᠪᠲᠦ᠍ ᠭᠤᠷᠪᠠᠨ ᠶᠡᠬᠡ ᠤᠰᠤᠳᠦ᠋ᠷᠦᠭᠴᠢ ᠬᠠᠳᠠᠭᠠᠯᠠᠬᠤ ᠮᠡᠷᠭᠡᠵᠢᠯᠦᠨ ᠱᠤᠭᠤᠮ ᠢ᠋ ᠴᠥᠮ ᠪᠠᠢᠷᠢᠯᠠᠭᠤᠯᠤᠬᠰᠠᠨ ᠪᠥᠭᠡᠳ ᠲᠠᠰᠤᠷᠠᠯᠲᠠᠦᠭᠡᠢ ᠰᠢᠨ᠎ᠡ ᠠᠬᠢᠴᠠ ᠲᠠᠢ ᠪᠣᠯᠵᠠᠢ᠄ ᠳᠡᠯᠡᠬᠡᠢ ᠶ᠋ᠢᠨ ᠠᠩᠬᠠᠳᠠᠭᠴᠢ ᠬᠠᠲᠠᠭᠤ ᠲᠥᠯᠦᠪᠲᠦ᠍ ᠳᠣᠤᠷ᠎ᠠ ᠳᠠᠷᠤᠯᠲᠠᠲᠤ᠌ ᠤᠰᠤᠳᠦ᠋ᠷᠦᠭᠴᠢ ᠬᠠᠳᠠᠭᠠᠯᠠᠬᠤ ᠦᠢᠯᠡᠳᠪᠦᠷᠢᠯᠡᠯᠦᠨ ᠱᠤᠭᠤᠮ ᠪᠤᠭᠤᠲᠤ ᠳ᠋ᠤ ᠠᠰᠢᠭᠯᠠᠯᠲᠠ ᠳ᠋ᠤ ᠣᠷᠤᠪᠠ; ᠪᠦᠬᠦ᠌ ᠤᠯᠤᠰ ᠤ᠋ᠨ ᠠᠩᠬᠠᠳᠠᠭᠴᠢ ᠮᠤᠵᠢ ᠣᠷᠤᠨ ᠠᠯᠤᠰᠯᠠᠭᠰᠠᠨ ᠤᠰᠤᠳᠦ᠋ᠷᠦᠭᠴᠢ ᠳᠠᠮᠵᠢᠭᠤᠯᠬᠤ ᠤᠷᠳᠤ ᠬᠣᠭᠤᠯᠠᠢ — ᠳᠤᠮᠳᠠᠳᠤ ᠤᠯᠤᠰ ᠤ᠋ᠨ ᠴᠢᠯᠠᠭᠤᠨ ᠲᠣᠰᠤ ᠪᠠ ᠬᠢᠮᠢ ᠶ᠋ᠢᠨ ᠠᠵᠤ ᠦᠢᠯᠡᠳᠪᠦᠷᠢ ᠶ᠋ᠢᠨ ᠪᠦᠯᠦᠭᠯᠡᠯ ᠤ᠋ᠨ ᠤᠯᠠᠭᠠᠨᠴᠠᠪ ᠡᠴᠡ ᠪᠡᠭᠡᠵᠢᠩ ᠲᠢᠶᠠᠨᠵᠢᠨ ᠾᠧᠪᠸᠢ ᠬᠦᠷᠬᠦ᠌ ᠤᠰᠤᠳᠦ᠋ᠷᠦᠭᠴᠢ ᠳᠠᠮᠵᠢᠭᠤᠯᠬᠤ ᠬᠣᠭᠤᠯᠠᠢ ᠶ᠋ᠢᠨ ᠪᠦᠲᠦᠭᠡᠨ ᠪᠠᠢᠭᠤᠯᠤᠯᠲᠠ ᠶᠠᠭ ᠡᠮᠦᠨᠡᠬᠢ ᠬᠤᠭᠤᠴᠠᠭᠠᠨ ᠤ᠋ ᠠᠵᠢᠯ ᠢ᠋ ᠦᠷᠨᠢᠭᠦᠯᠵᠦ ᠪᠤᠢ; ᠥᠪᠦᠷ ᠮᠣᠩᠭᠤᠯ ᠤ᠋ᠨ ᠠᠩᠬᠠᠳᠠᠭᠴᠢ ᠴᠤᠬᠤᠯᠠᠪᠤᠷᠢᠯᠠᠨ ᠵᠦᠪᠰᠢᠶᠡᠷᠡᠭᠰᠡᠨ ᠪᠣᠬᠢᠷᠲᠤᠯ᠎ᠦᠭᠡᠢ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠶ᠋ᠢᠨ ᠲᠥᠷᠦᠯ ᠵᠦᠢᠯ — ᠳᠠᠷᠬᠠᠨ ᠮᠤᠤᠮᠢᠩᠭᠠᠨ ᠬᠤᠯᠪᠤᠭᠠᠲᠤ᠌ ᠬᠤᠰᠢᠭᠤ ᠡᠴᠡ ᠪᠤᠭᠤᠲᠤ᠌ ᠬᠤᠲᠠ ᠶ᠋ᠢᠨ ᠲᠤᠭᠤᠷᠢᠭ ᠬᠦᠷᠬᠦ 195 ᠺᠢᠯᠤᠮᠧᠲᠷ ᠤ᠋ᠨ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠨᠢᠭᠡᠨᠲᠡ ᠪᠦᠬᠦ᠌ ᠱᠤᠭᠤᠮ ᠢ᠋ᠶ᠋ᠡᠷ ᠨᠠᠪᠲᠠᠷᠠᠵᠤ ᠤᠳᠠᠯ ᠦᠭᠡᠢ ᠠᠰᠢᠭᠯᠠᠯᠲᠠ ᠳ᠋ᠤ ᠣᠷᠤᠬᠤ ᠪᠡᠷ ᠪᠤᠢ ᠁
ᠡᠴᠤᠰᠤᠨ ᠬᠡᠷᠡᠭᠯᠡᠭᠡᠨ ᠤ᠋ ᠭᠡᠰᠡᠭ ᠲᠦ᠍ ᠪᠤᠬᠢᠷᠲᠤᠯ ᠦᠭᠡᠢ ᠤᠰᠤᠳᠦ᠋ᠷᠦᠭᠴᠢ ᠵᠢ ᠵᠠᠮ ᠬᠠᠷᠢᠯᠴᠠᠭ᠎ᠠ᠂ ᠬᠢᠮᠢ ᠶ᠋ᠢᠨ ᠠᠵᠤ ᠦᠢᠯᠡᠳᠪᠦᠷᠢ᠂ ᠴᠠᠬᠢᠯᠭᠠᠨ ᠬᠦᠴᠦᠨ ᠵᠡᠷᠭᠡ ᠬᠦᠷᠢᠶᠡᠨ ᠳ᠋ᠤ ᠠᠯᠬᠤᠮ ᠠᠯᠬᠤᠮ ᠢ᠋ᠶ᠋ᠡᠷ ᠳᠡᠯᠭᠡᠷᠡᠭᠦᠯᠦᠨ ᠬᠡᠷᠡᠭᠯᠡᠵᠦ᠍᠂ ᠪᠠᠶ᠋ᠢᠭᠠᠯᠢ ᠶ᠋ᠢᠨ ᠰᠢᠲᠠᠮᠠᠬᠠᠢ ᠬᠡᠢ ᠳ᠋ᠤ ᠤᠰᠤᠳᠦ᠋ᠷᠦᠭᠴᠢ ᠬᠤᠯᠢᠬᠤ᠂ ᠪᠣᠬᠢᠷᠲᠤᠯ᠎ᠦᠭᠡᠢ ᠤᠰᠤᠳᠦ᠋ᠷᠦᠭᠴᠢᠲᠦ᠍ ᠰᠢᠪᠲᠤᠷᠲᠤ ᠠᠯᠺᠤᠤᠯ ᠢ᠋ ᠡᠩ ᠲᠡᠷᠢᠭᠦᠨ ᠳ᠋ᠤ ᠵᠢᠱ᠌ᠢᠶ᠎ᠡ ᠦᠵᠡᠭᠦᠯᠦᠨ ᠬᠡᠷᠡᠭᠯᠡᠬᠦ ᠶ᠋ᠢᠨ ᠬᠠᠮᠲᠤ᠌ ᠲᠣᠭᠲᠠᠭᠤᠨ ᠢ᠋ᠶ᠋ᠡᠷ ᠠᠵᠢᠯᠯᠠᠭᠤᠯᠬᠤ ᠵᠢ ᠪᠡᠶᠡᠯᠡᠭᠦᠯᠪᠡ᠃
ᠡᠨᠡ ᠵᠢᠯ ᠤ᠋ᠨ 9 ᠰᠠᠷ᠎ᠠ ᠳ᠋ᠤ ᠪᠥᠬᠦ᠌ ᠪᠥᠮᠪᠦᠷᠴᠡᠭ ᠤ᠋ᠨ ᠬᠠᠮᠤᠭ ᠤ᠋ᠨ ᠶᠡᠭᠡ ᠪᠣᠬᠢᠷᠲᠤᠯ ᠥᠬᠡᠢ ᠮᠧᠲ᠋ᠢᠯ ᠠᠯᠺᠤᠤᠯ ᠤ᠋ᠨ ᠲᠥᠷᠦᠯ ᠵᠦᠢᠯ — ᠥᠪᠦᠷ ᠮᠣᠩᠭᠤᠯ ᠤ᠋ᠨ ᠪᠣᠬᠢᠷᠲᠤᠯ ᠥᠬᠡᠢ ᠤᠰᠤᠳᠦ᠋ᠷᠦᠭᠴᠢ ᠪᠡᠷ 145 ᠲᠦᠮᠡᠨ ᠲᠣᠨ ᠪᠣᠬᠢᠷᠲᠤᠯ ᠥᠬᠡᠢ ᠮᠧᠲ᠋ᠢᠯ ᠠᠯᠺᠤᠤᠯ ᠦᠢᠯᠡᠳᠬᠦ ᠲᠥᠷᠦᠯ ᠵᠦᠢᠯ ᠤ᠋ᠨ ᠲᠦᠷᠦᠬᠦᠤ ᠪᠦᠯᠦᠭ ᠦᠢᠯᠡᠳᠬᠦᠨ ᠢ᠋ ᠤᠷᠤᠭᠰᠢᠲᠠᠢ ᠪᠡᠷ ᠭᠠᠳᠠᠭᠠᠳᠤ ᠳ᠋ᠤ ᠭᠠᠷᠭᠠᠪᠠ᠃ ᠪᠤᠭᠤᠲᠤ᠌ ᠬᠤᠳᠠ ᠳ᠋ᠤ ᠤᠰᠤᠳᠦ᠋ᠷᠦᠭᠴᠢ ᠡᠨᠧᠷᠭᠢ ᠶ᠋ᠢᠨ ᠵᠠᠮ ᠬᠠᠷᠢᠯᠴᠠᠭᠠᠨ ᠤ᠋ ᠬᠦᠷᠢᠶᠡᠨ ᠳ᠋ᠡᠬᠢ ᠬᠡᠷᠡᠭᠯᠡᠯᠲᠡ ᠨᠢᠭᠡᠨᠲᠡ ᠬᠡᠪᠴᠢᠶᠡᠵᠢᠪᠡ᠃ ᠰᠢᠯᠢ ᠶ᠋ᠢᠨ ᠭᠣᠤᠯ ᠠᠢᠮᠠᠭ ᠲᠦ᠍ ᠤᠯᠤᠰ ᠤ᠋ᠨ ᠳᠣᠲᠤᠭᠠᠳᠤ ᠶ᠋ᠢᠨ ᠠᠩᠬᠠᠳᠠᠭᠴᠢ ᠳᠤᠮᠳᠠ ᠲᠣᠮᠤ ᠬᠡᠯᠪᠡᠷᠢ ᠶ᠋ᠢᠨ ᠰᠠᠯᠬᠢᠨ ᠤ᠋ ᠬᠦᠴᠦᠨ ᠭᠡᠷᠡᠯᠴᠢ ᠴᠡᠨᠡᠭ ᠢ᠋ᠶ᠋ᠡᠷ ᠤᠰᠤᠳᠦ᠋ᠷᠦᠭᠴᠢ ᠦᠢᠯᠡᠳᠬᠦ᠌ ᠬᠢᠭᠡᠳ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ ᠶ᠋ᠢ ᠭᠦᠨ ᠠᠭᠤᠰᠤᠯᠴᠠᠭᠤᠯᠤᠬᠰᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠵᠢᠱ᠌ᠢᠶ᠎ᠡ ᠦᠵᠡᠭᠦᠯᠬᠦ᠌ ᠲᠥᠷᠦᠯ ᠵᠦᠢᠯ — ᠳ᠋ᠠ ᠲᠠᠩ ᠪᠦᠯᠦᠭᠯᠡᠯ ᠤ᠋ᠨ ᠳᠤᠯᠤᠨ ᠨᠤᠤᠷ ᠤ᠋ᠨ 15 ᠲᠦᠮᠡᠨ ᠺᠢᠯᠤᠸᠠᠲ ᠤ᠋ᠨ ᠰᠠᠯᠬᠢᠨ ᠤ᠋ ᠬᠦᠴᠦᠨ ᠭᠡᠷᠡᠯᠴᠢ ᠴᠡᠨᠡᠭ ᠢ᠋ᠶ᠋ᠡᠷ ᠤᠰᠤᠳᠦ᠋ᠷᠦᠭᠴᠢ ᠦᠢᠯᠡᠳᠬᠦ᠌ ᠵᠢ ᠨᠢᠭᠡ ᠴᠣᠭᠴᠠᠵᠢᠭᠤᠯᠤᠬᠰᠠᠨ ᠵᠢᠱ᠌ᠢᠶ᠎ᠡ ᠦᠵᠡᠭᠦᠯᠬᠦ᠌ ᠲᠥᠷᠦᠯ ᠵᠦᠢᠯ ᠢ᠋ ᠨᠢᠭᠡᠨᠲᠡ ᠠᠮᠵᠢᠯᠲᠠ ᠲᠠᠢ ᠪᠠᠷ ᠲᠣᠤᠷ ᠲᠦ᠍ ᠵᠠᠯᠭᠠᠪᠠ ᠁
ᠣᠳᠤᠬᠠᠨ ᠳ᠋ᠤ ᠥᠪᠦᠷ ᠮᠣᠩᠭᠤᠯ ᠤ᠋ᠨ ᠪᠣᠬᠢᠷᠲᠤᠯ ᠥᠬᠡᠢ ᠤᠰᠤᠳᠦ᠋ᠷᠦᠭᠴᠢ ᠶ᠋ᠢᠨ 《ᠦᠢᠯᠡᠳᠬᠦ ᠬᠠᠳᠠᠭᠠᠯᠠᠬᠤ ᠲᠡᠭᠡᠭᠡᠪᠦᠷᠢᠯᠡᠬᠦ᠌ ᠬᠡᠷᠡᠭᠯᠡᠬᠦ᠌》 ᠪᠥᠬᠦ᠌ ᠠᠵᠤ ᠦᠢᠯᠡᠰ ᠤ᠋ᠨ ᠬᠡᠯᠬᠢᠶ᠎ᠡ ᠠᠩᠬ᠎ᠠ ᠠᠯᠬᠤᠮ ᠪᠦᠷᠢᠯᠳᠦᠵᠦ᠍᠂ ᠵᠢᠯ ᠤ᠋ᠨ ᠪᠣᠬᠢᠷᠲᠤᠯ ᠥᠬᠡᠢ ᠤᠰᠤᠳᠦ᠋ᠷᠦᠭᠴᠢ ᠶ᠋ᠢᠨ ᠦᠢᠯᠡᠳᠪᠦᠷᠢᠯᠡᠬᠦ᠌ ᠴᠢᠳᠠᠪᠤᠷᠢ 8 ᠲᠦᠮᠡᠨ ᠲᠣᠨ ᠳ᠋ᠤ ᠬᠦᠷᠴᠦ᠍᠂ ᠪᠥᠬᠦ᠌ ᠤᠯᠤᠰ ᠲᠦ᠍ ᠲᠦᠷᠦᠭᠦᠯᠡᠪᠡ᠃
ᠢᠷᠡᠭᠡᠳᠦᠢ ᠳ᠋ᠤ ᠥᠪᠦᠷ ᠮᠣᠩᠭᠤᠯ 7 ᠠᠶ᠋ᠢᠮᠠᠭ ᠬᠤᠲᠠ ᠶ᠋ᠢᠨ ᠤᠰᠤᠳᠦ᠋ᠷᠦᠭᠴᠢ ᠡᠨᠧᠷᠭᠢ ᠶ᠋ᠢᠨ ᠶᠡᠷᠦᠩᠬᠡᠶ᠋ᠢᠯᠡᠭᠰᠡᠨ ᠬᠡᠷᠡᠭᠯᠡᠭᠡᠨ ᠤ᠋ ᠲᠤᠷᠰᠢᠯᠲᠠ ᠶ᠋ᠢᠨ ᠴᠡᠭ ᠢ᠋ᠶ᠋ᠡᠷ ᠠᠵᠠ ᠲᠣᠬᠢᠶᠠᠯ ᠪᠣᠯᠭᠠᠨ᠂《ᠦᠢᠯᠡᠳᠬᠦ ᠬᠠᠳᠠᠭᠠᠯᠠᠬᠤ ᠲᠡᠭᠡᠭᠡᠪᠦᠷᠢᠯᠡᠬᠦ᠌ ᠬᠡᠷᠡᠭᠯᠡᠬᠦ᠌》 ᠪᠥᠬᠦ᠌ ᠬᠡᠯᠬᠢᠶ᠎ᠡ ᠳᠡᠭᠡᠷ᠎ᠡ ᠦᠷᠭᠦᠯᠵᠢᠯᠡᠨ ᠰᠢᠪᠲᠤᠯᠤᠯᠲᠠ ᠭᠠᠷᠭᠠᠵᠤ᠂ ᠪᠥᠬᠦ᠌ ᠤᠯᠤᠰ ᠤ᠋ᠨ ᠡᠬᠢ ᠪᠠᠶᠠᠯᠢᠭ ᠤ᠋ᠨ ᠬᠡᠯᠪᠡᠷᠢ ᠶ᠋ᠢᠨ ᠭᠠᠵᠠᠷ ᠣᠷᠤᠨ ᠤ᠋ ᠪᠣᠬᠢᠷᠲᠤᠯ ᠥᠬᠡᠢ ᠪᠠᠭ᠎ᠠ ᠨᠡᠭᠦᠷᠡᠰᠦᠲᠦᠢ᠍ᠷᠦᠭᠴᠢᠲᠦ ᠲᠡᠢᠰᠢ ᠬᠡᠯᠪᠡᠷᠢ ᠪᠠᠨ ᠬᠤᠪᠢᠷᠠᠭᠤᠯᠬᠤ ᠳ᠋ᠤ ᠰᠢᠨ᠎ᠡ ᠵᠠᠮ ᠨᠡᠭᠡᠭᠡᠵᠦ᠂ ᠬᠡᠪ ᠳᠠᠭᠤᠷᠢᠶᠠᠯ ᠦᠵᠡᠭᠦᠯᠬᠦ ᠪᠡᠷ ᠬᠦᠴᠦᠯᠡᠨ ᠴᠢᠷᠮᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃