2026-11-19 10:32:43
(2026 ᠣᠨ᠎ᠤ 11 ᠰᠠᠷ᠎ᠠ᠎ᠶᠢᠨ 18 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ
ᠬᠤᠷᠢᠶ᠎ᠠ ᠵᠢᠨ ᠠᠷᠪᠠᠨ ᠭᠤᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠡᠴᠡ ᠪᠠᠲᠤᠯᠠᠪᠠ)
ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠷᠪᠠᠨ ᠭᠤᠷᠪᠠᠳᠤᠭᠠᠷ ᠤᠳᠠᠭ᠎ᠠ ᠵᠢᠨ ᠪᠥᠬᠦᠳᠡ ᠬᠤᠷᠠᠯ 2026 ᠣᠨ᠎ᠤ 11 ᠰᠠᠷ᠎ᠠ᠎ᠶᠢᠨ 17 ᠡᠴᠡ 18 ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠪᠠ᠃
ᠡᠨᠡ ᠤᠳᠠᠭ᠎ᠠ ᠵᠢᠨ ᠪᠦᠭᠦᠳᠡ ᠬᠤᠷᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠭᠡᠰᠢᠭᠦᠨ 74 ᠬᠥᠮᠦᠨ᠂ ᠣᠷᠣᠯᠠᠭᠴᠢ ᠭᠡᠰᠢᠭᠦᠨ 3 ᠬᠥᠮᠦᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠰᠠᠬᠢᠯᠭ᠎ᠠ ᠪᠠᠲᠤ᠌ ᠪᠠᠶ᠋ᠢᠴᠠᠭᠠᠬᠤ ᠬᠤᠷᠢᠶ᠎ᠠ ᠵᠢᠨ ᠪᠠᠶ᠋ᠢᠩᠭᠤ᠎ᠶᠢᠨ ᠭᠡᠰᠢᠭᠦᠨ ᠬᠢᠨᠠᠨ ᠪᠠᠶ᠋ᠢᠴᠠᠭᠠᠬᠤ ᠵᠥᠪᠯᠡᠯ᠎ᠦᠨ ᠭᠡᠰᠢᠭᠦᠨ ᠪᠣᠯᠤᠨ ᠬᠣᠯᠪᠣᠭᠳᠠᠯ ᠪᠦᠬᠦᠢ ᠲᠠᠯ᠎ᠠ᠎ᠶᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠡᠰᠡᠭ ᠭᠣᠣᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠡᠰᠡᠭ ᠦᠨᠳᠦᠰᠦᠨ ᠱᠠᠲᠤᠨ᠎ᠤ ᠲᠥᠯᠥᠭᠡᠯᠡᠭᠴᠢ ᠬᠤᠷᠠᠯ᠎ᠳᠤ ᠰᠤᠯᠠ ᠣᠷᠣᠯᠴᠠᠵᠠᠢ᠃

11 ᠰᠠᠷ᠎ᠠ᠎ᠶᠢᠨ 17 ᠤ᠋ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠸᠠᠩ ᠸᠧᠢ ᠵᠥᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠠᠷᠪᠠᠨ ᠭᠤᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ ᠤᠨ ᠠᠩᠬᠠᠳᠤᠭᠠᠷ ᠪᠥᠬᠥᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
ᠲᠤᠰ ᠰᠣᠨᠢᠨ᠎ᠤ ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠪᠥᠬᠥᠳᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠣᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶᠢᠨ ᠱᠦᠵᠢ ᠸᠠᠩ ᠸᠧᠢ ᠵᠦᠩ ᠶᠠᠷᠢᠶ᠎ᠠ ᠲᠠᠯᠪᠢᠵᠠᠢ᠃
ᠪᠦᠬᠦᠳᠡ ᠬᠤᠷᠠᠯ᠎ᠡᠴᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ᠎ᠢ 2026 ᠣᠨ᠎ᠤ 11 ᠰᠠᠷ᠎ᠠ᠎ᠶᠢᠨ 27 ᠤ᠋ ᠡᠳᠦᠷ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭᠲᠠᠪᠠ᠃
ᠪᠥᠬᠥᠳᠡ ᠬᠤᠷᠠᠯ᠎ᠡᠴᠡ ᠸᠠᠩ ᠸᠧᠶ ᠵᠥᠩ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠤᠷᠢᠶ᠎ᠠ ᠵᠢᠨ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠭᠡᠯ᠎ᠢ ᠰᠣᠨᠣᠰᠴᠤ ᠶᠠᠷᠢᠯᠴᠠᠪᠠ᠃ ᠪᠥᠬᠥᠳᠡ ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠵᠤ᠂ 《ᠶᠡᠷᠦᠩᠬᠡᠶ ᠱᠦᠵᠢ ᠰᠢ ᠵᠢᠨ ᠫᠢᠩ ᠦᠨ ᠤᠯᠠᠭᠠᠨᠴᠠᠪ ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭᠠᠯ》᠂《ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭᠠᠯ 》 ᠢ᠋ ᠬᠢᠨᠠᠨ ᠵᠥᠪᠯᠡᠵᠦ᠍ ᠪᠠᠲᠤᠯᠠᠪᠠ᠃ ᠪᠥᠬᠥᠳᠡ ᠬᠤᠷᠠᠯ᠎ᠡᠴᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠳᠤ ᠬᠢᠬᠦ᠌ ᠢᠯᠡᠳᠭᠡᠯ ᠢ ᠶᠠᠷᠢᠯᠴᠠᠨ ᠪᠠᠲᠤᠯᠠᠵᠤ ᠂ ᠳᠤᠮᠳᠠᠳᠤ ᠤᠯᠤᠰ ᠤᠨ ᠡᠪ ᠬᠠᠮᠲᠤ᠌ ᠨᠠᠮ ᠤᠨ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠬᠢᠬᠦ᠌ ᠠᠵᠢᠯ᠎ᠤᠨ ᠮᠡᠳᠡᠭᠦᠯᠦᠯᠲᠡ ᠵᠢ ᠶᠠᠷᠢᠯᠴᠠᠨ ᠪᠠᠲᠤᠯᠠᠵᠤ᠂ ᠡᠨᠡ ᠬᠣᠶᠠᠷ ᠮᠡᠳᠡᠭᠦᠯᠦᠯᠲᠡ᠎ᠶᠢ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠳᠡᠪᠰᠢᠭᠦᠯᠦᠨ ᠬᠢᠨᠠᠨ ᠪᠠᠶ᠋ᠢᠴᠠᠭᠠᠯᠭᠠᠬᠤᠪᠠᠷ ᠲᠣᠭᠲᠠᠪᠠ᠃ ᠸᠠᠩ ᠸᠧᠢ ᠵᠦᠩ ᠡᠴᠡ 2 《ᠲᠣᠭᠲᠠᠭᠠᠯ (ᠶᠠᠷᠢᠯᠴᠠᠬᠤ ᠨᠤᠤᠷᠠᠭ)》᠂ ᠳᠤᠮᠳᠠᠳᠤ ᠤᠯᠤᠰ᠎ᠤᠨ ᠡᠪ ᠬᠠᠮᠲᠤ᠌ ᠨᠠᠮ ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠢ᠎ᠠ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠬᠢᠬᠦ᠌ ᠢᠯᠡᠳᠭᠡᠯ᠎ᠤᠨ ᠶᠠᠷᠢᠯᠴᠠᠬᠤ ᠨᠤᠤᠷᠠᠭ᠎ᠤᠨ ᠲᠤᠬᠠᠢ ᠪᠦᠬᠦᠳᠡ ᠬᠤᠷᠠᠯ ᠳᠤ ᠲᠣᠳᠣᠷᠬᠠᠶ᠋ᠢᠯᠠᠯᠲᠠ ᠬᠢᠵᠦ᠍᠂ ᠸᠠᠩ ᠽᠢ ᠯᠢᠶᠠᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠢ᠎ᠠ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠬᠢᠬᠦ᠌ ᠠᠵᠢᠯ᠎ᠤᠨ ᠮᠡᠳᠡᠭᠦᠯᠦᠯᠲᠡ ᠶᠢᠨ ᠶᠠᠷᠢᠯᠴᠠᠬᠤ ᠨᠤᠤᠷᠠᠭ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶ᠋ᠢᠯᠠᠯᠲᠠ ᠬᠢᠪᠡ᠃

11 ᠰᠠᠷ᠎ᠠ᠎ᠶᠢᠨ 17 ᠡᠴᠡ 18 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠠᠷᠪᠠᠨ ᠭᠤᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃
ᠲᠤᠰ ᠰᠣᠨᠢᠨ᠎ᠤ ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠪᠥᠬᠥᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠤᠳᠠᠭ᠎ᠠ ᠵᠢᠨ ᠪᠥᠬᠥᠳᠡ ᠬᠤᠷᠠᠯ᠎ᠡᠴᠡ ᠨᠠᠭᠠᠰᠢᠬᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠤᠷᠢᠶ᠎ᠠ ᠵᠢᠨ ᠠᠵᠢᠯ ᠢ ᠭᠦᠢᠴᠡᠳ ᠨᠤᠲᠠᠯᠠᠪᠠ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠣᠷᠢᠢ᠎ᠠ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠂ ᠲᠠᠪᠤᠳᠤᠭᠠᠷ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭᠠᠢ ᠨᠠᠢᠳᠠᠪᠦᠷᠢᠵᠢᠭᠤᠯᠵᠤ᠂ ᠰᠢ ᠵᠢᠨ ᠫᠢᠩ ᠦᠨ ᠨᠠᠮ ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠦᠷᠭᠦᠯᠵᠢᠯᠡᠨ ᠪᠠᠲᠤ ᠴᠤᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠵᠤ᠂ ᠲᠠᠪᠤᠨ ᠶᠡᠬᠡ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢᠷᠡᠭᠦᠯᠦᠨ ᠨᠠᠶ᠋ᠢᠳᠠᠪᠤᠷᠢᠵᠢᠭᠤᠯᠵᠤ᠂ ᠠᠵᠤ ᠠᠬᠤᠶ᠎ᠶᠢᠨ ᠦᠷᠭᠦᠯᠵᠢᠯᠡᠨ ᠰᠢᠨ᠎ᠡ ᠰᠢᠯᠢᠳᠡᠭ ᠲᠡᠢᠰᠢ ᠰᠠᠢᠵᠢᠷᠠᠨ ᠬᠥᠭᠵᠢᠬᠦ᠌᠎ᠶᠢ ᠠᠬᠢᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠠᠶ᠋ᠢᠲᠤᠷ ᠬᠢᠵᠦ᠂ ᠠᠷᠠᠳ᠎ᠤᠨ ᠠᠮᠢᠳᠤᠷᠠᠯ᠎ᠢ ᠯᠠᠪᠳᠠᠭᠤᠨ ᠪᠠᠲᠤᠲᠠᠢ ᠪᠠᠲᠤᠯᠠᠨ ᠰᠠᠶ᠋ᠢᠵᠢᠷᠠᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠵᠤ᠂ ᠪᠥᠬᠥ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠰᠢᠨ᠎ᠡ ᠠᠬᠢᠯᠲᠠ᠎ᠲᠠᠶ ᠪᠣᠯᠵᠣ ᠰᠢᠨ᠎ᠡ ᠦᠷ᠎ᠡ ᠪᠦᠲᠦᠮᠵᠢ ᠤᠯᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃
ᠪᠦᠭᠦᠳᠡ ᠬᠤᠷᠠᠯ ᠡᠴᠡ᠂ ᠶᠡᠷᠦᠩᠬᠡᠢ ᠱᠦᠵᠢ ᠰᠢ᠎ᠶᠢᠨ ᠫᠢᠩ ᠢᠮᠠᠭᠲᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠭᠦᠨ ᠰᠡᠳᠬᠢᠯᠭᠡ᠎ᠲᠠᠢ᠎ᠪᠡᠷ ᠰᠠᠨᠠᠭᠠᠯᠵᠠᠵᠤ᠂ ᠥᠪᠥᠷ ᠮᠣᠩᠭᠣᠯ᠎ᠤᠨ ᠬᠥᠭᠵᠢᠯᠲᠡ᠎ᠶᠢᠨ ᠲᠤᠬᠠᠢ ᠴᠠᠭ ᠢᠮᠠᠭᠲᠠ ᠰᠠᠨᠠᠭ᠎ᠠ ᠲᠠᠯᠪᠢᠵᠦ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ ᠬᠤᠷᠠᠯᠳᠤᠬᠤ ᠡᠴᠡ ᠡᠮᠦᠨ᠎ᠡ ᠮᠠᠨ᠎ᠤ ᠣᠷᠣᠨ᠎ᠳᠤ ᠳᠠᠬᠢᠨᠲᠠ ᠬᠦᠷᠴᠦ ᠰᠢᠨᠵᠢᠯᠡᠨ ᠪᠠᠢᠴᠠᠭᠠᠭᠰᠠᠨ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ᠎ᠶᠢᠨ ᠥᠪᠥᠷ ᠮᠣᠩᠭᠣᠯ᠎ᠳᠤ ᠦᠵᠡᠭᠦᠯᠦᠭᠰᠡᠨ ᠭᠦᠨ ᠵᠤᠵᠠᠭᠠᠨ ᠬᠠᠯᠠᠮᠵᠢᠯᠠᠯ ᠪᠠ ᠭᠦᠨ ᠵᠤᠵᠠᠭᠠᠨ ᠬᠠᠢᠷ᠎ᠠ ᠬᠠᠯᠠᠮᠵᠢ᠎ᠶᠢ ᠭᠦᠢᠴᠡᠳ ᠬᠠᠷᠠᠭᠤᠯᠵᠠᠢ᠃ ᠪᠦᠭᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ 《ᠬᠣᠶᠠᠷ ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠨᠨ ᠴᠢᠩᠭᠠᠳᠬᠠᠵᠤ᠂ 《ᠲᠦᠷᠪᠡᠨ ᠢᠲᠡᠭᠡᠯ》 ᠵᠢᠨᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ᠎ᠶᠢᠨ ᠫᠢᠩ ᠤ᠋ᠨ ᠬᠠᠢᠷ᠎ᠠ ᠬᠠᠯᠠᠮᠵᠢ᠎ᠶᠢ ᠦᠨᠡᠨᠬᠦ ᠠᠴᠢ ᠬᠠᠷᠢᠭᠤᠯᠠᠵᠤ ᠡᠷᠡᠮᠡᠬᠡᠢᠯᠡᠨ ᠤᠷᠤᠭᠰᠢᠯᠠᠬᠤ᠎ᠶᠢᠨ ᠳᠠᠭᠤᠰᠤᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠩ ᠦᠨᠡᠨᠴᠢ ᠨᠠᠶ᠋ᠢᠳᠠᠯᠭ᠎ᠠ᠎ᠶᠢ ᠡᠯ᠎ᠡ ᠲᠦᠷᠦᠯ᠎ᠦᠨ ᠦᠢᠯᠡᠰ᠎ᠦᠨ ᠬᠥᠭᠵᠢᠯᠲᠡ᠎ᠶᠢ ᠠᠬᠢᠭᠤᠯᠬᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠨᠬᠤ ᠭᠡᠷᠡᠭᠲᠡᠢ᠃ ᠥᠨᠳᠥᠷ ᠪᠦᠲᠦᠮᠵᠢᠲᠡᠢ᠂ ᠪᠣᠬᠢᠷᠳᠤᠯ ᠦᠭᠡᠢ᠂ ᠠᠮᠤᠷ ᠲᠦᠪᠰᠢᠨ᠎ᠦ ᠱᠠᠭᠠᠷᠳᠠᠯᠭ᠎ᠠ ᠶᠣᠰᠣᠭᠠᠷ᠂ ᠪᠣᠬᠢᠷᠳᠤᠯ ᠦᠭᠡᠢ ᠪᠣᠳᠣᠯᠳᠠ᠎ᠶᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠢᠳᠡᠪᠬᠢᠲᠡᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ᠃ ᠭᠠᠷᠤᠯᠲᠠ᠎ᠶᠢᠨ ᠬᠡᠮᠵᠢᠶ᠎ᠡ ᠪᠠ ᠦᠢᠯᠡᠳᠪᠦᠷᠢᠯᠡᠯ᠎ᠦᠨ ᠴᠢᠳᠠᠪᠤᠷᠢ᠂ ᠦᠢᠯᠡᠳᠪᠦᠷᠢᠯᠡᠯ ᠠᠮᠢ ᠠᠬᠤᠢ᠂ ᠭᠠᠷᠤᠯᠲᠠ᠎ᠪᠠᠨ ᠨᠡᠮᠡᠭᠳᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ᠎ᠶᠢ ᠵᠡᠷᠭᠡ ᠪᠡᠷ ᠠᠳᠬᠤᠬᠤ᠎ᠶᠢ ᠪᠠᠷᠢᠮᠲᠠᠯᠠᠵᠤ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ ᠪᠦᠲᠦᠭᠡᠭᠳᠡᠬᠦᠨ ᠤ ᠦᠢᠯᠡᠳᠪᠦᠷᠢᠯᠡᠯ᠎ᠦᠨ ᠰᠠᠭᠤᠷᠢᠨ᠎ᠢ ᠪᠠᠢᠭᠤᠯᠤᠨ ᠬᠦᠴᠦᠷᠬᠡᠭᠵᠢᠭᠦᠯᠵᠦ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠨᠠᠩ ᠰᠠᠢᠲᠤᠷ ᠪᠠᠲᠤᠯᠠᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ᠎ᠵᠢ ᠨᠢ ᠨᠡᠮᠡᠭᠳᠡᠭᠦᠯᠦᠨ ᠪᠠᠶᠠᠵᠢᠭᠤᠯᠬᠤ ᠭᠡᠷᠡᠭᠲᠡᠢ᠃ ᠨᠠᠮ ᠤᠨ ᠲᠥᠪ ᠬᠣᠷᠢᠶ᠎ᠠ ᠵᠢᠨ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠪᠠ ᠲᠥᠯᠦᠪᠵᠢᠭᠦᠯᠭᠡ ᠶᠢᠨ ᠪᠠᠢᠷᠢᠯᠠᠭᠤᠯᠤᠯᠲᠠ᠎ᠪᠡᠷ ᠪᠠᠷᠢᠮᠵᠢᠶᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠤᠬᠴᠠᠯᠠᠬᠤ᠎ᠪᠠᠷ ᠭᠣᠣᠯ ᠰᠢᠵᠢᠮ ᠪᠤᠯᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠬᠤ ᠭᠡᠷᠡᠭᠲᠡᠢ᠃ ᠰᠢ᠎ᠶᠢᠨ ᠫᠢᠩ ᠤ᠋ᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠂ ᠠᠵᠤ ᠠᠬᠤᠢᠯᠠᠯ ᠪᠣᠯᠣᠨ ᠡᠯ᠎ᠡ ᠲᠥᠷᠥᠯ᠎ᠤᠨ ᠴᠢᠳᠠᠪᠤᠷᠢᠲᠠᠨ᠎ᠤ ᠠᠵᠢᠯ ᠬᠢᠵᠦ ᠦᠢᠯᠡᠰ ᠪᠤᠰᠬᠠᠬᠤ᠎ᠳᠤ ᠰᠠᠢᠨ ᠰᠠᠢᠬᠠᠨ ᠣᠷᠴᠢᠨ ᠲᠣᠭᠣᠷᠢᠨ᠎ᠢ ᠪᠤᠢ ᠪᠤᠯᠭᠠᠵᠤ ᠥᠭᠬᠦ ᠬᠡᠷᠡᠭᠲᠡᠢ᠃ ᠨᠠᠷᠢᠨ ᠨᠢᠮᠪᠠᠢ ᠪᠠᠢᠷᠢᠯᠠᠭᠤᠯᠤᠨ᠂ ᠨᠠᠷᠢᠨ ᠬᠢᠨᠠᠮᠠᠭᠠᠢ ᠲᠣᠬᠢᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠵᠢ ᠭᠦᠨᠵᠡᠭᠡᠢᠷᠡᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃
ᠪᠦᠭᠦᠳᠡ ᠬᠤᠷᠠᠯ ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠰᠠᠨ ᠨᠢᠭᠡᠨ ᠤᠳᠠᠭᠠᠨ᠎ᠤ ᠲᠤᠢᠯ᠎ᠤᠨ ᠴᠢᠬᠤᠯᠠ ᠬᠤᠷᠠᠯ ᠮᠥᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ ᠪᠠ ᠵᠣᠷᠢᠭ᠋ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠣᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠬᠦ ᠬᠡᠷᠡᠭᠲᠡᠢ᠃ ᠡᠪ ᠬᠠᠮᠲᠤᠴᠤᠳ᠎ᠤᠨ ᠨᠠᠮᠴᠢ ᠴᠢᠨᠠᠷ ᠢ ᠴᠢᠩᠭᠠᠳᠬᠠᠬᠤ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭᠠᠪᠠᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠨᠠᠮᠴᠢ ᠴᠢᠨᠠᠷ᠎ᠢ ᠴᠢᠩᠭᠠᠳᠬᠠᠬᠤ᠎ᠶᠢ ᠨᠠᠮ ᠢ ᠪᠦᠬᠦ ᠳᠠᠯ᠎ᠠ ᠪᠡᠷ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠪᠤᠯᠭᠠᠬᠤ᠎ᠶᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠡᠪ ᠬᠠᠮᠲᠤᠴᠤᠳ᠎ᠤᠨ ᠤᠯᠤᠰ ᠲᠦᠷᠦ᠎ᠶᠢᠨ ᠤᠤᠷ ᠴᠢᠨᠠᠷ᠎ᠢᠶᠠᠨ ᠢᠮᠠᠭᠲᠠ ᠪᠠᠷᠢᠮᠲᠠᠯᠠᠬᠤ᠎ᠶᠢ ᠠᠬᠢᠭᠤᠯᠬᠤ ᠬᠡᠷᠡᠭᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠤᠯᠤᠰ ᠲᠦᠷᠦ᠎ᠶᠢᠨ ᠰᠠᠬᠢᠯᠭ᠎ᠠ ᠪᠠᠲᠤ ᠪᠠ ᠤᠯᠤᠰ ᠲᠦᠷᠦ᠎ᠶᠢᠨ ᠶᠣᠰᠣ᠌ ᠳᠦᠷᠢᠮ᠎ᠢ ᠴᠢᠩᠳᠠᠯᠠᠵᠤ᠂ ᠤᠳᠤᠷᠢᠳᠬᠤ ᠪᠠᠭ᠎ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ 《ᠨᠢᠭᠡᠳᠦᠭᠡᠷ ᠭᠠᠷ》 ᠤ᠋ᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠡᠷᠬᠡ᠎ᠪᠡᠨ ᠬᠡᠷᠡᠭᠯᠡᠬᠦ᠎ᠶᠢ ᠵᠢᠷᠤᠮᠵᠢᠭᠤᠯᠵᠤ᠂ ᠨᠠᠮ᠎ᠤᠨ ᠳᠣᠲᠣᠭᠠᠳᠤ ᠶᠢᠨ ᠠᠷᠠᠳᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠷᠠᠳᠴᠢᠯᠠᠯ ᠲᠥᠪᠯᠡᠷᠡᠯ᠎ᠦᠨ ᠶᠣᠰᠣᠨ᠎ᠤ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠳᠦᠷᠢᠮ᠎ᠦᠨ ᠳᠠᠪᠠᠭᠤᠯᠢᠭ᠋᠂ ᠠᠵᠢᠯ᠎ᠤᠨ ᠳᠠᠪᠠᠭᠤᠯᠢᠭ᠋᠎ᠢ ᠨᠡᠩ ᠰᠠᠢᠲᠤᠷ ᠪᠠᠳᠠᠷᠠᠭᠤᠯᠬᠤ ᠭᠡᠷᠡᠭᠲᠡᠢ᠃ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠭᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠳᠠᠪᠲᠠᠨ ᠪᠤᠯᠪᠠᠰᠤᠷᠠᠭᠤᠯᠬᠤ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠬᠥᠮᠥᠨ ᠰᠣᠩᠭᠣᠵᠤ ᠬᠥᠮᠥᠨ ᠬᠡᠷᠡᠭᠯᠡᠬᠦ ᠰᠤᠷᠲᠠᠯ᠎ᠢ ᠵᠠᠰᠠᠨ ᠵᠠᠯᠠᠷᠠᠭᠤᠯᠵᠤ᠂ ᠺᠠᠳ᠋ᠷᠴᠤᠳ᠎ᠤᠨ ᠵᠠᠰᠠᠬ᠎ᠤᠨ ᠠᠵᠢᠯ᠎ᠤᠨ ᠪᠦᠲᠦᠮᠵᠢ᠎ᠶᠢᠨ ᠳᠤᠬᠠᠢ ᠵᠥᠪ ᠦᠵᠡᠯᠲᠡ᠎ᠶᠢ ᠪᠤᠢ ᠪᠤᠯᠭᠠᠬᠤ ᠪᠠ ᠦᠢᠯᠡᠳᠦᠯᠭᠡᠵᠢᠭᠦᠯᠬᠦ᠎ᠶᠢ ᠠᠬᠢᠭᠤᠯᠵᠤ᠂ ᠺᠠᠳ᠋ᠷᠴᠤᠳ᠎ᠤᠨ ᠠᠵᠢᠯ ᠬᠢᠵᠦ ᠦᠢᠯᠡᠰ ᠪᠤᠰᠬᠠᠬᠤ ᠴᠢᠳᠠᠪᠤᠷᠢ᠎ᠶᠢ ᠨᠡᠮᠡᠭᠳᠡᠬᠦᠯᠵᠦ᠂ ᠰᠢᠯᠢᠳᠡᠭ ᠵᠠᠯᠠᠭᠤ ᠺᠠᠳ᠋ᠷᠴᠤᠳ᠎ᠢ ᠬᠥᠮᠥᠵᠢᠭᠦᠯᠵᠦ ᠰᠣᠩᠭᠣᠨ ᠳᠡᠪᠰᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠦᠨ᠂ ᠺᠠᠳ᠋ᠷᠴᠤᠳ᠎ᠤᠨ ᠬᠠᠮᠢᠶᠠᠷᠤᠯᠲᠠ ᠬᠢᠨᠠᠯᠲᠠ ᠪᠠ ᠬᠠᠢᠷ᠎ᠠ ᠬᠠᠯᠠᠮᠵᠢᠯᠠᠯ᠎ᠢ ᠴᠢᠩᠭᠠᠳᠬᠠᠵᠤ᠂ ᠴᠢᠳᠠᠪᠤᠷᠢᠲᠠᠨ᠎ᠤ ᠡᠩᠨᠡᠭᠡᠨ ᠦ ᠪᠠᠢᠭᠤᠯᠤᠯᠲᠠ᠎ᠶᠢ ᠴᠢᠩᠭᠠᠳᠬᠠᠨ᠂ ᠬᠥᠮᠥᠨ ᠰᠣᠩᠭᠣᠵᠤ ᠬᠥᠮᠥᠨ ᠬᠡᠷᠡᠭᠯᠡᠬᠦ ᠵᠥᠪ ᠤᠳᠤᠷᠢᠳᠤᠮᠵᠢ᠎ᠪᠠᠷ ᠨᠠᠮ ᠤᠨ ᠭᠡᠰᠢᠭᠦᠨ ᠺᠠᠳ᠋ᠷᠴᠤᠳ᠎ᠤᠨ ᠠᠵᠢᠯ ᠬᠢᠵᠦ ᠦᠢᠯᠡᠰ ᠪᠤᠰᠬᠠᠬᠤ᠎ᠶᠢ ᠤᠷᠮᠠᠰᠢᠭᠤᠯᠤᠨ ᠵᠣᠷᠢᠭ᠍ᠵᠢᠭᠤᠯᠬᠤ ᠬᠡᠷᠡᠭᠲᠡᠢ᠃ ᠳᠡᠭᠡᠷ᠎ᠠ ᠳᠣᠣᠷ᠎ᠠ ᠱᠠᠲᠤ᠎ᠪᠠᠷ᠎ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠪᠠᠶ᠋ᠢᠭᠤᠯᠬᠤ ᠲᠤᠬᠠᠢ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠣᠷᠣᠨ ᠨᠤᠲᠤᠭ᠎ᠤᠨ ᠨᠠᠮ᠎ᠤᠨ ᠬᠣᠷᠢᠶᠠᠨ᠎ᠤ ᠠᠵᠢᠯ᠎ᠢ ᠴᠢᠩᠭᠠᠳᠬᠠᠨ᠂ ᠡᠯ᠎ᠡ ᠬᠦᠷᠢᠶᠡᠨ᠎ᠳᠡᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢ ᠲᠣᠪᠣᠢᠮ᠎ᠠ ᠰᠠᠢᠲᠤᠷ ᠠᠳᠬᠤᠨ᠂ ᠨᠠᠮ᠎ᠤᠨ ᠭᠡᠰᠢᠭᠦᠨ᠎ᠦ ᠡᠩᠨᠡᠭᠡᠨ᠎ᠦ ᠪᠠᠢᠭᠤᠯᠤᠯᠲᠠ᠎ᠶᠢ ᠴᠢᠩᠭ᠎ᠠ ᠪᠥᠭᠡᠳ ᠪᠣᠳᠠᠲᠠᠢ ᠰᠠᠢᠲᠤᠷ ᠠᠳᠬᠤᠵᠤ᠂ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠤᠶᠠᠯᠳᠤᠭᠤᠯᠤᠨ ᠨᠡᠪᠳᠡᠷᠡᠯᠴᠡᠬᠦᠯᠬᠦ ᠲᠣᠭᠲᠡᠴᠡ᠎ᠶᠢ ᠲᠡᠭᠦᠯᠳᠡᠷᠵᠢᠭᠦᠯᠦᠨ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠦᠷᠦ᠎ᠶᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠴᠦᠬᠦᠷᠡᠰᠢ ᠦᠭᠡᠢ ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ ᠲᠤᠬᠠᠢ ᠨᠠᠮ᠎ᠤᠨ ᠲᠥᠪ ᠬᠣᠷᠢᠶᠠᠨ ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠨᠠᠮ ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠲᠥᠪ᠎ᠦᠨ ᠨᠠᠢ᠍ᠮᠠᠨ ᠲᠣᠭᠲᠠᠭᠠᠯ ᠤᠨ ᠵᠣᠷᠢᠭ᠋ ᠰᠠᠨᠠᠭ᠎ᠠ ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶᠢ ᠠᠬᠢᠭᠤᠯᠵᠤ᠂ ᠴᠢᠩᠭ᠎ᠠ ᠰᠠᠬᠢᠯᠭ᠎ᠠ ᠪᠠᠲᠤ᠎ᠪᠠᠷ ᠨᠠᠮ᠎ᠢ ᠬᠠᠮᠢᠶᠠᠷᠴᠤ ᠨᠠᠮ ᠢ ᠵᠠᠰᠠᠵᠤ᠂ ᠰᠠᠢᠨ ᠰᠠᠢᠬᠠᠨ ᠳᠦᠷᠢ ᠲᠥᠷᠬᠦ᠎ᠪᠡᠷ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠬᠤ ᠬᠡᠷᠡᠭᠲᠡᠢ᠃ ᠢᠯᠵᠢᠷᠡᠬᠦ᠎ᠡᠴᠡ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ ᠪᠠᠢᠬᠤ᠎ᠶᠢ ᠡᠷᠡᠰ ᠭᠤᠢᠪᠢᠰᠢ ᠦᠭᠡᠢ ᠨᠢᠭᠡ ᠴᠣᠭᠴᠠᠵᠢᠭᠤᠯᠤᠨ ᠠᠬᠢᠭᠤᠯᠬᠤ ᠲᠤᠬᠠᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠨᠡᠩ ᠶᠡᠬᠡ ᠡᠷᠴᠢ ᠵᠣᠷᠢᠭ᠋ ᠪᠠ ᠡᠷᠴᠢᠮ᠎ᠢᠶᠡᠷ ᠢᠯᠵᠢᠷᠠᠯ᠎ᠢ ᠵᠠᠯᠬᠠᠭᠠᠨ ᠰᠢᠢᠳᠬᠡᠵᠦ᠂ ᠡᠷᠬᠡ᠎ᠶᠢᠨ ᠠᠵᠢᠯᠯᠠᠭ᠎ᠠ᠎ᠨᠢ ᠬᠢᠵᠠᠭᠠᠷᠯᠠᠬᠤ ᠪᠠ ᠲᠡᠭᠦᠨ᠎ᠳᠦ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠠᠷᠢᠭᠤᠨ ᠴᠢᠬᠡᠴᠢ᠎ᠶᠢ ᠡᠷᠬᠢᠮᠯᠡᠵᠦ ᠢᠯᠵᠢᠷᠠᠯ᠎ᠢ ᠡᠰᠡᠷᠭᠦᠴᠡᠬᠦ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠵᠦ᠂ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠡᠴᠦᠰ ᠲᠦ᠍ᠨᠢ ᠲᠤᠯᠲᠠᠯ᠎ᠠ ᠬᠢᠬᠦ ᠬᠡᠷᠡᠭᠲᠡᠢ᠃ ᠳᠦᠷᠢᠮ᠎ᠢᠶᠡᠷ ᠨᠠᠮ᠎ᠢ ᠵᠠᠰᠠᠬᠤ᠂ ᠲᠤᠭᠲᠠᠭᠠᠯ᠎ᠢᠶᠡᠷ ᠨᠠᠮ᠎ᠢ ᠵᠠᠰᠠᠬᠤ ᠲᠤᠬᠠᠢ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠲᠣᠭᠲᠠᠭᠠᠬᠤ ᠠᠵᠢᠯ᠎ᠢ ᠴᠢᠩᠭᠠᠳᠬᠠᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠬᠡᠷᠡᠭᠵᠢᠭᠦᠯᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠨᠠᠮ᠎ᠤᠨ ᠭᠡᠰᠢᠭᠦᠨ ᠺᠠᠳ᠋ᠷ᠎ᠤᠨ ᠳᠦᠷᠢᠮ᠎ᠦᠨ ᠤᠬᠠᠮᠰᠠᠷ᠎ᠢ ᠴᠢᠩᠭᠠᠳᠬᠠᠵᠤ᠂ ᠪᠦᠬᠦ ᠲᠠᠯ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢᠨ ᠰᠢᠨᠵᠢᠯᠡᠬᠦ ᠤᠬᠠᠭᠠᠨᠴᠢᠯᠠᠭᠰᠠᠨ ᠳᠦᠷᠢᠮᠵᠢᠭᠰᠡᠨ ᠵᠢᠷᠤᠮᠵᠢᠭᠰᠠᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠴᠢᠩᠭᠠᠳᠬᠠᠵᠤ᠂ ᠴᠢᠩᠭ᠎ᠠ ᠪᠠᠢᠬᠤ ᠬᠦᠭ ᠠᠶᠠᠰ᠎ᠢ ᠢᠮᠠᠭᠲᠠ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠪᠥᠬᠥᠳᠡ ᠬᠤᠷᠠᠯ᠎ᠡᠴᠡ᠂ ᠣᠷᠣᠨ ᠳᠠᠶᠠᠭᠠᠷ᠎ᠢᠶᠠᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠳ᠋ᠤ ᠲᠠᠯᠠᠷᠬᠠᠵᠤ ᠡᠷᠡᠮᠡᠬᠡᠢᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠪᠠᠷ ᠰᠢᠨ᠎ᠡ ᠭᠠᠷᠤᠭ᠎ᠠ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠰᠢᠰᠲᠧᠮ᠎ᠲᠠᠢ ᠰᠤᠷᠤᠯᠴᠠᠬᠤ᠂ ᠨᠡᠪᠲᠡᠷᠡᠲᠡᠯ᠎ᠡ ᠣᠢᠯᠠᠭᠠᠵᠤ ᠡᠵᠡᠮᠰᠢᠬᠦ ᠲᠠᠯ᠎ᠠ᠎ᠪᠠᠷ ᠤᠯᠠᠮ ᠢᠯᠡᠭᠦᠦ ᠬᠦᠴᠦ ᠣᠷᠣᠭᠤᠯᠵᠤ᠂ ᠰᠡᠳᠬᠢᠯ᠎ᠢᠶᠡᠨ ᠨᠢᠭᠡᠳᠬᠡᠨ ᠰᠦᠭ ᠰᠦᠨᠡᠰᠦ᠎ᠵᠢ ᠱᠤᠭᠤᠬᠤ᠂ ᠬᠡᠷᠡᠭᠯᠡᠯᠲᠡ᠎ᠵᠢ ᠭᠦᠨᠵᠡᠭᠡᠢᠷᠡᠭᠦᠯᠬᠦ᠂ ᠦᠷ᠎ᠡ ᠪᠦᠲᠦᠮᠵᠢ ᠭᠠᠷᠭᠠᠬᠤ ᠲᠠᠯ᠎ᠠ᠎ᠪᠠᠷ ᠦᠷᠭᠦᠯᠵᠢᠯᠡᠨ ᠬᠦᠴᠦ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠪᠠᠲᠤ ᠤᠷᠤᠭᠰᠢᠯᠠᠬᠤ ᠬᠡᠷᠡᠭᠲᠡᠢ᠃ ᠲᠣᠭᠲᠠᠯ ᠬᠦᠴᠦᠨ᠎ᠢᠶᠡᠨ ᠪᠠᠲᠤᠯᠠᠵᠤ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠠᠨ ᠠᠬᠢᠭᠤᠯᠬᠤ ᠴᠢᠬᠤᠯᠠ ᠴᠢᠨᠠᠷ ᠲᠤᠯᠭᠠᠮ ᠴᠢᠨᠠᠷ ᠤᠨ ᠲᠤᠬᠠᠢ ᠲᠠᠨᠢᠯᠲᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠤᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠰᠢᠰᠲ᠋ᠸᠮ ᠲᠠᠢ ᠨᠠᠢᠳᠠᠪᠤᠷᠢᠵᠢᠭᠤᠯᠵᠤ᠂ ᠰᠦᠨ ᠱᠤᠤ ᠴᠧᠩ᠎ᠦᠨ ᠬᠡᠷᠡᠭ᠂ ᠸᠠᠩ ᠯᠢ ᠰᠢᠶᠠ᠎ᠶᠢᠨ ᠬᠡᠷᠡᠭ᠎ᠢᠶᠡᠷ ᠲᠣᠯᠢᠳᠠᠵᠦ ᠰᠠᠢᠵᠢᠷᠠᠭᠤᠯᠬᠤ ᠪᠠ ᠵᠠᠰᠠᠯᠲᠠ᠎ᠶᠢ ᠠᠬᠢᠭᠤᠯᠬᠤ ᠵᠢ ᠬᠦᠨᠵᠡᠭᠡᠢᠷᠡᠬᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ ᠪᠣᠯᠣᠨ ᠬᠥᠭᠵᠢᠯᠲᠡ᠎ᠶᠢᠨ ᠰᠠᠢᠨ ᠰᠠᠢᠬᠠᠨ ᠣᠷᠴᠢᠨ ᠲᠣᠭᠣᠷᠢᠨ᠎ᠢ ᠬᠦᠴᠦᠯᠡᠨ ᠪᠤᠢ ᠪᠣᠯᠭᠠᠬᠤ ᠬᠡᠷᠡᠭᠲᠡᠢ᠃ ᠴᠤᠭ ᠵᠢᠪᠬᠤᠭ᠎ᠠ ᠲᠡᠬᠦᠯᠳᠡᠷ ᠵᠢᠡᠷ ᠵᠣᠷᠢᠭ᠋᠎ᠢᠶᠠᠨ ᠬᠥᠪᠴᠢᠯᠡᠵᠦ᠂ ᠠᠵᠤ ᠠᠬᠤᠢ᠎ᠶᠢᠨ ᠡᠷᠬᠢᠯᠲᠠ ᠵᠢᠨ ᠲᠣᠬᠢᠷᠠᠭᠤᠯᠤᠯᠲᠠ ᠪᠠ ᠭᠣᠣᠯᠳᠠᠯᠭ᠎ᠠ᠎ᠲᠠᠢ ᠡᠭᠦᠷᠭᠡ᠎ᠶᠢᠨ ᠪᠣᠭᠣᠮᠲᠠ ᠰᠢᠪᠲᠤᠯᠬᠤ᠎ᠶᠢ ᠴᠢᠩᠭᠠᠳᠬᠠᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠠᠮᠤᠷ ᠲᠦᠪᠰᠢᠨ ᠲᠣᠭᠲᠠᠭᠤᠨ᠎ᠢ ᠪᠣᠳᠠᠲᠠᠢ ᠠᠳᠬᠤᠨ ᠨᠠᠷᠢᠯᠢᠭ᠋ ᠠᠳᠬᠤᠵᠤ᠂ ᠵᠢᠯ᠎ᠤᠨ ᠡᠴᠦᠰ ᠤᠨ᠎ᠤ ᠡᠬᠢᠨ᠎ᠦ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠪᠥᠬᠥ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠢ ᠨᠠᠷᠢᠨ ᠨᠢᠮᠪᠠᠢ ᠪᠡᠯᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
ᠪᠦᠬᠦᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠡᠴᠡ ᠨᠠᠭᠠᠰᠢᠬᠢ ᠲᠠᠪᠤᠨ ᠵᠢᠯ᠎ᠦᠨ ᠠᠵᠢᠯ᠎ᠢ ᠳ᠋ᠦᠩᠨᠡᠪᠡ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠣᠯᠭᠣᠭᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠪᠠᠲᠤ ᠡᠵᠡᠮᠳᠡᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠨ᠂《ᠲᠠᠪᠤ ᠶᠢ ᠨᠢᠭᠡ ᠴᠣᠭᠴᠠᠵᠢᠭᠤᠯᠬᠤ》 ᠶᠡᠷᠦᠩᠬᠡᠢ ᠪᠠᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠳᠥᠷᠪᠡᠨ ᠪᠥᠬᠥ ᠲᠠᠯ᠎ᠠ》ᠢ᠋ᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢ ᠵᠣᠬᠢᠴᠠᠨᠭᠭᠤᠢᠠᠬᠢᠭᠤᠯᠬᠤ ᠱᠠᠭᠠᠷᠳᠠᠯᠭ᠎ᠠ ᠶᠤᠰᠤᠭᠠᠷ ᠡᠯ᠎ᠡ ᠲᠠᠯ᠎ᠠ᠎ᠶᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠠᠵᠢᠯ ᠲᠡᠭᠦᠰ ᠠᠮᠵᠢᠯᠲᠠ᠎ᠲᠠᠢ ᠥᠨᠳᠥᠷᠯᠡᠵᠦ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ ᠰᠠᠢᠨ ᠡᠬᠢᠯᠡᠯᠲᠡ ᠲᠠᠢ ᠪᠤᠯᠪᠠ᠃《ᠬᠣᠶᠠᠷ ᠢ ᠲᠣᠭᠲᠠᠭᠠᠭᠰᠠᠨ》᠎ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠭᠰᠠᠭᠠᠷ ᠢᠷᠡᠵᠡᠢ᠃ ᠭᠣᠣᠯ ᠰᠢᠵᠢᠮ᠎ᠦᠨ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠠᠮᠤᠷ ᠲᠦᠪᠰᠢᠨ ᠲᠣᠭᠲᠠᠭᠤᠨ ᠪᠠᠢᠳᠠᠯ᠎ᠢ ᠬᠦᠴᠦᠯᠡᠨ ᠬᠠᠮᠠᠭᠠᠯᠠᠵᠤ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭᠲᠠᠭᠤᠨ ᠰᠠᠢᠨ ᠰᠠᠢᠬᠠᠨ ᠪᠠᠢᠳᠠᠯ᠎ᠢ ᠲᠠᠰᠤᠷᠠᠯᠳᠠ ᠦᠭᠡᠢ ᠪᠡᠬᠢᠵᠢᠭᠦᠯᠦᠨ ᠬᠥᠭᠵᠢᠭᠦᠯᠪᠡ᠃ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠬᠦ᠎ᠶᠢ ᠲᠦᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ ᠢ ᠢᠳᠡᠪᠬᠢᠲᠡᠢ ᠪᠠᠢᠭᠤᠯᠵᠤ᠂ ᠠᠵᠤ ᠠᠬᠤᠢ᠎ᠶᠢᠨ ᠬᠥᠭᠵᠢᠯᠲᠡ ᠦᠷᠭᠦᠯᠵᠢᠯᠡᠨ ᠰᠢᠨ᠎ᠡ ᠰᠢᠯᠢᠳᠡᠭ ᠲᠡᠢᠰᠢ ᠰᠠᠢᠵᠢᠷᠠᠪᠠ᠃ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢ ᠪᠠᠲᠤᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠠ ᠵᠠᠰᠠᠯᠲᠠ᠎ᠶᠢ ᠴᠢᠩᠭᠠᠳᠬᠠᠵᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠪᠠ᠃ ᠡᠷᠡᠰ ᠭᠤᠢᠪᠢᠰᠢ ᠦᠭᠡᠢ᠎ᠪᠡᠷ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠨᠡᠭᠡᠭᠡᠯᠲᠡ᠎ᠶᠢ ᠥᠷᠭᠡᠳᠬᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠪᠠ᠃ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠶᠡᠬᠡᠪᠡᠷ ᠬᠥᠭᠵᠢᠭᠦᠯᠵᠦ᠂ ᠨᠡᠢᠭᠡᠮ ᠵᠢᠷᠤᠮ᠎ᠤᠨ ᠠᠷᠠᠳᠴᠢᠯᠠᠯ᠎ᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠶᠢ ᠠᠬᠢᠭᠤᠯᠵᠤ᠂ ᠰᠡᠳᠬᠢᠯ ᠨᠢᠭᠡᠳᠦᠨ ᠡᠷᠡᠮᠡᠬᠡᠢᠯᠡᠨ ᠤᠷᠤᠭᠰᠢᠯᠠᠬᠤ ᠬᠠᠮᠲᠤᠷᠠᠯ ᠬᠦᠴᠦᠨ᠎ᠢ ᠥᠷᠭᠡᠨ᠎ᠢᠶᠡᠷ ᠲᠥᠪᠯᠡᠷᠡᠭᠦᠯᠪᠡ᠃ ᠨᠡᠢᠭᠡᠮ ᠵᠢᠷᠤᠮ᠎ᠤᠨ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠠᠮᠲᠤ ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭᠠᠨ᠎ᠤ ᠰᠠᠭᠤᠷᠢ᠎ᠶᠢ ᠦᠷᠭᠦᠯᠵᠢᠯᠡᠨ ᠪᠡᠬᠢᠵᠢᠭᠦᠯᠪᠡ᠃ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠦ ᠲᠥᠷᠥᠭᠳᠡᠯ ᠢ ᠨᠠᠩ ᠭᠦᠢᠴᠡᠳ ᠪᠣᠯᠭᠠᠪᠠ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠎ᠶᠢ ᠴᠥᠬᠥᠷᠡᠰᠢ ᠦᠭᠡᠢ ᠪᠠᠷᠢᠮᠲᠠᠯᠠᠵᠤ᠂ ᠬᠦᠨᠳᠦ ᠨᠣᠴᠢᠲᠠᠢ ᠬᠣᠬᠢᠷᠠᠯ᠎ᠳᠤ ᠤᠴᠠᠷᠠᠭᠰᠠᠨ ᠤᠯᠤᠰ ᠲᠦᠷᠦ᠎ᠶᠢᠨ ᠠᠮᠢ ᠠᠬᠤᠢ᠎ᠶᠢ ᠲᠦᠷᠭᠡᠨ ᠴᠡᠪᠡᠷᠰᠢᠭᠦᠯᠦᠨ ᠰᠡᠷᠭᠦᠭᠡᠪᠡ᠃ ᠥᠩᠭᠡᠷᠡᠭᠰᠡᠨ ᠲᠠᠪᠤᠨ ᠵᠢᠯ ᠳ᠋ᠦ ᠠᠮᠵᠢᠯᠲᠠ ᠪᠦᠲᠦᠮᠵᠢ ᠤᠯᠤᠭᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠢᠨᠵᠢᠯᠡᠬᠦ ᠤᠬᠠᠭᠠᠨᠴᠢᠵᠢᠯᠤᠭᠤᠳᠤᠯᠭᠠᠳᠤ ᠪᠠᠢᠨ᠎ᠠ᠂ ᠡᠨᠡ ᠪᠣᠯ ᠣᠷᠣᠨ ᠳᠠᠶᠠᠭᠠᠷ᠎ᠤᠨ ᠬᠠᠮᠲᠤ᠎ᠪᠠᠷ ᠲᠡᠮᠡᠴᠡᠭᠰᠡᠨ᠎ᠦ ᠦᠷ᠎ᠡ ᠳ᠋ᠦᠩ ᠪᠣᠯᠣᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃
ᠪᠦᠬᠦᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠠᠵᠢᠯ᠎ᠢ ᠳ᠋ᠦᠩᠨᠡᠪᠡ᠃ ᠪᠦᠬᠦ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠳᠤᠷᠢᠳᠤᠯᠭ᠎ᠠ ᠳᠣᠣᠷ᠎ᠠ᠂ ᠨᠠᠮ᠎ᠤᠨ ᠳᠦᠷᠢᠮ ᠪᠠ ᠦᠨᠳᠦᠰᠦᠨ ᠬᠠᠤᠯᠢ᠎ᠡᠴᠡ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠬᠡᠵᠦ᠂ ᠪᠦᠲᠦᠮᠵᠢᠲᠡᠶ ᠤᠯᠤᠰ ᠲᠥᠷᠥ᠎ᠶᠢᠨ ᠬᠢᠨᠠᠯᠲᠠ᠎ᠪᠠᠷ 《ᠬᠣᠶᠠᠷ ᠢ ᠬᠠᠮᠠᠭᠠᠯᠠᠬᠤ》 ᠵᠢ ᠦᠢᠯᠡᠳᠦᠯᠭᠡᠵᠢᠭᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦᠬᠦᠴᠦᠲᠡᠢ ᠠᠷᠭ᠎ᠠ ᠭᠡᠮᠵᠢᠶ᠎ᠡ ᠪᠡᠷ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠵᠦ᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠬᠠᠭᠰᠠᠨ ᠰᠠᠨᠠᠯ᠎ᠢ ᠲᠥᠪ ᠴᠢᠩᠭ᠎ᠠ ᠨᠠᠢᠳᠠᠪᠤᠷᠢᠵᠢᠭᠤᠯᠬᠤ᠎ᠪᠠᠷ ᠳᠤᠲᠠᠭᠤᠳᠠᠯ᠎ᠢ ᠨᠥᠬᠥᠪᠦᠷᠢᠯᠡᠵᠦ ᠪᠠᠭᠤᠷᠠᠢ ᠲᠠᠯ᠎ᠠ᠎ᠶᠢ ᠴᠢᠩᠭᠠᠳᠬᠠᠨ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠢᠷᠤᠮᠵᠢᠯᠲᠡ ᠬᠠᠤᠯᠢᠵᠢᠯᠲᠡ ᠵᠢᠩᠬᠢᠨᠢᠴᠢᠯᠡᠯᠲᠡ᠎ᠶᠢᠨ ᠲᠦᠪᠰᠢᠨ᠎ᠢ ᠰᠢᠰᠲ᠋ᠸᠮ ᠲᠠᠢ ᠳᠡᠭᠡᠭᠰᠢᠯᠡᠭᠦᠯᠬᠦ᠎ᠪᠡᠷ ᠪᠠᠲᠤ ᠴᠢᠨᠭᠭ᠎ᠠ ᠪᠦᠬᠦᠨ᠎ᠢ ᠢᠯᠠᠭᠴᠢ ᠴᠡᠷᠢᠭ᠎ᠢ ᠳᠠᠪᠳᠠᠨ ᠪᠤᠯᠪᠠᠰᠤᠷᠠᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭᠵᠢᠬᠦ᠎ᠶᠢ ᠠᠬᠢᠭᠤᠯᠵᠦ᠂ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃
ᠪᠦᠬᠦᠳᠡ ᠬᠤᠷᠠᠯ᠎ᠡᠴᠡ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》ᠪᠣᠯᠣᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠠᠵᠢᠯ᠎ᠤᠨ ᠳᠦᠷᠢᠮ》 ᠤ᠋ᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ᠂ ᠯᠢ ᠢ ᡁᠢ᠂ ᠬᠠᠳᠠᠪᠠᠭᠠᠲᠤᠷ᠂ ᠭᠤᠤ ᠸᠸᠨ ᠬᠣᠩ᠂ ᠯᠦ᠍ ᠵᠠᠨ ᠶᠤᠸᠠᠨ ᠵᠡᠷᠭᠡ 4 ᠨᠥᠬᠥᠷ ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ᠎ᠶᠢᠨ ᠭᠡᠰᠢᠭᠦᠨ᠎ᠢᠶᠡᠷ ᠲᠠᠷᠠᠭᠠᠯᠠᠨ ᠨᠥᠬᠥᠬᠦ ᠪᠡᠷ ᠲᠣᠭᠲᠠᠪᠠ᠃
ᠪᠥᠬᠥᠳᠡ ᠬᠤᠷᠠᠯ᠎ᠡᠴᠡ᠂ ᠪᠥᠬᠥ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ ᠪᠣᠯᠣᠨ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠵᠠᠮ ᠨᠡᠭᠡᠭᠡᠵᠦ ᠡᠷᠡᠮᠡᠬᠡᠢᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠶᠢᠨ ᠨᠠᠮ ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠶᠢ ᠴᠢᠷᠮᠠᠢᠨ ᠪᠢᠴᠢᠭᠯᠡᠶ᠎ᠠ ᠭᠡᠵᠦ ᠤᠷᠢᠶᠠᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃