ᠲᠡᠷᠢᠭᠦᠨ ᠨᠢᠭᠤᠷ>ᠴᠠᠭ ᠲᠦᠷᠦ>ᠬᠠᠯᠠᠮᠰᠢᠯ ᠠᠰᠠᠭᠤᠳᠠᠯ

2025-11-12 11:47:39

ᠵᠣᠬᠢᠶᠠᠭ᠍ᠴᠢ᠄ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠣᠩᠱᠢᠭ᠍ᠰᠠᠨ ᠣᠳᠠᠭ᠎ᠠ᠄ 3

— ᠳᠡᠯᠡᠬᠡᠢ ᠎ᠶ᠋ᠢᠨ ᠢᠨᠲ᠋ᠸᠷ ᠰᠦᠯᠵᠢᠶᠡᠨ᠎ᠦ ᠶᠡᠬᠡ ᠬᠤᠷᠠᠯ᠎ᠤᠨ ᠦ᠋ ᠵᠧᠨ᠎ᠤ ᠲᠦᠷᠦᠭᠦᠴᠦᠳ᠎ᠦᠨ ᠬᠤᠷᠠᠯ᠎ᠡᠴᠡ ᠲᠤᠭᠠᠴᠢᠯᠠᠯᠳᠠ ᠤᠶᠤᠨᠴᠢᠯᠠᠯᠳᠠ ᠵᠢᠨ ᠢᠷᠡᠭᠡᠳᠤᠢ ᠵᠢ ᠬᠠᠷᠠᠬᠤᠢ


ᠡᠪᠦᠯ᠎ᠦᠨ ᠠᠭᠤᠷ ᠣᠷᠤᠬᠤᠶ᠎ᠠ᠂ ᠰᠡᠯᠢᠬᠦᠷᠳᠤ ᠣᠩᠭᠣᠴᠠ ᠤᠰᠤᠨ ᠨᠤᠳᠤᠭ ᠤ᠋ᠨ ᠭᠤᠤᠯ ᠲᠠᠭᠠᠣ ᠦᠨᠭᠭᠡᠷᠡᠬᠦ ᠳ᠋ᠤ᠂ ᠮᠢᠩᠭᠠᠨ ᠣᠨ ᠎ᠤ ᠡᠣ ᠵᠸᠨ ᠪᠠᠯᠭᠠᠰᠤ ᠴᠦ᠍ ᠢᠨᠲ᠋ᠸᠷ ᠰᠦᠯᠵᠢᠶᠡᠨ᠎ᠦ ᠠᠵᠢᠯ ᠲᠥᠷᠥᠯ᠎ᠦᠨ ᠬᠢᠨ᠎ᠦ ᠦᠪᠡᠳᠡᠭ᠌ᠰᠢ ᠴᠤᠭ᠍ᠯᠠᠭᠠᠨ᠎ᠡᠴᠡ ᠪᠣᠯᠵᠣ ᠬᠦᠭᠵᠢᠶᠠᠨ ᠨᠠᠷᠬᠢᠶᠠᠨ ᠵᠢᠡᠷ ᠪᠢᠯᠬᠠᠨ᠎ᠠ᠃ 11 ᠰᠠᠷ᠎ᠠ᠎ᠶ᠋ᠢᠨ 6 — 9 ᠤ᠋ ᠡᠳᠦᠷ ᠪᠣᠯᠲᠠᠯ᠎ᠠ᠂ 2025 ᠣᠨ᠎ᠤ ᠳᠡᠯᠡᠬᠡᠶ᠎ᠶ᠋ᠢᠨ ᠢᠨᠲ᠋ᠸᠷ ᠰᠦᠯᠵᠢᠶᠡᠨ᠎ᠦ ᠶᠡᠬᠡ ᠬᠤᠷᠠᠯ ᠎ᠤᠨ ᠦ᠋ ᠵᠧᠨ ᠪᠠᠯᠭᠠᠰᠤᠨ᠎ᠤ ᠲᠦᠷᠦᠭᠦᠴᠦᠳ᠎ᠦᠨ ᠬᠤᠷᠠᠯ ᠵᠧᠵᠢᠶᠠᠩ᠎ᠤᠨ ᠲᠦᠩᠱᠢᠶᠠᠩ᠎ᠤᠨ ᠦ᠋ ᠵᠧᠨ ᠪᠠᠯᠭᠠᠰᠤᠨ᠎ᠳᠤ ᠬᠤᠷᠠᠯᠳᠤᠵᠤ᠂ ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ ᠮᠡᠷᠭᠡᠵᠢᠯ ᠥᠷᠨᠢᠨ ᠬᠥᠭ᠌ᠵᠢᠵᠦ᠍᠂ ᠬᠥᠮᠦᠨ ᠲᠥᠷᠥᠯᠬᠢᠲᠡᠨ᠎ᠦ ᠳᠡᠯᠡᠬᠡᠶ ᠶᠢᠷᠲᠢᠨᠴᠦ᠍᠎ᠶ᠋ᠢ ᠲᠠᠨᠢᠬᠤ ᠪᠠ ᠳᠡᠯᠡᠬᠡᠶ᠎ᠶ᠋ᠢᠨ ᠠᠷᠭ᠎ᠠ ᠮᠠᠶᠢᠭ᠎ᠢ ᠥᠭᠡᠷᠡᠴᠢᠯᠡᠬᠦ᠌ ᠣᠳᠣᠬᠢ ᠪᠠᠢᠳᠠᠯ᠎ᠢ ᠭᠦᠨᠵᠡᠭᠡᠶ ᠬᠤᠪᠢᠷᠠᠭᠤᠯᠵᠤ ᠪᠠᠢᠨ᠎ᠠ᠂ ᠲᠣᠰ ᠤᠳᠠᠭ᠎ᠠ ᠵᠢᠨ ᠲᠦᠷᠦᠭᠦᠴᠦᠳ᠎ᠦᠨ ᠬᠤᠷᠠᠯ ᠨᠢ ᠮᠡᠷᠭᠡᠵᠢᠯ᠎ᠦᠨ ᠰᠣᠯᠢᠯᠴᠠᠭ᠎ᠠ ᠬᠠᠮᠲᠤᠷᠠᠯᠴᠠᠭ᠎ᠠ᠂ ᠦᠵᠡᠯᠲᠡ᠎ᠶ᠋ᠢᠨ ᠠᠭᠤᠰᠤᠯᠴᠠᠯ᠎ᠤᠨ ᠮᠥᠷᠭᠥᠯᠳᠦᠯ᠎ᠦᠨ ᠴᠢᠬᠤᠯᠠ ᠲᠠᠪᠴᠠᠩ ᠪᠣᠯᠤᠭ᠍ᠰᠠᠨ ᠪᠦᠭᠡᠳ ᠨᠠᠩ ᠴᠤ᠌ ᠮᠠᠨ᠎ᠤ ᠤᠯᠤᠰ᠎ᠤᠨ ᠰᠦᠯᠵᠢᠶᠡᠨ ᠎ᠦ ᠣᠷᠣᠨ ᠵᠠᠶ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠦᠷᠭᠦᠯᠵᠢᠯᠡᠨ ᠠᠬᠢᠭᠤᠯᠬᠤ ᠦᠶ᠋ᠯᠡᠳᠦᠯᠭᠡ ᠪᠠ ᠠᠮᠠᠯᠠᠯᠲᠠ᠎ᠶ᠋ᠢ ᠢᠯᠡᠷᠡᠭᠦᠯᠪᠠ᠃

ᠱᠢᠨ᠎ᠡ ᠬᠥᠳᠡᠯᠭᠡᠬᠦ᠌ ᠬᠦᠴᠦᠨ᠄ ᠱᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠪᠤᠢᠵᠢᠭᠤᠯᠬᠤ ᠳ᠋ᠤ ᠱᠠᠯᠠᠪᠳᠠᠭᠤᠯᠤᠨ ᠬᠦᠴᠤᠨ ᠤᠯᠭᠤᠨ᠎ᠠ

ᠲᠣᠰ ᠤᠳᠠᠭ᠎ᠠ ᠵᠢᠨ ᠲᠦᠷᠦᠭᠦᠴᠦᠳ᠎ᠦᠨ ᠬᠤᠷᠠᠯ᠎ᠤᠨ ᠬᠤᠭᠤᠴᠠᠭᠠᠨ᠎ᠳᠤ᠂ ᠹᠦ᠋ ᠷᠦᠢ ᠲᠠᠢ ᠺᠧ ᠤᠶᠤᠨᠲᠤ ᠱᠢᠰᠲ᠋ᠧᠮ᠎ᠦᠨ ᠬᠢᠵᠠᠭᠠᠷᠲᠤ ᠺᠣᠮᠫᠠᠨᠢ᠎ᠨᠢ ᠺᠣᠮᠫᠠᠨᠢ᠎ᠶ᠋ᠢᠨ ᠬᠠᠮᠤᠭ᠎ᠤᠨ ᠱᠢᠨ᠎ᠡ ᠬᠡᠯᠪᠡᠷᠢ᠎ᠶ᠋ᠢᠨ ᠠᠦ᠋ᠲ᠋ᠣ᠋ ᠮᠢᠯᠢᠮᠧᠲ᠋ᠷ ᠳᠣᠯᠭᠢᠶᠠᠨ᠎ᠤ ᠷᠠᠳᠠᠷ᠂ ᠳᠦᠷᠰᠦ ᠱᠢᠩᠭᠡᠭᠡᠬᠦ᠌ ᠮᠠᠱᠢᠨ ᠤ᠋ ᠲᠤᠷᠠᠨᠳᠠᠭᠤᠷ ᠵᠡᠷᠭᠡ ᠤᠶᠤᠨᠲᠤ ᠵᠢᠯᠣᠭᠣᠳᠭᠤ ᠨᠦᠯᠦᠭᠡᠯᠡᠭᠦᠷ᠎ᠤᠨ ᠦᠶ᠋ᠯᠡᠳᠬᠦᠨ᠎ᠢ ᠳᠡᠯᠭᠡᠨ ᠦᠵᠡᠭᠦᠯᠪᠡ᠂ ᠡᠲᠡᠭᠡᠷ ᠦᠶ᠋ᠯᠡᠳᠬᠦᠨ᠎ᠢ᠋ ᠶᠠᠭ ᠲᠦᠷᠦᠭᠦᠴᠦᠳ᠎ᠦᠨ ᠬᠤᠷᠠᠯ᠎ᠢ ᠡᠷᠭᠢᠯᠡᠭ᠌ᠰᠡᠨ ᠭᠠᠵᠠᠷ ᠡᠣ ᠵᠸᠨ ᠪᠠᠯᠭᠠᠰᠤ ᠡᠴᠡ ᠦᠢᠯᠡᠳᠪᠤᠷᠢᠯᠡᠭᠰᠡᠨ ᠶᠤᠮ᠃

ᠹᠦ᠋ ᠷᠦᠢ ᠲᠠᠢ ᠺᠧ ᠺᠣᠮᠫᠠᠨᠢ᠎ᠶ᠋ᠢᠨ 300 ᠲᠦᠮᠡᠨ ᠢᠵᠢ ᠣᠶᠤᠨᠳᠤ ᠵᠢᠯᠣᠭᠣᠴᠢ᠎ᠶ᠋ᠢᠨ ᠦᠶ᠋ᠯᠡᠳᠬᠦᠨ᠎ᠢ ᠵᠠᠬ᠎ᠠ ᠲᠡᠯᠭᠡᠬᠦᠷ ᠲᠤ᠌ ᠭᠠᠷᠭᠠᠵᠤ᠂ ᠫᠦ ᠳ᠋ᠦ᠋᠂ ᠮᠠᠢ ᠸᠧᠶ᠂ ᠭᠧ ᠷᠦᠢ ᠡᠮ ᠡᠮᠨᠡᠯᠭᠡ ᠵᠡᠷᠭᠡ 5 ᠮᠠᠱᠢᠨ ᠬᠥᠮᠦᠨ ᠎ᠦ ᠠᠵᠤ ᠠᠬᠤᠢᠯᠠᠯ᠎ᠢ ᠵᠠᠯᠭᠠᠭ᠎ᠠ᠎ᠪᠠᠷ ᠪᠠᠢᠭᠤᠯᠵᠤ᠂ ᠢᠨᠲ᠋ᠧᠷ ᠰᠦᠯᠵᠢᠶ᠎ᠡ᠎ᠪᠡᠷ ᠭᠤᠤᠯ ᠰᠡᠳᠦᠪ ᠪᠣᠯᠭᠠᠭ᠍ᠰᠠᠨ ᠲᠣᠮᠣ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠢ ᠪᠠᠢᠭᠤᠯᠪᠠ ᠁ ᠡᠨᠡ ᠪᠣᠯ ᠲᠦᠩᠱᠢᠶᠠᠩ ᠬᠣᠲᠠ᠎ᠶ᠋ᠢᠨ ᠡᠸ᠋ ᠵᠧᠨ ᠪᠠᠯᠭᠠᠰᠤᠨ᠎ᠤ ᠨᠠᠮ᠎ᠤᠨ ᠬᠣᠷᠢᠶ᠎ᠠ ᠵᠢᠨ ᠱᠦᠵᠢ ᠸᠸᠩ ᠰᠥᠩ ᠭᠠᠩ᠎ᠤᠨ ᠲᠤᠰᠢᠶᠠᠬᠰᠡᠨ 《ᠡᠸ᠋ ᠵᠧᠨ ᠪᠠᠯᠭᠠᠰᠤᠨ᠎ᠤ ᠬᠠᠷᠢᠭᠤᠯᠲᠠ᠎ᠶ᠋ᠢᠨ ᠬᠠᠭᠤᠳᠠᠰᠤ》 ᠪᠣᠯᠤᠨ᠎ᠠ᠃

ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠠᠮᠢᠵᠢᠷᠠᠯ᠎ᠤᠨ ᠬᠦᠴᠦᠨ ᠣᠷᠭᠢᠯᠣᠨ ᠪᠠᠳᠠᠷᠠᠭ᠍ᠰᠠᠨ᠎ᠤ ᠠᠷᠤ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠤᠨ ᠠᠬᠢᠴᠠ ᠲᠦᠷᠭᠡᠳᠦᠭ᠌ᠰᠡᠨ ᠨᠢ ᠮᠥᠨ ᠴᠦ᠍ ᠡᠣ ᠵᠸᠨ ᠪᠠᠯᠭᠠᠰᠤᠨ ᠎ᠤ ᠲᠦᠷᠦᠭᠦᠴᠦᠳ᠎ᠦᠨ ᠬᠤᠷᠠᠯ᠎ᠤᠨ ᠠᠪᠴᠢᠷᠠᠭ᠍ᠰᠠᠨ ᠥᠪᠡᠷᠮᠢᠴᠡ ᠲᠠᠲᠠᠬᠤ ᠬᠦᠴᠦᠨ ᠪᠠ ᠦᠷᠭᠦᠯᠵᠢᠯᠡᠨ ᠨᠥᠯᠥᠭᠡᠯᠡᠬᠦ᠌ ᠦᠶ᠋ᠯᠡᠳᠦᠯ᠎ᠡᠴᠡ ᠰᠠᠯᠵᠤ ᠴᠢᠳᠠᠬᠤ ᠥᠬᠡᠶ ᠶᠤᠮ᠃

ᠲᠦᠷᠦᠭᠦᠴᠦᠳ ᠎ᠦᠨ ᠬᠤᠷᠠᠯ᠎ᠤᠨ ᠡᠭᠦᠷᠢᠳᠡ᠎ᠶ᠋ᠢᠨ ᠡᠷᠬᠢᠯᠡᠬᠦ᠌ ᠭᠠᠵᠠᠷ ᠪᠣᠯᠤᠭ᠍ᠰᠠᠨ᠎ᠤ ᠬᠤᠪᠢ᠎ᠳᠤ᠂ ᠡᠨᠡ ᠵᠢᠯ ᠎ᠦᠨ 1 — 9 ᠰᠠᠷ᠎ᠠ ᠪᠣᠯᠲᠠᠯ᠎ᠠ᠂ ᠵᠧᠵᠢᠶᠠᠩ ᠮᠤᠵᠢ᠎ᠶ᠋ᠢᠨ ᠵᠣᠬᠢᠶᠠᠮᠠᠯ ᠤᠶᠤᠨ ᠴᠢᠳᠠᠪᠤᠷᠢ᠎ᠶ᠋ᠢᠨ ᠭᠣᠣᠯᠯᠠᠭ᠍ᠴᠢ ᠠᠵᠤ ᠦᠢᠯᠡᠰ᠎ᠦᠨ ᠡᠵᠡᠩᠨᠡᠯᠲᠡ᠎ᠶ᠋ᠢᠨ ᠣᠷᠣᠯᠭ᠎ᠠ 4944 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ᠎ᠤ ᠬᠢ᠎ᠡᠴᠡ 22% ᠵᠢᠡᠷ ᠨᠡᠮᠡᠭ᠌ᠳᠡᠪᠡ᠃ ᠪᠥᠬᠥ᠌ ᠤᠯᠤᠰ᠎ᠢ ᠠᠵᠢᠭ᠍ᠯᠠᠪᠠᠯ᠂ 《ᠳᠤᠮᠳᠠᠳᠤ ᠤᠯᠤᠰ᠎ᠤᠨ ᠢᠨᠲ᠋ᠸᠷ ᠰᠦᠯᠵᠢᠶᠡᠨ᠎ᠦ ᠬᠥᠭ᠌ᠵᠢᠯᠲᠡ᠎ᠶ᠋ᠢᠨ ᠮᠡᠳᠡᠭᠦᠯᠦᠯᠲᠡ 2025》ᠵᠢᠨ ᠦᠵᠡᠬᠦ᠌᠎ᠪᠡᠷ᠂ ᠵᠣᠬᠢᠶᠠᠮᠠᠯ ᠣᠶᠤᠨ ᠴᠢᠳᠠᠪᠤᠷᠢ ᠨᠢ ᠮᠠᠨ᠎ᠤ ᠤᠯᠤᠰ᠎ᠲᠤ ᠴᠡᠭ ᠬᠡᠯᠪᠡᠷᠢ᠎ᠶ᠋ᠢᠨ ᠬᠡᠷᠡᠭ᠌ᠯᠡᠯᠲᠡ᠎ᠡᠴᠡ ᠪᠥᠬᠥ᠌ ᠣᠷᠣᠨ ᠪᠦᠰᠡ᠎ᠳᠦ ᠬᠦᠴᠤᠨ ᠣᠯᠭᠣᠬᠤ ᠬᠤᠪᠢᠷᠠᠯᠲᠠ ᠭᠠᠷᠬᠤ ᠪᠣᠯᠤᠨ᠎ᠠ᠃

ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠦᠳᠲᠡᠷ ᠲᠦᠷᠭᠡᠨ ᠦᠰᠦᠨ ᠪᠣᠢᠵᠢᠵᠤ᠂ ᠤᠯᠠᠮᠵᠢᠯᠠᠯᠲᠤ ᠠᠵᠤ ᠦᠢᠯᠡᠰ ᠴᠦ᠍ ᠮᠡᠷᠭᠡᠵᠢᠯ᠎ᠦᠨ ᠬᠤᠪᠢᠰᠤᠯᠲᠠ᠎ᠡᠴᠡ ᠪᠤᠯᠵᠤ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠪᠠ᠃ 《〈AI ᠤᠶᠤᠨᠲᠤ ᠱᠢᠯᠭᠠᠨ ᠪᠠᠢᠴᠠᠭᠠᠬᠤ ᠱᠢᠰᠲ᠋ᠧᠮ〉 ᠨᠢ ᠶᠠᠰᠤ ᠴᠢᠨᠠᠷ᠎ᠢ ᠱᠢᠯᠭᠠᠨ ᠪᠠᠢᠴᠠᠭᠠᠬᠤ ᠭᠣᠭ᠍ᠴᠣᠭ᠎ᠠ᠎ᠶ᠋ᠢ ᠰᠤᠭᠤᠴᠢᠨ ᠪᠠᠢᠴᠠᠭᠠᠵᠤ ᠪᠠᠢᠭ᠍ᠰᠠᠨ᠎ᠢ ᠪᠥᠬᠥ᠌ ᠲᠠᠯ᠎ᠠ᠎ᠪᠠᠷ ᠪᠠᠢᠴᠠᠭᠠᠬᠤ ᠪᠣᠯᠭᠠᠨ ᠬᠤᠪᠢᠷᠠᠭᠤᠯᠵᠤ᠂ ᠠᠵᠤ ᠠᠬᠤᠢᠯᠠᠯ᠎ᠤᠨ ᠬᠡᠮ ᠰᠣᠭᠣᠭ᠎ᠢ ᠱᠢᠯᠭᠠᠨ ᠪᠠᠢᠴᠠᠭᠠᠬᠤ ᠨᠣᠷᠮ᠎ᠠ ᠎ᠶ᠋ᠢ 40 % ᠪᠠᠢᠭ᠍ᠰᠠᠨ᠎ᠡᠴᠡ 85% ᠪᠣᠯᠭᠠᠨ ᠳᠡᠭᠡᠭ᠌ᠰᠢᠯᠡᠭᠦᠯᠵᠦ᠍᠂ ᠦᠶ᠋ᠯᠡᠳᠪᠦᠷᠢᠯᠡᠯ ᠎ᠦᠨ ᠦᠷ᠎ᠡ ᠪᠦᠲᠦᠮᠵᠢ᠎ᠶ᠋ᠢ 25% ᠡᠴᠡ ᠳᠡᠭᠡᠭ᠌ᠰᠢ ᠳᠡᠭᠡᠭ᠌ᠰᠢᠯᠡᠭᠦᠯᠦᠨ᠎ᠡ》 ᠭᠡᠵᠦ᠍ ᠳᠤᠮᠳᠠᠳᠤ ᠤᠯᠤᠰ᠎ᠤᠨ ᠴᠠᠬᠢᠯᠭᠠᠨ ᠬᠣᠯᠪᠣᠭᠠᠨ᠎ᠤ ᠦᠵᠡᠭᠦᠯᠭᠡ᠎ᠶ᠋ᠢᠨ ᠲᠣᠭᠣᠷᠢᠭ᠎ᠤᠨ ᠠᠵᠢᠯᠲᠠᠨ ᠱᠢᠤᠢ ᠴᠧᠨ ᠴᠧᠨ ᠬᠡᠯᠡᠪᠡ᠃

ᠬᠤᠷᠠᠯ ᠎ᠳᠤ ᠣᠷᠣᠯᠴᠠᠭ᠍ᠰᠠᠨ ᠠᠵᠢᠯ ᠲᠥᠷᠥᠯ᠎ᠦᠨ ᠬᠥᠮᠦᠰ ᠪᠠ ᠲᠤᠰᠭᠠᠶ ᠮᠡᠷᠭᠡᠵᠢᠯᠲᠡᠨ᠎ᠦ ᠦᠵᠡᠬᠦ᠌᠎ᠪᠡᠷ᠂ ᠵᠣᠬᠢᠶᠠᠮᠠᠯ ᠣᠶᠤᠨ ᠴᠢᠳᠠᠪᠤᠷᠢ᠎ᠨᠢ ᠨᠢᠭᠡᠨᠲᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠭᠤᠤᠯ ᠬᠣᠯᠪᠣᠭᠠᠰᠤ ᠪᠣᠯᠵᠣ᠂ 《ᠲᠦᠷᠦᠭᠦᠴᠢ ᠭᠠᠯᠠᠭᠤ》᠎ᠶ᠋ᠢᠨ ᠬᠥᠲᠥᠯᠥᠨ ᠳᠠᠭᠠᠭᠤᠯᠬᠤ ᠦᠢᠯᠡᠳᠦᠯ ᠪᠠ ᠬᠦᠴᠤᠨ ᠣᠯᠭᠣᠬᠤ ᠥᠷᠲᠡᠭ ᠤᠯᠠᠮ ᠲᠣᠪᠣᠢᠮ᠎ᠠ ᠪᠣᠯᠵᠣ ᠪᠠᠢᠨ᠎ᠠ᠃

《ᠲᠣᠭᠠᠴᠢᠯᠠᠭ᠍ᠰᠠᠨ ᠴᠠᠭ ᠦᠶ᠎ᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠂ ᠠᠵᠤ ᠦᠢᠯᠡᠰ᠎ᠦᠨ ᠦᠰᠦᠷᠦᠯᠲᠡ ᠨᠢ ᠵᠥᠪᠬᠡᠨ ᠲᠣᠭᠠᠨ᠎ᠤ ᠬᠤᠪᠢᠷᠠᠯᠲᠠ ᠲᠡᠳᠦᠢ ᠪᠢᠰᠢ᠂ ᠨᠡᠩ ᠴᠤ᠌ ᠴᠢᠨᠠᠷ᠎ᠤᠨ ᠬᠤᠪᠢᠷᠠᠯᠲᠠ ᠪᠣᠯᠤᠨ᠎ᠠ》 ᠭᠡᠵᠤ ᠳᠤᠮᠳᠠᠳᠤ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠎ᠶ᠋ᠢᠨ ᠳᠠᠷᠤᠭ᠎ᠠ ᠯᠢᠦ ᠵᠢᠶᠦ᠋ᠨ ᠬᠡᠯᠡᠪᠡ᠃ ᠦᠶ᠋ᠯᠡᠳᠪᠦᠷᠢ ᠬᠤᠳᠠᠯᠳᠤᠭᠠᠨ᠎ᠤ ᠪᠠᠩᠬᠢ᠎ᠶ᠋ᠢᠨ ᠳᠡᠯᠭᠡᠨ ᠦᠵᠡᠭᠦᠯᠦᠭ᠌ᠰᠡᠨ ᠠᠵᠤ ᠠᠬᠤᠢᠯᠠᠯ᠎ᠤᠨ ᠲᠠᠰ᠎ᠤᠨ ᠮᠥᠩᠭᠥᠨ ᠭᠦᠶ᠋ᠯᠭᠡᠭᠡᠨ᠎ᠦ ᠲᠣᠮᠣ ᠵᠠᠭ᠍ᠪᠤᠷ᠎ᠤᠨ ᠮᠡᠷᠭᠡᠵᠢᠯ᠎ᠦᠨ ᠬᠡᠷᠡᠭ᠌ᠯᠡᠭᠡᠨ ᠎ᠦ ᠱᠢᠰᠲ᠋ᠧᠮ᠎ᠨᠢ ᠨᠢᠭᠡᠨᠲᠡ ᠮᠥᠩᠭᠥᠨ ᠭᠦᠶ᠋ᠯᠭᠡᠭᠡᠨ᠎ᠦ ᠵᠠᠬ᠎ᠠ ᠳᠡᠯᠭᠡᠭᠦᠷ᠂ ᠡᠵᠡᠩᠨᠡᠯᠲᠡ ᠬᠠᠮᠢᠶᠠᠷᠤᠯᠲᠠ᠂ ᠰᠦᠯᠵᠢᠶᠡᠨ᠎ᠦ ᠮᠥᠩᠭᠥᠨ ᠭᠦᠶ᠋ᠯᠭᠡᠭᠡ ᠵᠡᠷᠭᠡ 20 ᠭᠠᠷᠤᠶ ᠲᠤᠬᠠᠢᠯᠠᠭ᠍ᠰᠠᠨ ᠠᠵᠢᠯ᠎ᠤᠨ ᠬᠦᠷᠢᠶ᠎ᠡ᠎ᠶ᠋ᠢ ᠬᠠᠮᠤᠷᠴᠤ᠌᠂ 400 ᠭᠠᠷᠤᠶ ᠠᠬᠤᠶ ᠪᠠᠢᠳᠠᠯ ᠎ᠢ ᠨᠠᠢᠳᠠᠪᠤᠷᠢᠵᠢᠭᠤᠯᠪᠠ᠃

ᠤᠯᠤᠰ᠎ᠤᠨ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠬᠡᠷ᠎ᠦᠨ ᠶᠡᠷᠦᠩᠬᠡᠶ ᠢᠨᠵᠧᠨᠧᠷ ᠦ᠋ ᠳ᠋ᠦᠩ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠶ᠋ᠯᠡᠰ᠎ᠦᠨ ᠬᠤᠪᠢᠰᠤᠯᠲᠠ᠎ᠶ᠋ᠢ ᠬᠥᠲᠥᠯᠥᠨ ᠳᠠᠭᠠᠭᠤᠯᠬᠤ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠮᠡᠷᠭᠡᠵᠢᠯ ᠪᠣᠯᠤᠭ᠍ᠰᠠᠨ᠎ᠤ ᠬᠤᠪᠢ᠎ᠳᠤ᠂ ᠵᠣᠬᠢᠶᠠᠮᠠᠯ ᠣᠶᠤᠨ ᠴᠢᠳᠠᠪᠤᠷᠢ ᠎ᠨᠢ ᠠᠬᠤᠶ ᠲᠠᠯᠠᠪᠠᠶ᠎ᠶ᠋ᠢᠨ ᠬᠥᠲᠥᠯᠦᠮᠵᠢ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠵᠣᠬᠢᠶᠠᠮᠠᠯ ᠣᠶᠤᠨ ᠴᠢᠳᠠᠪᠤᠷᠢ +》 ᠶ᠋ᠢᠨ ᠠᠭᠤᠰᠤᠯᠴᠠᠯ᠎ᠤᠨ ᠭᠦᠨᠴᠡ᠎ᠶ᠋ᠢ ᠥᠷᠭᠡᠳᠭᠡᠵᠦ᠍᠂ ᠮᠠᠨ᠎ᠤ ᠤᠯᠤᠰ᠎ᠤᠨ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠂ ᠪᠦᠷᠢᠨ ᠪᠦᠲᠦᠨ ᠠᠵᠤ ᠦᠶ᠋ᠯᠡᠰ᠎ᠦᠨ ᠱᠢᠰᠲ᠋ᠧᠮ ᠪᠣᠯᠤᠨ ᠬᠡᠷᠡᠭ᠌ᠯᠡᠭᠡᠨ᠎ᠦ ᠪᠠᠢᠳᠠᠯ᠎ᠢ ᠪᠠᠶᠠᠯᠢᠭ᠍ᠵᠢᠭᠤᠯᠬᠤ ᠥᠪᠡᠷᠮᠢᠴᠡ ᠳᠠᠪᠠᠭᠤᠯᠢᠭ ᠎ᠢ ᠭᠦᠶ᠋ᠴᠡᠳ ᠪᠠᠳᠠᠷᠠᠭᠤᠯᠪᠠᠯ ᠵᠣᠬᠢᠨ᠎ᠠ ᠭᠡᠵᠤ ᠢᠯᠡᠳᠭᠡᠪᠡ᠃


ᠱᠢᠨ᠎ᠡ ᠠᠮᠢᠳᠤᠷᠠᠯ᠄ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠲᠦᠭᠡᠮᠡᠯ ᠬᠠᠷᠠᠭᠠᠯᠵᠠᠯ ᠦᠵᠡᠭᠦᠯᠵᠦ᠍ ᠠᠷᠠᠳ ᠲᠦᠮᠡᠨ᠎ᠳᠦ ᠨᠠᠩ ᠰᠠᠢᠨ ᠪᠤᠶᠠᠨ ᠦᠶ᠋ᠯᠡᠳᠦᠨ᠎ᠡ


ᠡᠨᠡ ᠵᠢᠯ᠎ᠦᠨ 《ᠢᠨᠲᠸᠷ ᠰᠦᠯᠵᠢᠶᠡᠨ᠎ᠦ ᠬᠡᠷᠡᠯ ᠭᠢᠯᠪᠠᠭ᠎ᠠ》 ᠭᠡᠬᠦ᠌ ᠦᠵᠡᠰᠭᠦᠯᠡᠩ᠎ᠦᠨ ᠴᠤᠭ᠍ᠯᠠᠭᠠᠨ ᠳᠡᠭᠡᠷ᠎ᠡ᠂ ᠮᠢᠩᠭ᠎ᠠ ᠭᠠᠷᠤᠶ ᠵᠦᠶ᠋ᠯ᠎ᠦᠨ ᠵᠣᠬᠢᠶᠠᠮᠠᠯ ᠣᠶᠤᠨ ᠴᠢᠳᠠᠪᠤᠷᠢ᠎ᠶ᠋ᠢᠨ ᠬᠣᠱᠢᠭᠤᠷᠠᠯ ᠮᠡᠷᠭᠡᠵᠢᠯ᠎ᠦᠨ ᠦᠶ᠋ᠯᠡᠳᠬᠦᠨ᠎ᠢ ᠪᠥᠬᠥ᠌ ᠳᠡᠯᠡᠬᠡᠶ᠎ᠶ᠋ᠢᠨ 600 ᠭᠠᠷᠤᠶ ᠠᠵᠤ ᠠᠬᠤᠢᠯᠠᠯ᠎ᠡᠴᠡ ᠰᠣᠩᠭᠣᠵᠤ ᠭᠠᠷᠭᠠᠪᠠ᠃ ᠲᠤᠭᠤᠷᠢᠨ ᠦᠵᠡᠬᠦ ᠳᠤᠮᠳᠠ᠂ ᠮᠠᠱᠢᠨ ᠬᠥᠮᠦᠨ ᠪᠣᠯ ᠬᠠᠮᠤᠭ᠎ᠤᠨ ᠬᠠᠯᠠᠮᠰᠢᠯ ᠦᠵᠡᠬᠦᠯᠭᠡ ᠵᠢᠨ ᠲᠤᠳᠤᠷᠠᠬᠢ ᠨᠢᠭᠡ ᠨᠢ ᠪᠤᠯᠬᠤ ᠨᠢ ᠳᠠᠮᠵᠢᠬ ᠦᠭᠡᠢ᠃

ᠡᠨᠡ ᠵᠢᠯ ᠎ᠦᠨ ᠱᠢᠨ᠎ᠡ᠎ᠪᠡᠷ ᠪᠠᠢᠭᠤᠯᠤᠭ᠍ᠰᠠᠨ 《ᠤᠷᠤᠯᠳᠤᠭᠠᠨ ᠎ᠤ BOT SHOW ᠲᠠᠯᠠᠪᠤᠷ》 ᠤ᠋ᠨ ᠪᠡᠶᠡᠴᠢᠯᠡᠨ ᠣᠢᠯᠠᠭᠠᠬᠤ ᠣᠷᠣᠨ ᠵᠠᠶ᠎ᠳᠤ᠂ ᠢᠦᠶ ᠱᠣ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠮᠦᠨ ᠳᠦᠷᠰᠦᠲᠦ ᠮᠠᠱᠢᠨ ᠬᠥᠮᠦᠨ ᠤᠷᠤᠯᠳᠤᠭᠠᠨ᠎ᠤ ᠲᠠᠢᠰᠠᠨ ᠳᠡᠭᠡᠷ᠎ᠡ ᠣᠯᠠᠨ ᠡᠭᠡᠯᠵᠢ᠎ᠶ᠋ᠢᠨ ᠪᠠᠴᠢᠮ ᠰᠡᠳᠡᠯᠲᠡ᠎ᠲᠡᠶ ᠲᠡᠮᠡᠴᠡᠭᠡᠨ᠎ᠦ ᠦᠵᠡᠭᠦᠯᠭᠡ᠎ᠶ᠋ᠢᠨ ᠤᠷᠤᠯᠳᠤᠭᠠᠨ ᠶᠠᠪᠤᠭᠤᠯᠪᠠ᠃

ᠤᠷᠤᠯᠳᠤᠭᠠᠨ᠎ᠤ ᠲᠠᠯᠠᠪᠤᠷ᠎ᠡᠴᠡ ᠠᠮᠢᠳᠤᠷᠠᠯ᠎ᠤᠨ ᠦᠶ᠋ᠯᠡᠴᠢᠯᠡᠭᠡᠨ᠎ᠦ ᠲᠣᠭᠣᠷᠢᠭ ᠲᠡᠢᠰᠢ ᠱᠢᠯᠵᠢᠬᠦ᠌᠎ᠳᠦ᠂ ᠺᠤᠹᠸ ᠎ᠶ᠋ᠢᠨ ᠮᠡᠷᠭᠡᠵᠢᠯᠲᠡᠨ ᠮᠠᠱᠢᠨ ᠬᠥᠮᠦᠨ ᠲᠠᠯᠬᠠᠳᠠᠬᠤ᠂ ᠴᠤᠭ᠍ᠯᠠᠭᠤᠯᠬᠤ ᠵᠡᠷᠭᠡ ᠠᠯᠢ ᠣᠯᠠᠨ ᠠᠵᠢᠯᠯᠠᠭ᠎ᠠ᠎ᠶ᠋ᠢ ᠡᠮᠬᠢ ᠴᠡᠭ᠌ᠴᠡ᠎ᠲᠡᠶ ᠪᠡᠶᠡᠯᠡᠭᠦᠯᠵᠦ᠍᠂ ᠣᠬᠣᠷᠬᠠᠨ ᠬᠡᠳᠦᠨ ᠠᠷᠪᠠᠨ ᠰᠧᠺᠦ᠋ᠨ᠋ᠳ᠋ ᠎ᠲᠦ ᠨᠢᠭᠡ ᠴᠣᠮᠣ ᠬᠠᠯᠠᠭᠤᠨ ᠺᠤᠹᠸ ᠵᠢ ᠵᠢᠭᠤᠯᠴᠢᠯᠠᠭᠰᠠᠳ᠎ᠳᠦ᠍ ᠭᠠᠷᠳᠠᠭᠤᠯᠪᠠ ; ᠨᠥᠭᠥᠭᠡ ᠲᠠᠯ᠎ᠠ᠎ᠪᠠᠷ᠂ ᠣᠶᠤᠨᠴᠢ ᠹᠢᠽᠢᠺ ᠵᠠᠰᠠᠯ᠎ᠤᠨ ᠮᠠᠱᠢᠨ ᠬᠥᠮᠦᠨ ᠮᠧᠬᠠᠨᠢᠭ ᠭᠠᠷ᠎ᠢ ᠡᠵᠡᠮᠳᠡᠵᠦ᠍᠂ ᠪᠡᠶᠡᠴᠢᠯᠡᠨ ᠣᠢᠯᠠᠭᠠᠭ᠍ᠴᠢ᠎ᠶ᠋ᠢᠨ ᠡᠯ᠎ᠡ ᠪᠠᠯᠴᠢᠷ᠎ᠢ ᠣᠨᠣᠪᠴᠢᠲᠠᠶ ᠡᠷᠢᠵᠦ᠍ ᠣᠯᠬᠤ᠎ᠶ᠋ᠢᠨ ᠬᠠᠮᠲᠤ ᠢᠯᠢᠵᠦ᠍ ᠨᠤᠬᠤᠯᠠᠬᠤ ᠠᠷᠭ᠎ᠠ ᠠᠪᠴᠤ᠌᠂ ᠬᠦᠴᠦ ᠵᠢ ᠲᠣᠬᠢᠲᠠᠶ ᠡᠵᠡᠮᠳᠡᠨ᠎ᠡ᠃

ᠡᠨᠡ ᠦᠶ᠎ᠡ᠎ᠳᠦ᠂ ᠵᠣᠬᠢᠶᠠᠮᠠᠯ ᠣᠶᠤᠨ ᠴᠢᠳᠠᠪᠤᠷᠢ᠎ᠨᠢ ᠵᠦᠪᠬᠡᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠤᠬᠠᠭ᠍ᠳᠠᠬᠤᠨ ᠪᠢᠰᠢ ᠬᠠᠷᠢᠨ ᠢᠷᠡᠭᠡᠳᠦᠶ᠎ᠶ᠋ᠢᠨ ᠠᠮᠢᠳᠤᠷᠠᠯ᠎ᠤᠨ ᠠᠷᠭ᠎ᠠ ᠮᠠᠶᠢᠭ᠎ᠤᠨ ᠪᠡᠯᠡᠳᠭᠡᠯ ᠲᠣᠭ᠍ᠯᠠᠯᠲᠠ ᠪᠤᠯᠤᠭᠰᠠᠨ ᠪᠠᠢᠨ᠎ᠠ᠃

《ᠥᠩᠭᠡᠷᠡᠭ᠌ᠰᠡᠨ᠎ᠳᠦ ᠡᠣ ᠵᠸᠨ ᠪᠠᠯᠭᠠᠰᠤᠨ᠎ᠳᠤ ᠬᠦᠷᠴᠦ᠍ ᠦᠵᠡᠮᠵᠢ ᠰᠣᠨᠢᠷᠬᠠᠵᠤ ᠪᠠᠢᠭ᠍ᠰᠠᠨ᠎ᠢᠶᠠᠨ ᠣᠲᠣ ᠡᠦ ᠵᠧᠨ ᠪᠠᠯᠭᠠᠰᠤᠨ ᠡᠴᠡ ᠭᠡᠭᠡᠨ ᠰᠠᠷᠠᠭᠤᠯ ᠢᠷᠡᠭᠡᠳᠦᠶ᠎ᠵᠢ ᠤᠯᠵᠤ ᠬᠠᠷᠠᠨ᠎ᠠ》᠃ ᠬᠡᠦᠬᠡᠳ᠎ᠢᠶᠡᠨ ᠳᠠᠭᠠᠭᠤᠯᠤᠨ ᠲᠣᠭᠣᠷᠢᠨ ᠦᠵᠡᠬᠦ᠌᠎ᠪᠡᠷ ᠢᠷᠡᠭ᠌ᠰᠡᠨ ᠦᠵᠡᠭ᠌ᠴᠢ ᠱᠢᠤᠢ ᠬᠣᠩ᠂ 《ᠡᠨᠡ ᠵᠢᠯ᠎ᠦᠨ ᠦᠵᠡᠰᠭᠦᠯᠡᠩ᠎ᠦᠨ ᠴᠤᠭ᠍ᠯᠠᠭᠠᠨ᠎ᠤ ᠵᠣᠬᠢᠶᠠᠮᠠᠯ ᠣᠶᠤᠨ ᠴᠢᠳᠠᠪᠤᠷᠢ ᠵᠢᠨ ᠡᠯᠧᠮᠧᠨ᠋ᠲ ᠭᠠᠵᠠᠷ ᠪᠣᠯᠭᠠᠨ᠎ᠳᠤ ᠪᠠᠢᠵᠤ᠂ ᠥᠩᠭᠡᠷᠡᠭ᠌ᠰᠡᠨ᠎ᠤ ᠪᠡᠶᠡᠯᠡᠭᠦᠯᠵᠦ᠍ ᠳᠡᠢᠯᠬᠦ ᠥᠬᠡᠶ ᠠᠯᠤᠰ ᠬᠡᠲᠦ᠍᠎ᠶ᠋ᠢᠨ ᠢᠷᠡᠭᠡᠳᠦᠶ᠎ᠨᠢ ᠶᠠᠭ ᠰᠠᠨᠠᠭᠠᠨ᠎ᠡᠴᠡ ᠭᠠᠳᠠᠭᠤᠷ ᠬᠤᠷᠳᠤᠴᠠ᠎ᠪᠠᠷ ᠨᠢᠳᠦᠨ᠎ᠳᠦ ᠦᠵᠡᠭᠳᠡᠵᠦ ᠭᠠᠷ ᠲᠦ᠍ ᠪᠠᠷᠢᠬᠳᠠᠮ᠎ᠠ ᠡᠳᠦᠷ ᠲᠤᠲᠤᠮ᠎ᠤᠨ ᠠᠮᠢᠳᠤᠷᠠᠯ ᠪᠣᠯᠵᠣ ᠬᠤᠪᠢᠷᠠᠵᠤ ᠪᠠᠢᠨ᠎ᠠ》 ᠭᠡᠵᠦ ᠬᠡᠯᠡᠪᠡ᠃

ᠲᠣᠰ ᠤᠳᠠᠭ᠎ᠠ ᠵᠢᠨ ᠲᠦᠷᠦᠭᠦᠴᠦᠳ ᠎ᠦᠨ ᠬᠤᠷᠠᠯ᠎ᠤᠨ ᠠᠨᠭᠬᠠᠷᠤᠯ᠎ᠤᠨ ᠲᠦᠪ《ᠵᠢᠷᠭᠤᠭᠠᠨ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠠᠵᠤ ᠠᠬᠤᠢᠯᠠᠯ᠎ᠤᠨ ᠡᠣ ᠵᠸᠨ ᠪᠠᠯᠭᠠᠰᠤᠨ᠎ᠤ ᠶᠠᠷᠢᠯᠴᠠᠭ᠎ᠠ》 ᠳ᠋ᠤ᠂ ᠬᠠᠩᠵᠧᠦ᠍ ᠎ᠶ᠋ᠢᠨ《ᠵᠢᠷᠭᠤᠭᠠᠨ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠠᠵᠤ ᠠᠬᠤᠢᠯᠠᠯ》 ᠤ᠋ᠨ ᠦᠶ᠋ᠯᠡᠰ ᠪᠦᠳᠦᠭᠡᠭᠰᠡᠨ ᠥᠩᠭᠡᠷᠡᠯᠲᠡ ᠨᠢ ᠮᠡᠷᠭᠡᠵᠢᠯ᠎ᠦᠨ ᠲᠦᠭᠡᠮᠡᠯ ᠬᠠᠷᠠᠭᠠᠯᠵᠠᠯᠳᠤ ᠥᠷᠲᠡᠭ᠎ᠢ ᠲᠠᠢᠯᠪᠤᠷᠢᠯᠠᠪᠠ᠄ ᠢᠦᠶ ᠱᠤ᠌ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠮᠠᠱᠢᠨ ᠬᠥᠮᠦᠨ ᠢᠷᠡᠭᠡᠳᠦᠶ᠎ᠳᠦ ᠬᠦᠮᠦᠰ᠎ᠤᠨ ᠠᠮᠢᠳᠤᠷᠠᠯ᠎ᠳᠦ ᠪᠠᠢᠨᠭᠭᠤ ᠢᠯᠡᠷᠡᠵᠦ᠂ ᠨᠠᠩ ᠣᠯᠠᠨ ᠨᠠᠰᠤᠲᠠᠢᠴᠤᠳ ᠢ᠋ ᠬᠠᠪᠰᠤᠷᠬᠤ᠎ᠪᠠᠷ ᠲᠥᠯᠥᠪᠯᠡᠵᠦ᠍ ᠪᠠᠢᠨ᠎ᠠ ; DeepSeek ᠡᠬᠢ ᠰᠤᠷᠪᠤᠯᠵᠢ᠎ᠶ᠋ᠢ ᠨᠡᠭᠡᠭᠡᠬᠦ᠌ ᠠᠷᠭ᠎ᠠ ᠪᠣᠳᠣᠯᠭ᠎ᠠ᠎ᠪᠠᠷ ᠳᠡᠮᠵᠢᠨ᠂ ᠮᠡᠷᠭᠡᠵᠢᠯ᠎ᠦᠨ ᠪᠡᠬᠢᠯᠡᠯᠲᠡ᠎ᠶ᠋ᠢ ᠲᠠᠰᠤᠷᠠᠯᠲᠠ ᠥᠬᠡᠶ ᠡᠪᠳᠡᠵᠦ᠍᠂ ᠪᠥᠬᠥ᠌ ᠪᠥᠮᠪᠥᠷᠴᠡᠭ᠎ᠦᠨ ᠨᠡᠭᠡᠭᠡᠨ ᠠᠱᠢᠭ᠍ᠯᠠᠭ᠍ᠴᠢᠳ᠎ᠢ ᠴᠥᠮ ᠳᠤᠤᠷ᠎ᠠ ᠥᠪᠡᠷ᠎ᠦᠨ ᠥᠷᠲᠡᠭ᠎ᠢᠶᠡᠷ ᠬᠤᠰᠢᠭᠤᠷᠠᠯ AI ᠴᠢᠳᠠᠪᠤᠷᠢ ᠲᠠᠢ ᠣᠢᠷᠠᠲᠤᠭᠤᠯᠬᠤ ᠪᠤᠯᠤᠨ᠎ᠠ ᠁

ᠮᠡᠷᠭᠡᠵᠢᠯ᠎ᠦᠨ ᠲᠠᠰᠤᠷᠠᠯᠲᠠ ᠦᠭᠡᠢ ᠰᠢᠨᠡᠴᠢᠯᠡᠬᠦ ᠥᠷᠨᠢᠯᠲᠡ ᠳᠤᠮᠳᠠ᠂ ᠬᠥᠮᠦᠨ ᠲᠥᠷᠥᠯᠬᠢᠲᠡᠨ᠎ᠦ ᠠᠵᠠ ᠵᠢᠷᠭᠠᠯ ᠎ᠢ ᠨᠡᠮᠡᠭ᠌ᠳᠡᠭᠦᠯᠬᠦ᠌᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠰᠠᠢᠨ ᠦᠶ᠋ᠯᠡᠳᠦᠯᠭᠡᠵᠢᠭᠦᠯᠬᠦ᠌ ᠲᠥᠯᠥᠭᠡᠯᠡᠭ᠌ᠴᠢ᠎ᠶ᠋ᠢ ᠬᠥᠬᠢᠭᠦᠯᠦᠨ ᠰᠠᠢᠱᠢᠶᠠᠬᠤ᠎ᠶ᠋ᠢᠨ ᠲᠥᠯᠥᠭᠡ 11 ᠰᠠᠷ᠎ᠠ᠎ᠶ᠋ᠢᠨ 7 ᠎ᠤ᠋ ᠡᠳᠦᠷ᠂ 2025 ᠣᠨ᠎ᠤ ᠳᠡᠯᠡᠬᠡᠶ᠎ᠶ᠋ᠢᠨ ᠢᠨᠲ᠋ᠧᠷ ᠰᠦᠯᠵᠢᠶᠡᠨ᠎ᠦ ᠶᠡᠬᠡ ᠬᠤᠷᠠᠯ᠎ᠤᠨ ᠭᠠᠷᠮᠠᠭᠠᠶ ᠬᠤᠪᠢ ᠨᠡᠮᠡᠷᠢ ᠦᠵᠡᠭᠦᠯᠦᠭ᠌ᠰᠡᠨ ᠱᠠᠩᠨᠠᠯ᠎ᠢ ᠨᠡᠢᠳᠡᠯᠡᠵᠦ᠂ ᠲᠸᠩ ᠱᠢᠶᠦ᠋ᠨ᠂ ᠯᠢᠶᠠᠨ ᠱᠢᠶᠠᠩ᠂ ᠴᠢᠶᠠᠩ ᠨᠤᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠡᠷᠭᠡ ᠠᠵᠤ ᠠᠬᠤᠢᠯᠠᠯ 《ᠨᠡᠢᠭᠡᠮ᠎ᠦᠨ ᠬᠤᠪᠢ ᠨᠡᠮᠡᠷᠢ᠎ᠶ᠋ᠢᠨ ᠲᠥᠷᠥᠯ》 ᠤ᠋ᠨ ᠱᠠᠩᠨᠠᠯ᠎ᠢ ᠭᠥᠷᠳᠡᠪᠡ᠃

ᠳᠡᠯᠡᠬᠡᠢ᠎ᠶ᠋ᠢᠨ ᠢᠨᠲ᠋ᠸᠷ ᠰᠦᠯᠵᠢᠶᠡᠨ᠎ᠦ ᠶᠡᠬᠡ ᠬᠤᠷᠠᠯ ᠎ᠤᠨ ᠨᠠᠷᠢᠨ ᠪᠢᠴᠢᠭ᠎ᠦᠨ ᠳᠠᠷᠤᠭ᠎ᠠ ᠷᠧᠨ ᠱᠢᠶᠠᠨ ᠯᠢᠶᠠᠩ᠂ ᠡᠣ ᠵᠸᠨ ᠪᠠᠯᠭᠠᠰᠤᠨ᠎ᠤ ᠲᠦᠷᠦᠭᠦᠴᠦᠳ᠎ᠦᠨ ᠬᠤᠷᠠᠯ ᠨᠢ ᠡᠯ᠎ᠡ ᠤᠯᠤᠰ᠎ᠲᠤ ᠮᠡᠷᠭᠡᠵᠢᠯ᠎ᠦᠨ ᠰᠣᠯᠢᠯᠴᠠᠭᠠᠨ᠎ᠤ ᠲᠠᠪᠴᠠᠩ ᠬᠠᠩᠭᠠᠭ᠍ᠰᠠᠨ᠎ᠢᠶᠠᠷ ᠪᠠᠷᠠᠬᠤ ᠦᠬᠡᠢ ᠨᠡᠩ ᠴᠤ᠌ 《ᠠᠮᠤᠷ ᠲᠦᠪᠱᠢᠨ ᠨᠡᠢᠳᠡᠮ ᠠᠱᠢᠭ ᠬᠦᠷᠲᠡᠭᠡᠬᠦ᠌ ᠲᠤᠭᠠᠴᠢᠯᠠᠭᠰᠠᠨ ᠤᠶᠤᠨᠴᠢᠯᠠᠭᠰᠠᠨ ᠢᠷᠡᠭᠡᠳᠦᠢ》 ᠵᠢ ᠪᠠᠢᠭᠤᠯᠬᠤ᠎ᠪᠠᠷ ᠴᠢᠷᠮᠠᠢᠵᠤ᠂ ᠬᠣᠱᠢᠭᠤᠷᠠᠯ ᠮᠡᠷᠭᠡᠵᠢᠯ ᠴᠦ᠍ ᠲᠡᠷᠡ ᠲᠣᠭᠠᠴᠢᠯᠠᠭ᠍ᠰᠠᠨ ᠬᠡᠷᠡᠭ᠌ᠴᠡᠭᠡ ᠴᠦ᠍ ᠲᠡᠷᠡ ᠪᠦᠷ ᠡᠨᠳᠡ᠎ᠡᠴᠡ ᠬᠠᠮᠲᠤᠷᠠᠯᠴᠠᠭᠠᠨ᠎ᠤ ᠠᠵᠠ ᠲᠣᠬᠢᠶᠠᠯ᠎ᠢ ᠣᠯᠵᠤ ᠴᠢᠳᠠᠨ᠎ᠠ ᠭᠡᠵᠦ᠍ ᠢᠯᠡᠳᠭᠡᠪᠡ᠃

ᠱᠢᠨ᠎ᠡ ᠢᠷᠡᠭᠡᠳᠦᠢ᠄ ᠰᠦᠯᠵᠢᠶᠡᠨ ᠎ᠦ ᠣᠷᠣᠨ ᠵᠠᠢ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠯᠴᠠᠨ ᠪᠠᠢᠭᠤᠯᠤᠨ᠎ᠠ

《ᠣᠳᠣᠬᠠᠨ᠎ᠳᠤ ᠮᠡᠳᠡᠭᠡ ᠵᠠᠩᠭᠢ᠎ᠶ᠋ᠢᠨ ᠪᠦᠷᠢᠨ ᠪᠦᠲᠦᠨ ᠴᠢᠨᠠᠷ ᠡᠳᠦᠷ ᠢᠷᠡᠬᠦᠶ᠎ᠡ ᠬᠡᠴᠡᠭᠦᠳᠡᠬᠦ ᠥᠷᠢᠰᠥᠯᠳᠦᠭᠡᠨ᠎ᠳᠦ ᠲᠤᠯᠭᠠᠷᠠᠵᠤ᠂ ᠰᠦᠯᠵᠢᠶᠡᠨ᠎ᠦ ᠰᠦᠷᠳᠡᠭᠦᠯᠦᠯ ᠡᠳᠦᠷ ᠢᠷᠡᠬᠦᠶ᠎ᠡ ᠪᠤᠳᠤᠯᠢᠶᠠᠨᠲᠠᠶ ᠪᠣᠯᠵᠣ᠂ ᠲᠤᠭᠠᠴᠢᠯᠠᠯᠲᠠ ᠵᠢᠨ ᠵᠦᠷᠢᠶ᠎ᠠ ᠵᠠᠭᠠᠭ ᠮᠥᠨ ᠬᠦ᠌ ᠣᠷᠣᠱᠢᠵᠤ ᠪᠠᠢᠬᠤ ᠪᠥᠭᠡᠳ ᠦᠷᠭᠦᠯᠵᠢᠯᠡᠨ ᠥᠷᠭᠡᠳᠴᠦ᠍ ᠪᠠᠢᠨ᠎ᠠ — ᠪᠥᠬᠥ᠌ ᠳᠡᠯᠡᠬᠡᠶ᠎ᠶ᠋ᠢᠨ 26 ᠳ᠋ᠦᠩᠱᠢᠭᠤᠷ ᠬᠥᠮᠦᠨ ᠮᠥᠨ ᠬᠦ᠌ ᠲᠣᠭᠠᠴᠢᠯᠠᠭ᠍ᠰᠠᠨ ᠶᠢᠷᠲᠢᠨᠴᠦ᠍᠎ᠶ᠋ᠢᠨ ᠭᠠᠳᠠᠨ᠎ᠠ ᠣᠷᠣᠱᠢᠵᠤ᠂ ᠲᠣᠭᠠᠴᠢᠯᠠᠭ᠍ᠰᠠᠨ ᠬᠡᠯᠪᠡᠷᠢ᠎ᠶ᠋ᠢᠨ ᠬᠤᠪᠢᠷᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠶ᠋ᠢᠨ ᠠᠷᠭ᠎ᠠ ᠥᠬᠡᠶ ᠪᠠᠢᠨ᠎ᠠ》᠃ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢ ᠵᠢᠶᠦ᠋ᠨ ᠬᠤᠸᠠ ᠸᠢᠳᠢᠣ᠋᠎ᠪᠠᠷ ᠪᠠᠶᠠᠷ᠎ᠤᠨ ᠦᠭᠡ ᠬᠡᠯᠡᠬᠦ᠌᠎ᠳᠡᠭᠡᠨ᠂ ᠡᠦ ᠵᠸᠨ᠎ᠤ ᠲᠦᠷᠦᠭᠦᠴᠦᠳ᠎ᠦᠨ ᠬᠤᠷᠠᠯ᠎ᠤᠨ ᠭᠤᠤᠯ ᠰᠡᠳᠦᠪ᠎ᠲᠦ ᠴᠢᠬᠤᠯᠠᠴᠢᠯᠠᠭ᠍ᠰᠠᠨ ᠱᠢᠭ᠋᠎ᠢᠶᠡᠷ ᠣᠲᠣ᠎ᠶ᠋ᠢᠨ ᠬᠥᠮᠦᠰ ᠡᠷᠬᠡᠪᠰᠢ ᠭᠠᠷ ᠬᠣᠯᠪᠣᠯᠴᠠᠨ ᠨᠡᠭᠡᠭᠡᠯᠲᠡ ᠬᠢᠵᠦ᠍ ᠬᠠᠮᠲᠤᠷᠠᠯᠴᠠᠭ᠍ᠰᠠᠨ᠂ ᠠᠮᠤᠷ ᠲᠦᠪᠱᠢᠨ ᠨᠡᠢᠳᠡᠮ ᠠᠱᠢᠭ ᠬᠦᠷᠲᠡᠭᠡᠬᠦ᠌ ᠲᠤᠭᠠᠴᠢᠯᠠᠭᠰᠠᠨ ᠤᠶᠤᠨᠴᠢᠯᠠᠭᠰᠠᠨ ᠢᠷᠡᠭᠡᠳᠦᠶ᠎ᠶ᠋ᠢ ᠬᠠᠮᠲᠤ᠎ᠪᠠᠷ ᠪᠠᠢᠭᠤᠯᠬᠤ ᠬᠡᠷᠡᠭ᠌ᠲᠡᠶ ᠭᠡᠪᠡ᠃

ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ ᠮᠡᠷᠭᠡᠵᠢᠯ᠎ᠦᠨ ᠠᠪᠴᠢᠷᠠᠭ᠍ᠰᠠᠨ ᠠᠵᠠ ᠲᠣᠬᠢᠶᠠᠯ ᠪᠠ ᠥᠷᠢᠰᠥᠯᠳᠦᠭᠡᠨ᠎ᠦ ᠡᠮᠦᠨ᠎ᠡ᠂ ᠬᠤᠷᠠᠯ᠎ᠳᠤ ᠣᠷᠣᠯᠴᠠᠭ᠍ᠰᠠᠨ ᠬᠦᠨᠳᠦᠲᠦ ᠵᠣᠴᠢᠳ᠎ᠤᠨ ᠦᠵᠡᠬᠦ᠌᠎ᠪᠡᠷ᠂ ᠰᠦᠯᠵᠢᠶᠡᠨ᠎ᠦ ᠣᠷᠣᠨ ᠵᠠᠶ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠯᠴᠠᠨ ᠪᠠᠢᠭᠤᠯᠪᠠᠯ ᠰᠠᠶᠢ ᠲᠣᠭᠠᠴᠢᠯᠠᠭ᠍ᠰᠠᠨ ᠮᠡᠷᠭᠡᠵᠢᠯ᠎ᠦᠨ ᠠᠱᠢᠭ ᠲᠤᠰᠠ᠎ᠶ᠋ᠢ ᠪᠥᠬᠥ᠌ ᠬᠥᠮᠦᠨ ᠲᠥᠷᠥᠯᠬᠢᠲᠡᠨ᠎ᠳᠦ ᠨᠠᠩ ᠰᠠᠢᠨ ᠬᠦᠷᠲᠡᠭᠡᠵᠦ᠍ ᠴᠢᠳᠠᠨ᠎ᠠ᠃

2022 ᠣᠨ᠎ᠳᠤ᠂ ᠳᠡᠯᠡᠬᠡᠢ᠎ᠶ᠋ᠢᠨ ᠢᠨᠲ᠋ᠸᠷ ᠰᠦᠯᠵᠢᠶᠡᠨ᠎ᠦ ᠶᠡᠬᠡ ᠬᠤᠷᠠᠯ ᠤᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠤᠭ᠍ᠰᠠᠨ᠎ᠢᠶᠠᠨ ᠲᠤᠩᠬᠠᠭ᠍ᠯᠠᠪᠠ᠃ 2025 ᠣᠨ᠎ᠤ 10 ᠰᠠᠷ᠎ᠠ ᠪᠣᠯᠲᠠᠯ᠎ᠠ᠂ ᠳᠡᠯᠡᠬᠡᠶ᠎ᠶ᠋ᠢᠨ ᠢᠨᠲ᠋ᠸᠷ ᠰᠦᠯᠵᠢᠶᠡᠨ᠎ᠦ ᠶᠡᠬᠡ ᠬᠤᠷᠠᠯ᠎ᠨᠢ ᠨᠢᠭᠡᠨᠲᠡ ᠪᠥᠬᠥ᠌ ᠳᠡᠯᠡᠬᠡᠶ᠎ᠶ᠋ᠢᠨ 40 ᠭᠠᠷᠤᠶ ᠤᠯᠤᠰ ᠪᠠ ᠭᠠᠵᠠᠷ ᠣᠷᠣᠨ᠎ᠡᠴᠡ ᠢᠷᠡᠭ᠌ᠰᠡᠨ 210 ᠭᠠᠷᠤᠶ ᠭᠡᠱᠢᠭᠦᠨ᠎ᠲᠡᠶ ᠪᠣᠯᠵᠣ᠂ ᠥᠷᠭᠡᠨ ᠳᠡᠯᠭᠡᠷ ᠨᠥᠯᠥᠭᠡᠯᠡᠬᠦ᠌ ᠬᠦᠴᠦᠨ ᠪᠥᠬᠥᠶ ᠱᠢᠨ᠎ᠡ ᠬᠡᠯᠪᠡᠷᠢ᠎ᠶ᠋ᠢᠨ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠵᠣ ᠬᠥᠭ᠌ᠵᠢᠪᠡ᠃

ᠳᠡᠯᠡᠬᠡᠢ᠎ᠶ᠋ᠢᠨ ᠢᠨᠲᠸᠷ ᠰᠦᠯᠵᠢᠶᠡᠨ᠎ᠦ ᠶᠡᠬᠡ ᠬᠤᠷᠠᠯ᠎ᠤᠨ ᠳᠡᠳ᠋ ᠬᠡᠷᠡᠭ ᠡᠷᠬᠢᠯᠡᠭ᠌ᠴᠢᠳ᠎ᠦᠨ ᠳᠠᠷᠤᠭ᠎ᠠ ᠹᠷᠠᠨᠱᠢᠰ·ᠭᠤᠤ ᠷᠦᠢ ᠵᠢᠨ ᠦᠵᠡᠬᠦ᠌᠎ᠪᠡᠷ᠂ ᠨᠢᠭᠡᠨ ᠪᠠᠢᠩᠭᠤ᠎ᠶ᠋ᠢᠨ ᠵᠣᠬᠢᠶᠠᠨ ᠪᠠᠢᠭᠤᠯᠤᠯᠲᠠ ᠪᠣᠯᠤᠭ᠍ᠰᠠᠨ᠎ᠤ ᠬᠤᠪᠢ᠎ᠳᠤ᠂ ᠳᠡᠯᠡᠬᠡᠢ᠎ᠶ᠋ᠢᠨ ᠢᠨᠲᠸᠷ ᠰᠦᠯᠵᠢᠶᠡᠨ᠎ᠦ ᠶᠡᠬᠡ ᠬᠤᠷᠠᠯ ᠨᠢ ᠲᠣᠭ᠍ᠲᠠᠭᠤᠨ ᠪᠠᠢᠬᠤ᠎ᠶ᠋ᠢ ᠪᠠᠲᠤᠯᠠᠭ᠍ᠰᠠᠨ ᠪᠥᠭᠡᠳ ᠠᠮᠠᠯᠠᠯᠲᠠ᠎ᠪᠠᠨ ᠢᠯᠡᠷᠡᠭᠦᠯᠵᠡᠢ᠂ ᠳᠤᠮᠳᠠᠳᠤ ᠤᠯᠤᠰ ᠳᠡᠯᠡᠬᠡᠢ᠎ᠶ᠋ᠢᠨ ᠢᠨᠲᠸᠷ ᠰᠦᠯᠵᠢᠶᠡᠨ᠎ᠦ ᠶᠡᠬᠡ ᠬᠤᠷᠠᠯ ᠎ᠢ ᠪᠦᠬᠦ᠌ ᠪᠥᠮᠪᠥᠷᠴᠡᠭ᠎ᠦᠨ ᠢᠨᠲᠸᠷ ᠰᠦᠯᠵᠢᠶᠡᠨ᠎ᠦ ᠬᠡᠷᠡᠭ ᠶᠠᠪᠤᠳᠠᠯ᠎ᠤᠨ ᠶᠠᠷᠢᠯᠴᠠᠭ᠎ᠠ ᠪᠣᠯᠭᠠᠨ ᠪᠠᠢᠭᠤᠯᠬᠤ᠎ᠪᠠᠷ ᠴᠢᠷᠮᠠᠢᠵᠤ ᠪᠠᠢᠬᠤ᠂ ᠢᠯᠠᠩᠭᠤᠶ᠎ᠠ ᠢᠨᠲᠸᠷ ᠰᠦᠯᠵᠢᠶᠡᠨ᠎ᠦ ᠵᠠᠰᠠᠯᠲᠠ᠎ᠶ᠋ᠢᠨ ᠬᠦᠷᠢᠶᠡᠨ᠎ᠳᠡᠬᠢ ᠴᠢᠬᠤᠯᠠ ᠤᠯᠠᠨ ᠤᠯᠤᠰ ᠎ᠤᠨ ᠲᠠᠪᠴᠠᠩ ᠪᠣᠯᠬᠤ᠎ᠶ᠋ᠢ ᠣᠯᠵᠤ ᠬᠠᠷᠠᠵᠤ ᠪᠣᠯᠤᠨ᠎ᠠ᠃

ᠳᠡᠯᠡᠬᠡᠢ᠎ᠶ᠋ᠢᠨ ᠢᠨᠲ᠋ᠸᠷ ᠰᠦᠯᠵᠢᠶᠡᠨ᠎ᠦ ᠶᠡᠬᠡ ᠬᠤᠷᠠᠯ ᠨᠢᠭᠡᠨᠲᠡ 5 ᠵᠢᠯ ᠳᠠᠷᠠᠭᠠᠯᠠᠨ《ᠰᠦᠯᠵᠢᠶᠡᠨ᠎ᠦ ᠣᠷᠣᠨ ᠵᠠᠢ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠯᠴᠠᠨ ᠪᠠᠢᠭᠤᠯᠤᠶ᠎ᠠ》 ᠭᠡᠬᠦ᠌ ᠦᠢᠯᠡᠳᠦᠯᠭᠡ᠎ᠶ᠋ᠢᠨ ᠬᠡᠷᠡᠭ᠎ᠦᠨ ᠵᠢᠱ᠌ᠢᠢ᠎ᠡ᠎ᠶ᠋ᠢ ᠴᠤᠭ᠍ᠯᠠᠭᠤᠯᠵᠤ᠂ ᠪᠦᠬᠦ᠌ ᠪᠥᠮᠪᠥᠷᠴᠡᠭ ᠎ᠦᠨ ᠡᠯ᠎ᠡ ᠲᠠᠯ᠎ᠠ᠎ᠶ᠋ᠢᠨ ᠬᠢᠨ᠎ᠦ ᠥᠷᠭᠡᠨ ᠳᠡᠯᠭᠡᠷ ᠤᠷᠤᠯᠴᠠᠯᠭ᠎ᠠ ᠵᠢ ᠤᠯᠪᠠ᠃ ᠵᠢᠯ ᠪᠦᠷᠢ《ᠳᠡᠯᠡᠬᠡᠢ᠎ᠶ᠋ᠢᠨ ᠢᠨᠲ᠋ᠸᠷ ᠰᠦᠯᠵᠢᠶᠡᠨ ᠎ᠦ ᠬᠥᠭ᠌ᠵᠢᠯᠲᠡ᠎ᠶ᠋ᠢᠨ ᠮᠡᠳᠡᠭᠦᠯᠦᠯᠲᠡ》᠂《ᠳᠤᠮᠳᠠᠳᠤ ᠤᠯᠤᠰ ᠎ᠤᠨ ᠢᠨᠲ᠋ᠸᠷ ᠰᠦᠯᠵᠢᠶᠡᠨ ᠎ᠦ ᠬᠥᠭ᠌ᠵᠢᠯᠲᠡ᠎ᠶ᠋ᠢᠨ ᠮᠡᠳᠡᠭᠦᠯᠦᠯᠲᠡ》ᠵᠢᠨ ᠬᠦᠬᠡ ᠭᠠᠳᠠᠷᠳᠤ ᠪᠢᠴᠢᠭ ᠎ᠢ ᠨᠡᠢᠲᠡᠯᠡᠵᠦ᠍᠂ ᠪᠦᠬᠦ᠌ ᠪᠥᠮᠪᠥᠷᠴᠡᠭ᠎ᠦᠨ ᠢᠨᠲ᠋ᠸᠷ ᠰᠦᠯᠵᠢᠶᠡᠨ᠎ᠦ ᠬᠥᠭ᠌ᠵᠢᠯᠲᠡ ᠪᠣᠯᠤᠨ ᠵᠠᠰᠠᠯᠲᠠ᠎ᠳᠤ ᠦᠵᠡᠯ ᠰᠠᠨᠠᠭᠠᠨ᠎ᠤ ᠬᠠᠷᠢᠯᠴᠠᠨ ᠲᠤᠯᠢᠳᠠᠯ ᠪᠣᠯᠤᠨ ᠤᠶᠤᠨ᠎ᠤ ᠲᠤᠯᠭᠠᠭᠤᠷᠢᠯᠠᠯ ᠬᠠᠩᠭᠠᠵᠤ ᠪᠠᠢᠨ᠎ᠠ᠃

《ᠳᠤᠮᠳᠠᠳᠤ ᠤᠯᠤᠰ ᠲᠣᠭᠠᠴᠢᠯᠠᠭ᠍ᠰᠠᠨ ᠬᠡᠯᠪᠡᠷᠢ᠎ᠶ᠋ᠢ ᠬᠤᠪᠢᠷᠠᠭᠤᠯᠬᠤ ᠲᠠᠯ᠎ᠠ᠎ᠪᠠᠷ ᠢᠯᠡᠳᠲᠡ ᠠᠮᠵᠢᠯᠲᠠ ᠣᠯᠵᠤ᠂ ᠭᠦᠨ ᠵᠤᠵᠠᠭᠠᠨ ᠮᠡᠷᠭᠡᠵᠢᠯ᠎ᠦᠨ ᠪᠣᠳᠠᠲᠤ ᠬᠦᠴᠦᠨ ᠪᠣᠯᠤᠨ ᠱᠢᠨ᠎ᠡ᠎ᠶ᠋ᠢ ᠡᠭᠦᠳᠬᠦ᠌ ᠰᠡᠳᠭᠢᠬᠦᠢ ᠎ᠳᠡᠭᠡᠨ ᠲᠦᠱᠢᠭ᠌ᠯᠡᠨ᠂ ᠳᠤᠮᠳᠠᠳᠤ ᠤᠯᠤᠰ ᠥᠪᠡᠷᠮᠢᠴᠡ ᠠᠵᠠ ᠲᠣᠬᠢᠶᠠᠯ᠎ᠢ ᠤᠭ᠍ᠲᠤᠨ ᠠᠪᠴᠤ᠌᠂ ᠳᠡᠯᠡᠬᠡᠢ ᠳ᠋ᠠᠬᠢᠨ᠎ᠲᠠᠶ ᠠᠮᠵᠢᠯᠲᠠ᠎ᠲᠠᠶ ᠲᠤᠷᠱᠢᠯᠭ᠎ᠠ᠎ᠪᠠᠨ ᠬᠤᠪᠢᠶᠠᠯᠴᠠᠨ ᠡᠳ᠋ᠯᠡᠵᠦ᠍᠂ ᠪᠦᠬᠦ᠌ ᠪᠥᠮᠪᠥᠷᠴᠡᠭ᠎ᠦᠨ ᠬᠠᠮᠲᠤ᠎ᠶ᠋ᠢᠨ ᠲᠠᠪᠱᠢᠯᠳᠠ᠎ᠶ᠋ᠢ ᠠᠬᠢᠭᠤᠯᠵᠤ ᠪᠠᠢᠨ᠎ᠠ》 ᠭᠡᠵᠦ᠍ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠮᠤ ᠪᠤᠳᠠᠭ᠎ᠠ ᠵᠢᠴᠢ ᠬᠦᠳᠡᠭᠡ ᠠᠵᠤ ᠠᠬᠤᠢ ᠵᠢᠨ ᠵᠣᠬᠢᠶᠠᠨ ᠪᠠᠢᠭᠤᠯᠤᠯᠲᠠ᠎ᠶ᠋ᠢᠨ ᠮᠡᠳᠡᠭᠡ ᠵᠠᠩᠭᠢ᠎ᠶ᠋ᠢᠨ ᠲᠡᠷᠢᠭᠦᠨ ᠲᠤᠱᠢᠶᠠᠯᠲᠠᠨ ᠳ᠋ᠸᠶᠠᠩ· ᠶᠠᠺᠸᠹᠯᠢᠶ᠍ᠸᠸᠢᠴ ᠬᠡᠯᠡᠪᠡ᠃

ᠡᠨᠡ ᠵᠢᠯ ᠎ᠦᠨ ᠲᠦᠷᠦᠭᠦᠴᠦᠳ ᠎ᠦᠨ ᠬᠤᠷᠠᠯ ᠨᠢᠭᠡᠨᠲᠡ ᠥᠨᠳᠥᠷᠯᠡᠵᠦ᠍᠂ ᠲᠣᠭᠠᠴᠢᠯᠠᠭ᠍ᠰᠠᠨ ᠢᠷᠡᠭᠡᠳᠦᠶ᠎ᠶ᠋ᠢᠨ ᠲᠤᠬᠠᠶ ᠬᠠᠭᠤᠳᠠᠰᠤ ᠎ᠶ᠋ᠢ ᠦᠷᠭᠦᠯᠵᠢᠯᠡᠨ ᠪᠢᠴᠢᠭ᠌ᠯᠡᠭ᠌ᠰᠡᠭᠡᠷ ᠪᠠᠢᠨ᠎ᠠ᠃ ᠡᠣ ᠵᠸᠨ ᠪᠠᠯᠭᠠᠰᠤᠨ᠎ᠤ᠋ ᠲᠦᠷᠦᠭᠦᠴᠦᠳ᠎ᠦᠨ ᠬᠤᠷᠠᠯ᠎ᠵᠢᠡᠷ ᠳᠡᠮᠵᠢᠨ᠂ ᠰᠦᠯᠵᠢᠶᠡᠨ᠎ᠦ ᠣᠷᠣᠨ ᠵᠠᠶ ᠎ᠶ᠋ᠢᠨ ᠬᠤᠪᠢ ᠵᠠᠶᠠᠭᠠᠨ᠎ᠤ ᠬᠠᠮᠲᠤ ᠎ᠶ᠋ᠢᠨ ᠴᠣᠭ᠍ᠴᠠ ᠎ᠶ᠋ᠢ ᠪᠠᠢᠭᠤᠯᠬᠤ ᠣᠢᠯᠠᠭᠠᠭ᠍ᠳᠠᠬᠤᠨ ᠎ᠤ ᠵᠢᠯᠣᠭᠣᠳᠣᠯᠭ᠎ᠠ ᠳᠤᠤᠷ᠎ᠠ᠂ ᠢᠨᠲ᠋ᠸᠷ ᠰᠦᠯᠵᠢᠶᠡᠨ ᠎ᠦ ᠦᠶ᠋ᠯᠡᠰ᠎ᠦᠨ ᠬᠥᠭ᠌ᠵᠢᠯᠲᠡ ᠨᠠᠩ ᠶᠡᠬᠡ ᠬᠦᠰᠡᠯ ᠡᠷᠡᠮᠡᠯᠵᠡᠯ ᠲᠠᠯᠪᠢᠵᠤ ᠪᠠᠢᠭ᠎ᠠ ᠮᠠᠷᠭᠠᠰᠢ ᠎ᠶ᠋ᠢ ᠣᠯᠵᠤ ᠬᠠᠷᠠᠬᠤ ᠪᠣᠯᠤᠨ᠎ᠠ᠃

(ᠰᠢᠨᠬᠤᠸᠠ ᠬᠤᠷᠢᠶ᠎ᠠ ᠵᠢᠨ ᠬᠠᠨᠭᠵᠸᠤ ᠵᠢᠨ 11 ᠰᠠᠷ᠎ᠠ ᠵᠢᠨ 9 ᠤ᠋ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面