2025-12-16 09:33:46
— ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠥᠷᠭᠡᠨ ᠤᠯᠠᠨ ᠺᠠᠳ᠋ᠷ ᠤᠯᠠᠨ ᠲᠦᠮᠡᠨ᠎ᠦ ᠡᠷᠡᠮᠡᠬᠡᠢᠯᠡᠨ ᠲᠡᠮᠡᠴᠡᠵᠦ ᠱᠢᠨ᠎ᠡ ᠪᠠᠢᠳᠠᠯ᠎ᠢ ᠡᠬᠦᠳᠬᠥ ᠶ᠋ᠢ ᠵᠣᠷᠢᠭ᠍ᠵᠢᠭᠤᠯᠪᠠ
ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ 12 ᠰᠠᠷ᠎ᠠ᠎ᠶ᠋ᠢᠨ 10 ᠡᠴᠡ 11 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠶᠡᠷᠦᠩᠬᠡᠢ ᠱᠦᠵᠢ ᠰᠢ ᠵᠢᠨ ᠫᠢᠩ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃
ᠣᠢᠷ᠎ᠠ᠎ᠶ᠋ᠢᠨ ᠡᠳᠦᠷ᠎ᠦᠳ᠎ᠲᠦ᠂ ᠡᠯ᠎ᠡ ᠭᠠᠵᠠᠷ᠎ᠤᠨ ᠺᠠᠳ᠋ᠷ ᠣᠯᠠᠨ ᠲᠦᠮᠡᠨ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ ᠪᠠᠢᠨ᠎ᠠ᠃ ᠤᠯᠠᠨ᠎ᠢᠶᠠᠷ᠎ᠢᠶᠠᠨ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠡᠷᠡᠮᠡᠬᠡᠢᠯᠡᠨ ᠲᠡᠮᠡᠴᠡᠵᠦ᠍᠂ ᠪᠣᠳᠠᠲᠠᠢ ᠠᠵᠢᠯᠯᠠᠵᠤ᠂ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠭᠡᠵᠦ᠍᠂ ᠡᠯ᠎ᠡ ᠲᠠᠯ᠎ᠠ᠎ᠶ᠋ᠢᠨ ᠳᠠᠪᠠᠭᠤᠯᠢᠭ᠎ᠢ ᠴᠢᠨᠠᠷ ᠰᠠᠢᠲᠠᠢ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠣᠳᠠᠲᠠᠢ ᠠᠵᠢᠯᠯᠠᠵᠤ ᠪᠣᠳᠠᠲᠤ ᠠᠮᠵᠢᠯᠲᠠ ᠪᠦᠳᠦᠮᠵᠢ ᠭᠠᠷᠭᠠᠬᠤ᠎ᠪᠠᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃
ᠢᠲᠡᠭᠡᠯ ᠵᠣᠷᠢᠭ᠎ᠢᠶᠠᠨ ᠬᠥᠪᠴᠢᠯᠡᠵᠦ᠍ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭᠲᠠᠷᠠᠭᠤᠯᠤᠨ᠎ᠠ
ᠬᠤᠷᠠᠯ᠎ᠤᠨ ᠲᠠᠷᠠᠭ᠎ᠠ ᠲᠡᠷᠡ ᠲᠤᠤᠷ᠎ᠠ ᠨᠢ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭᠰᠠᠨ ᠫᠢᠩ ᠯᠦ᠍ ᠲᠠᠲᠠᠮᠠᠯ ᠭᠤᠤᠯ᠎ᠤᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠵᠢᠶᠧ ᠶᠦᠨ᠂ 2026 ᠣᠨ᠎ᠤ ᠡᠴᠦᠰ᠎ᠢᠶᠡᠷ ᠪᠠᠷᠢᠯᠭ᠎ᠠ ᠲᠠᠭᠤᠰᠬᠠᠵᠤ ᠠᠶᠠᠯᠠᠯ ᠨᠡᠪᠲᠡᠷᠡᠬᠦ᠌ ᠬᠠᠷᠠᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠱᠢᠪᠲᠤᠯᠵᠤ᠂ ᠲᠠᠲᠠᠮᠠᠯ ᠭᠣᠣᠯ᠎ᠢᠶᠠᠷ ᠬᠣᠯᠪᠣᠭᠠᠰᠤ ᠪᠣᠯᠭᠠᠭ᠍ᠰᠠᠨ ᠤᠯᠠᠨ ᠬᠡᠯᠪᠡᠷᠢ᠎ᠶ᠋ᠢᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠱᠢᠰᠲ᠋ᠧᠮ᠎ᠢ ᠬᠦᠴᠦᠯᠡᠨ ᠪᠠᠢᠭᠤᠯᠵᠤ᠂ ᠫᠢᠩ ᠯᠦ᠍ ᠲᠠᠲᠠᠮᠠᠯ ᠭᠣᠣᠯ᠎ᠢ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠠᠬᠢᠭᠤᠯᠬᠤ ᠪᠡᠯᠭᠡ ᠲᠡᠮᠳᠡᠭ᠎ᠦᠨ ᠴᠢᠨᠠᠷᠲᠠᠢ ᠢᠨᠵᠧᠨᠧᠷᠢᠩ ᠪᠣᠯᠭᠠᠨ ᠪᠦᠳᠦᠭᠡᠨ ᠪᠠᠢᠭᠤᠯᠬᠤ᠎ᠪᠠᠷ ᠴᠢᠷᠮᠠᠢᠨ᠎ᠠ ᠭᠡᠵᠦ᠍ ᠢᠯᠡᠳᠭᠡᠪᠡ᠃
ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠪᠤᠯᠬᠤ ᠱᠢᠭ᠌ᠸᠮᠠᠢ ᠬᠤᠪᠢᠴᠠᠭᠠᠲᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠵᠠᠬᠢᠷᠤᠯ ᠵᠢᠶᠠᠩ ᠮᠦ᠍ ᠯᠢᠨ᠂ 《ᠪᠢᠳᠡ ᠳᠣᠲᠣᠷ ᠲᠠᠮᠢᠷ᠎ᠢᠶᠠᠨ ᠬᠦᠴᠦᠯᠡᠨ ᠴᠢᠩᠭᠠᠷᠠᠭᠤᠯᠵᠤ᠂ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠨᠡᠩ ᠴᠢᠨᠠᠷ ᠰᠠᠢᠲᠠᠢ ᠦᠢᠯᠡᠳᠬᠦᠨ ᠪᠣᠯᠤᠨ ᠦᠢᠯᠡᠴᠢᠯᠡᠭᠡ᠎ᠪᠡᠷ᠎ᠢᠶᠡᠨ ᠤᠯᠠᠨ ᠡᠱᠢᠵᠢᠭ᠌ᠰᠡᠨ ᠵᠠᠬ᠎ᠠ ᠳᠡᠯᠭᠡᠭᠦᠷ᠎ᠦᠨ ᠬᠦᠷᠢᠶᠡᠯᠡᠯ᠎ᠢ ᠤᠯᠤᠨ᠎ᠠ》 ᠭᠡᠵᠦ ᠢᠯᠡᠳᠭᠡᠪᠡ᠃
《ᠪᠢᠳᠡ ᠨᠢᠮᠪᠡᠭᠡ᠎ᠵᠢᠨ ᠠᠵᠤ ᠦᠢᠯᠡᠰ᠎ᠤᠨ ᠲᠤᠭᠤᠷᠢᠨ᠎ᠳᠤ ᠤᠨᠴᠠᠯᠢᠬ᠍ᠳᠤ ᠠᠵᠤ ᠦᠶ᠋ᠯᠡᠰ᠎ᠦᠨ ᠠᠵᠢᠯ᠎ᠢ ᠰᠠᠢᠲᠤᠷ ᠬᠢᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠨᠡᠮᠡᠯᠲᠡ ᠥᠷᠲᠡᠭ᠎ᠢ ᠳᠡᠭᠡᠭ᠌ᠰᠢᠯᠡᠭᠦᠯᠬᠦ᠌᠂ ᠱᠢᠨ᠎ᠡ ᠬᠡᠷᠡᠭ᠌ᠯᠡᠭᠡᠨ᠎ᠦ ᠴᠡᠭ᠎ᠢ ᠠᠭᠤᠳᠠᠯᠤᠨ ᠪᠣᠢᠵᠢᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠨ᠎ᠠ》 ᠭᠡᠵᠦ᠍ ᠰᠧᠴᠤᠸᠠᠨ᠎ᠤ ᠠᠨ ᠶᠤᠸᠠᠢ ᠱᠢᠶᠠᠨ᠎ᠤ ᠨᠢᠮᠪᠡᠭᠡ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠬᠠᠷᠢᠭᠤᠴᠠᠯᠭᠠᠲᠠᠨ ᠲᠢᠶᠠᠨ ᠵᠢᠩ ᠬᠤᠸᠠ ᠬᠡᠯᠡᠪᠡ᠃
ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠃ ᠥᠩᠭᠡᠷᠡᠭ᠌ᠰᠡᠨ 5 ᠵᠢᠯ᠎ᠳᠦ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠭᠦᠨᠵᠡᠭᠡᠢ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠮᠠᠨ᠎ᠤ ᠤᠯᠤᠰ᠎ᠤᠨ ᠠᠵᠤ ᠠᠬᠤᠢ ᠡᠯ᠎ᠡ ᠵᠦᠢᠯ᠎ᠦᠨ ᠴᠤᠬᠢᠯᠳᠠ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠪᠡ᠃
ᠴᠢᠩᠬᠤᠸᠠ ᠶᠡᠬᠡ ᠰᠤᠷᠭᠠᠭᠤᠯᠢ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠪᠠᠢᠩᠭᠤ᠎ᠶ᠋ᠢᠨ ᠳᠡᠳ᠋ ᠳᠠᠷᠤᠭ᠎ᠠ ᠳ᠋ᠦᠩ ᠢᠦᠢ᠂ ᠢᠲᠡᠭᠡᠯ ᠵᠣᠷᠢᠭ᠎ᠢᠶᠠᠨ ᠪᠠᠲᠤᠳᠭᠠᠵᠤ᠂ ᠳᠠᠪᠠᠭᠤᠯᠢᠭ᠎ᠢᠶᠠᠨ ᠰᠠᠢᠲᠤᠷ ᠠᠱᠢᠭ᠍ᠯᠠᠵᠤ᠂ ᠥᠷᠢᠰᠥᠯᠳᠦᠭᠡᠨ᠎ᠢ ᠠᠷᠭᠠᠴᠠᠭᠠᠵᠤ᠂ ᠬᠤᠷᠠᠯ᠎ᠤᠨ ᠪᠠᠢᠷᠢᠯᠠᠭᠤᠯᠤᠯᠲᠠ᠎ᠶ᠋ᠢ ᠠᠵᠤ ᠠᠬᠤᠢ᠎ᠶ᠋ᠢᠨ ᠠᠵᠢᠯ᠎ᠤᠨ ᠡᠯ᠎ᠡ ᠲᠠᠯ᠎ᠠ᠎ᠳᠤ ᠦᠨᠡᠨ ᠬᠦ᠌ ᠲᠤᠭᠤᠱᠢᠯᠠᠭᠤᠯᠤᠨ ᠨᠠᠢᠳᠠᠪᠤᠷᠢᠵᠢᠭᠤᠯᠪᠠᠯ᠂ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍ ᠴᠢᠳᠠᠬᠤ ᠨᠢ ᠯᠠᠪᠲᠠᠢ ᠶᠤᠮ ᠭᠡᠵᠦ ᠢᠯᠡᠳᠭᠡᠪᠡ᠃
ᠴᠢᠭᠯᠡᠯ᠎ᠢᠶᠡᠨ ᠲᠤᠳᠤᠷᠬᠠᠢᠯᠠᠵᠤ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠨ᠎ᠡ
ᠬᠤᠷᠠᠯ᠎ᠡᠴᠡ 《ᠪᠡᠭᠡᠵᠢᠩ (ᠪᠡᠭᠡᠵᠢᠩ ᠲᠢᠶᠠᠨᠵᠢᠨ ᠾᠸᠪᠸᠢ)᠂ ᠱᠠᠩᠬᠠᠢ (ᠬᠥᠬᠡᠮᠥ᠋ᠷᠡᠨ᠎ᠦ ᠭᠤᠷᠪᠠᠯᠵᠢᠨ ᠬᠣᠢᠭ᠋)᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠤᠯᠠᠨ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠢ ᠪᠠᠶ᠋ᠢᠭᠤᠯᠬᠤ ᠬᠡᠷᠡᠭᠲᠡᠢ》 ᠭᠡᠵᠦ ᠳᠤᠷᠠᠳᠪᠠ᠃
ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠢᠯᠡ ᠲᠣᠳᠣ᠌ ᠳᠡᠪᠢᠰᠬᠡᠷ ᠥᠩᠭᠡ ᠮᠥᠨ᠃ ᠬᠤᠷᠠᠯ᠎ᠡᠴᠡ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠬᠤ ᠥᠭᠡᠷᠡᠴᠢᠯᠡᠯᠲᠡ᠎ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃
《ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠡᠴᠡ ᠪᠢᠳᠡᠨ᠎ᠳᠦ 〈ᠪᠤᠬᠢᠷᠳᠤᠯ ᠦᠭᠡᠢ〉 ᠳᠡᠢᠰᠢ ᠤᠷᠤᠭᠰᠢᠯᠠᠬᠤ ᠬᠥᠭᠵᠢᠯᠲᠡ᠎ᠶᠢᠨ ᠴᠢᠭᠯᠡᠯ᠎ᠢ ᠲᠣᠳᠣᠷᠬᠠᠢ ᠵᠢᠭᠠᠵᠤ ᠥᠭᠴᠡᠢ》 ᠭᠡᠵᠦ ᠵᠢᠨ ᠺᠦᠩ ᠴᠠᠬᠢᠯᠭᠠᠨ ᠬᠦᠴᠦᠨ᠎ᠦ ᠲᠠ ᠱᠠᠨ ᠴᠠᠬᠢᠯᠭᠠᠨ ᠭᠠᠷᠭᠠᠬᠤ ᠺᠣᠮᠫᠠᠨᠢ᠎ᠶᠢᠨ ᠱᠠᠨ ᠰᠢ᠎ᠶᠢᠨ ᠬᠢᠵᠠᠭᠠᠷᠲᠤ ᠺᠣᠮᠫᠠᠨᠢ᠎ᠶᠢᠨ ᠴᠠᠬᠢᠯᠭᠠᠨ ᠭᠠᠷᠭᠠᠬᠤ ᠠᠵᠢᠯᠯᠠᠭᠠᠨ᠎ᠤ ᠬᠡᠯᠲᠡᠰ᠎ᠦᠨ ᠬᠠᠷᠢᠭᠤᠴᠠᠯᠭᠠᠲᠠᠨ ᠶᠤᠸᠠᠨ ᠭᠦᠸᠧ ᠱᠧᠩ ᠬᠡᠯᠡᠪᠡ᠃
《ᠪᠢᠳᠡ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ 〈ᠭᠣᠣᠯᠳᠠᠯᠭ᠎ᠠ᠎ᠲᠠᠢ ᠬᠣᠲᠠ᠎ᠶᠢᠨ ᠰᠦᠷᠦᠭᠵᠢᠯ᠎ᠦᠨ ᠵᠣᠬᠢᠴᠠᠯᠳᠤᠨ ᠬᠣᠯᠪᠣᠯᠳᠤᠬᠤ᠎ᠶᠢ ᠴᠢᠩᠭᠠᠳᠬᠠᠵᠤ᠂ ᠵᠠᠰᠠᠭ ᠵᠠᠬᠢᠷᠭᠠᠨ᠎ᠤ ᠣᠷᠣᠨ ᠠᠯᠤᠰᠯᠠᠭᠰᠠᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ〉 ᠲᠤᠬᠠᠢ ᠱᠠᠭᠠᠷᠳᠠᠯᠭ᠎ᠠ᠎ᠶᠢ ᠪᠥᠬᠥ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠤᠨ᠎ᠠ》᠃ ᠭᠤᠸᠠᠩᠳᠦ᠋ᠩ ᠮᠤᠵᠢ᠎ᠶᠢᠨ ᠾᠧᠩ ᠴᠢᠨᠤ ᠠᠯᠪᠠᠨ ᠭᠡᠷ᠎ᠦᠨ ᠡᠷᠬᠢᠯᠡᠭᠴᠢ ᠨᠢᠶᠸ ᠰᠢᠨ ᠫᠢᠩ᠂ ᠾᠧᠩ ᠴᠢᠨ 《ᠣᠣᠮᠧᠨ᠎ᠦ ᠲᠠᠪᠴᠠᠩ + ᠣᠯᠠᠨ ᠤᠯᠤᠰ᠎ᠤᠨ ᠡᠬᠢ ᠪᠠᠶᠠᠯᠢᠭ᠋ + ᠾᠧᠩ ᠴᠢᠨᠤ ᠣᠷᠣᠨ ᠵᠠᠢ + ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ》 ᠠᠵᠤ ᠦᠢᠯᠡᠰ᠎ᠦᠨ ᠬᠣᠯᠪᠣᠯᠳᠤᠨ ᠬᠥᠳᠡᠯᠦᠯᠴᠡᠬᠦ ᠵᠠᠭᠪᠤᠷ᠎ᠢ ᠤᠯᠠᠮ ᠴᠢᠨᠠᠭᠰᠢᠳᠠ ᠭᠦᠨᠵᠡᠭᠡᠢᠷᠡᠭᠦᠯᠵᠦ᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠤ ᠬᠣᠲᠠ᠎ᠶᠢᠨ ᠰᠦᠷᠦᠭᠵᠢᠯ ᠲᠠᠢ ᠬᠠᠮᠵᠢᠯᠴᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠳᠤ ᠨᠠᠩ ᠥᠨᠳᠥᠷ ᠲᠦᠪᠰᠢᠨ ᠪᠦᠬᠦᠢ ᠣᠷᠣᠨ ᠪᠦᠰᠡ᠎ᠶᠢᠨ ᠦᠢᠯᠡᠳᠦᠯᠭᠡ ᠬᠠᠩᠭᠠᠨ᠎ᠠ ᠭᠡᠵᠦ ᠢᠯᠡᠳᠭᠡᠪᠡ᠃
ᠠᠵᠢᠯᠯᠠᠬᠤ᠎ᠵᠢ ᠲᠡᠷᠢᠭᠦᠨ ᠳ᠋ᠤ ᠲᠠᠯᠪᠢᠵᠤ ᠰᠢᠨ᠎ᠡ ᠪᠠᠢᠳᠠᠯ᠎ᠢ ᠡᠭᠦᠳᠤᠨ᠎ᠠ
ᠠᠵᠤ ᠠᠬᠤᠢ᠎ᠶᠢᠨ ᠲᠣᠮᠣ᠌ ᠮᠤᠵᠢ ᠪᠣᠯ ᠳᠤᠮᠳᠠᠳᠤ ᠤᠯᠤᠰ᠎ᠤᠨ ᠠᠵᠤ ᠠᠬᠤᠢ᠎ᠶᠢᠨ ᠦᠨᠳᠦᠰᠦᠨ ᠪᠠᠢᠳᠠᠯ᠎ᠢ ᠲᠣᠭᠲᠠᠪᠤᠷᠢᠵᠢᠭᠤᠯᠬᠤ 《ᠰᠠᠭᠤᠷᠢ ᠴᠢᠯᠠᠭᠤ》 ᠪᠠ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ 《ᠪᠤᠬ᠎ᠠ ᠲᠡᠷᠭᠡ》 ᠮᠥᠨ᠃ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠡᠴᠡ᠂ ᠠᠵᠤ ᠠᠬᠤᠢ᠎ᠶᠢᠨ ᠲᠣᠮᠣ᠌ ᠮᠤᠵᠢ᠎ᠶᠢᠨ ᠴᠢᠬᠤᠯᠠ ᠶᠡᠬᠡ ᠡᠭᠦᠷᠭᠡ ᠵᠢ ᠡᠭᠦᠷᠭᠡᠯᠡᠬᠦ᠎ᠶᠢ ᠳᠡᠮᠵᠢᠬᠦ ᠬᠡᠷᠡᠭᠲᠡᠢ ᠭᠡᠵᠦ ᠳᠤᠷᠠᠳᠪᠠ᠃
ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠨᠢ ᠠᠷᠠᠳ᠎ᠤᠨ ᠠᠮᠢᠳᠤᠷᠠᠯ᠎ᠢᠶᠠᠷ ᠭᠤᠤᠯ ᠪᠤᠯᠭᠠᠳᠠᠭ᠃ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠡᠴᠡ 《ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠲᠠᠷᠢᠶᠠᠴᠢᠳ ᠵᠡᠷᠭᠡ ᠭᠣᠣᠯᠳᠠᠯᠭ᠎ᠠ᠎ᠲᠠᠢ ᠬᠦᠮᠦᠰ ᠤ᠋ᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ》᠂ 《ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠪᠠᠢᠷᠢᠰᠢᠯ᠎ᠤᠨ ᠪᠦᠲᠦᠴᠡ᠎ᠶᠢᠨ ᠲᠣᠬᠢᠷᠠᠭᠤᠯᠤᠯᠲᠠ᠎ᠶᠢ ᠠᠬᠢᠭᠤᠯᠬᠤ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠬᠴᠢ ᠵᠢᠨ ᠤᠷᠤ ᠵᠢᠨ ᠬᠠᠩᠭᠠᠯᠭ᠎ᠠ ᠪᠠ ᠴᠢᠨᠠᠷ ᠰᠠᠢᠲᠠᠢ ᠶᠡᠬᠡ ᠳᠡᠭᠡᠳᠦ ᠰᠤᠷᠭᠠᠭᠤᠯᠢ᠎ᠶᠢᠨ ᠵᠢᠩᠬᠢᠨᠢ ᠠᠩᠭᠢ᠎ᠶᠢᠨ ᠰᠣᠷᠣᠭ᠍ᠴᠢ ᠡᠯᠰᠡᠬᠦ ᠲᠤᠭ᠎ᠠ᠎ᠶᠢ ᠨᠡᠮᠡᠭᠳᠡᠭᠦᠯᠬᠦ》 ᠵᠡᠷᠭᠡ ᠣᠯᠠᠨ ᠵᠦᠢᠯ᠎ᠦᠨ ᠪᠠᠢᠷᠢᠯᠠᠭᠤᠯᠤᠯᠲᠠ ᠲᠣᠬᠢᠷᠠᠭᠤᠯᠤᠯᠲᠠ ᠬᠢᠪᠡ᠃
ᠣᠢᠷ᠎ᠠ᠎ᠶᠢᠨ ᠬᠡᠳᠦᠨ ᠡᠳᠦᠷ᠂ ᠱᠠᠨᠳᠦ᠋ᠩ ᠶᠡᠬᠡ ᠰᠤᠷᠭᠠᠭᠤᠯᠢ᠎ᠶᠢᠨ ᠣᠶᠤᠲᠠᠳ᠎ᠤᠨ ᠠᠵᠢᠯ ᠣᠯᠵᠤ ᠦᠢᠯᠡᠰ ᠪᠣᠰᠬᠠᠬᠤ᠎ᠶᠢ ᠵᠢᠯᠤᠭᠣᠳᠬᠤ ᠲᠥᠪ᠎ᠦᠨ ᠡᠷᠬᠢᠯᠡᠭᠴᠢ ᠭᠦᠸᠧ ᠴᠦᠨ ᠱᠧᠩ ᠤᠯᠠᠨ ᠲᠠᠯᠠᠪᠤᠷ ᠠᠵᠢᠯ ᠣᠯᠭᠣᠯᠲᠠ᠎ᠶᠢᠨ ᠵᠢᠯᠤᠭᠣᠳᠬᠤ ᠬᠤᠷᠠᠯ᠎ᠢ ᠵᠣᠬᠢᠶᠠᠨ ᠪᠠᠢᠭᠤᠯᠵᠤ᠂ ᠠᠵᠢᠯ ᠲᠦᠷᠦᠯ᠎ᠦᠨ ᠲᠤᠰᠬᠠᠢ ᠮᠡᠷᠭᠡᠵᠢᠯᠲᠡᠨ᠎ᠢ ᠤᠷᠢᠵᠤ ᠣᠶᠤᠲᠠᠳ᠎ᠲᠤ ᠬᠠᠮᠤᠭ᠎ᠤᠨ ᠰᠢᠨ᠎ᠡ ᠠᠵᠢᠯ ᠣᠯᠭᠣᠯᠲᠠ᠎ᠶᠢᠨ ᠪᠠᠢᠳᠠᠯ᠎ᠢ ᠲᠠᠢᠯᠪᠤᠷᠢᠯᠠᠵᠤ ᠥᠭᠪᠡ᠃ ᠭᠦᠸᠧ ᠴᠦᠨ ᠱᠧᠩ᠄《ᠪᠢᠳᠡ ᠵᠠᠬ᠎ᠠ ᠳᠡᠯᠭᠡᠭᠦᠷ᠎ᠦᠨ ᠬᠡᠷᠡᠭᠴᠡᠭᠡ᠎ᠶᠢ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠬᠤᠸᠠ ᠸᠧᠢ᠂ ᠪᠢ ᠶᠠ ᠳᠢ ᠵᠡᠷᠭᠡ ᠣᠯᠠᠨ ᠠᠵᠢᠯ ᠲᠥᠷᠥᠯ᠎ᠦᠨ ᠲᠠᠭᠠᠭᠤᠯᠤᠬᠴᠢ ᠠᠵᠤ ᠠᠬᠤᠢᠯᠠᠯ᠎ᠲᠠᠢ ᠬᠠᠨᠳᠤᠯᠭ᠎ᠠ᠎ᠲᠠᠢ᠎ᠪᠠᠷ ᠬᠠᠮᠲᠤᠷᠠᠯᠴᠠᠬᠤ᠎ᠶᠢ ᠴᠢᠨᠠᠭᠰᠢᠳᠠ ᠭᠦᠨᠵᠡᠭᠡᠢᠷᠡᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠦᠢᠯᠡᠳᠦᠯᠭᠡ᠎ᠶᠢᠨ ᠲᠥᠪ᠎ᠢ ᠰᠦᠪᠡᠭᠴᠢᠯᠡᠨ ᠪᠠᠢᠭᠤᠯᠤᠨ᠎ᠠ》 ᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃