2025-12-17 10:39:55
— 《ᠲᠠᠪᠤᠨ ᠡᠷᠬᠡᠪᠰᠢ》 ᠶ᠋ᠢ ᠰᠤᠷᠤᠯᠴᠠᠨ ᠣᠢᠯᠠᠭᠠᠵᠤ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠶ᠎ᠡ
ᠲᠦᠷᠦᠭᠦᠬᠡᠨ ᠬᠤᠷᠠᠯᠳᠤᠭ᠍ᠰᠠᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠲᠠᠪᠤᠨ ᠡᠷᠬᠡᠪᠰᠢ》 ᠪᠡᠷ ᠱᠢᠨ᠎ᠡ ᠪᠠᠢᠳᠠᠯ ᠳᠣᠣᠷᠠᠬᠢ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠲᠤᠬᠠᠢ ᠱᠢᠨ᠎ᠡ ᠲᠠᠨᠢᠯᠲᠠ ᠪᠠ ᠲᠦᠷᠦᠭ᠌ᠳᠡᠯ᠎ᠢ ᠬᠤᠷᠢᠶᠠᠩᠭᠤᠢᠯᠠᠪᠠ᠃ ᠡᠭᠦᠨ᠎ᠳᠦ᠂ 《ᠡᠷᠬᠡᠪᠰᠢ ᠠᠵᠤ ᠠᠬᠤᠶ᠎ᠶ᠋ᠢᠨ ᠳᠠᠯᠳᠠ ᠬᠦᠴᠦᠨ᠎ᠢ ᠭᠦᠶ᠋ᠴᠡᠳ ᠠᠭᠤᠳᠠᠯᠬᠤ ᠬᠡᠷᠡᠭ᠌ᠲᠡᠶ》 ᠭᠡᠳᠡᠭ ᠨᠢ ᠲᠡᠷᠢᠭᠦᠨ᠎ᠳᠦ ᠵᠢᠭ᠍ᠰᠠᠭᠠᠭ᠍ᠳᠠᠵᠤ ᠪᠠᠢᠨ᠎ᠠ᠃
ᠳᠠᠯᠳᠠ ᠬᠦᠴᠦᠨ᠎ᠢ ᠭᠦᠨᠵᠡᠭᠡᠢ ᠲᠠᠨᠢᠵᠤ᠂ ᠳᠠᠯᠳᠠ ᠬᠦᠴᠦᠨ᠎ᠢ ᠪᠦᠲᠦᠮᠵᠢᠲᠡᠢ ᠬᠥᠭ᠌ᠵᠢᠭᠡᠵᠦ᠍᠂ ᠲᠡᠭᠦᠨ᠎ᠢ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠰᠦᠷ ᠳᠠᠯᠠᠢᠴᠠᠲᠠᠢ ᠬᠥᠳᠡᠯᠭᠡᠬᠦ᠌ ᠡᠨᠧᠷᠭᠢ ᠪᠣᠯᠭᠠᠨ ᠬᠤᠪᠢᠷᠠᠭᠤᠯᠪᠠᠯ᠂ ᠪᠢᠳᠡ ᠯᠠᠪᠲᠠᠢ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌ ᠪᠣᠯᠤᠨ᠎ᠠ᠃
ᠪᠠᠢᠯᠳᠤᠬᠤ ᠪᠣᠳᠣᠯᠭ᠎ᠠ᠎ᠶ᠋ᠢᠨ ᠢᠲᠡᠭᠡᠯ᠎ᠢᠶᠡᠨ ᠪᠠᠲᠤᠳᠭᠠᠵᠤ ᠮᠠᠨ᠎ᠤ ᠤᠯᠤᠰ᠎ᠤᠨ ᠠᠵᠤ ᠠᠬᠤᠶ᠎ᠶ᠋ᠢᠨ ᠳᠠᠪᠠᠭᠤᠯᠢᠭ ᠪᠠ ᠳᠠᠯᠳᠠ ᠬᠦᠴᠦᠨ᠎ᠢ ᠭᠦᠶ᠋ᠴᠡᠳ ᠡᠵᠡᠮᠳᠡᠨ᠎ᠡ
ᠣᠢᠷ᠎ᠠ᠎ᠳᠤ᠂ ᠳᠡᠯᠡᠬᠡᠶ᠎ᠶ᠋ᠢᠨ ᠪᠠᠩᠬᠢ᠂ ᠣᠯᠠᠨ ᠤᠯᠤᠰ᠎ᠤᠨ ᠵᠣᠭᠣᠰᠣᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ᠂ ᠠᠽᠢᠶ᠎ᠠ ᠲᠢᠪ᠎ᠦᠨ ᠨᠡᠭᠡᠭᠡᠨ ᠬᠥᠭ᠌ᠵᠢᠭᠦᠯᠦᠯᠲᠡ ᠵᠢᠨ ᠪᠠᠩᠬᠢ ᠵᠡᠷᠭᠡ ᠣᠯᠠᠨ ᠤᠯᠤᠰ᠎ᠤᠨ ᠪᠠᠢᠭᠤᠯᠤᠮᠵᠢ ᠡᠴᠡ 2025 ᠣᠨ᠎ᠤ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠵᠢᠱ᠌ᠢᠯᠲᠡ᠎ᠵᠢ ᠵᠠᠯᠭᠠᠭ᠎ᠠ᠎ᠪᠠᠷ ᠳᠡᠭᠡᠭ᠌ᠰᠢᠯᠡᠭᠦᠯᠵᠦ᠍᠂ ᠳᠤᠮᠳᠠᠳᠤ ᠤᠯᠤᠰ ᠪᠣᠯ ᠮᠥᠨ ᠬᠦ᠌ ᠪᠥᠬᠥ᠌ ᠪᠥᠮᠪᠥᠷᠴᠡᠭ᠎ᠦᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠠᠮᠤᠭ᠎ᠤᠨ ᠶᠡᠬᠡ ᠬᠥᠳᠡᠯᠭᠡᠭᠦᠷ ᠮᠥᠨ ᠭᠡᠵᠦ᠍ ᠦᠵᠡᠵᠦ᠍ ᠪᠠᠢᠨ᠎ᠠ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠴᠢᠬᠤᠯᠠ ᠶᠡᠬᠡ ᠮᠠᠭᠠᠳᠯᠠᠯᠲᠠ ᠬᠢᠪᠡ᠄ ᠮᠠᠨ᠎ᠤ ᠤᠯᠤᠰ᠎ᠤᠨ ᠠᠵᠤ ᠠᠬᠤᠢ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠳᠠ ᠬᠦᠴᠦᠨ ᠶᠡᠬᠡ᠂ ᠤᠷᠳᠤ ᠬᠤᠭᠤᠴᠠᠭ᠎ᠠ᠎ᠪᠠᠷ ᠰᠠᠢᠵᠢᠷᠠᠬᠤ ᠲᠤᠯᠭᠠᠭᠤᠷᠢᠯᠠᠯ᠎ᠤᠨ ᠨᠥᠬᠥᠴᠡᠯ ᠪᠣᠯᠤᠨ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠂ ᠭᠡᠳᠤ ᠲᠤᠮᠤ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠂ ᠪᠦᠷᠢᠨ ᠪᠦᠲᠦᠨ ᠠᠵᠤ ᠦᠢᠯᠡᠰ᠎ᠦᠨ ᠱᠢᠰᠲ᠋ᠧᠮ᠎ᠦᠨ ᠳᠠᠪᠠᠭᠤᠯᠢᠭ᠂ ᠡᠯᠪᠡᠭ ᠪᠠᠶᠠᠯᠢᠭ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠨᠡᠩ ᠭᠦᠢᠴᠡᠳ ᠢᠯᠡᠷᠡᠭᠦᠯᠪᠡ᠃
ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠂ ᠮᠠᠨ᠎ᠤ ᠤᠯᠤᠰ᠎ᠤᠨ ᠠᠵᠤ ᠦᠢᠯᠡᠰ᠎ᠦᠨ ᠱᠢᠰᠲᠸᠮ ᠪᠦᠷᠢᠨ ᠪᠦᠲᠦᠨ᠂ ᠵᠠᠬ᠎ᠠ ᠳᠡᠯᠭᠡᠭᠦᠷ᠎ᠦᠨ ᠬᠡᠪᠴᠢᠢ᠎ᠡ ᠯᠤᠲᠤ ᠶᠡᠬᠡ᠂ ᠴᠢᠳᠠᠪᠤᠷᠢᠲᠠᠨ᠎ᠤ ᠡᠬᠢ ᠪᠠᠶᠠᠯᠢᠭ ᠡᠯᠪᠡᠭ ᠵᠡᠷᠭᠡ ᠳᠠᠪᠠᠭᠤᠯᠢᠭ᠎ᠢ ᠴᠢᠨᠠᠭ᠍ᠰᠢᠳᠠ ᠰᠠᠢᠲᠤᠷ ᠠᠱᠢᠭ᠍ᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠲᠠᠯᠳᠠ ᠬᠦᠴᠦᠨ᠂ ᠳᠣᠲᠣᠭᠠᠳᠤ ᠬᠡᠷᠡᠭ᠌ᠴᠡᠭᠡ᠎ᠶ᠋ᠢᠨ ᠯᠤᠲᠤ ᠶᠡᠬᠡ ᠵᠠᠬ᠎ᠠ ᠳᠡᠯᠭᠡᠭᠦᠷ᠎ᠦᠨ ᠥᠷᠭᠡᠨ ᠠᠭᠤᠳᠠᠮ ᠣᠷᠣᠨ ᠵᠠᠢ᠎ᠡᠴᠡ ᠢᠷᠡᠯ᠎ᠲᠠᠢ᠄ 14 ᠳ᠋ᠦᠩᠱᠢᠭᠤᠷ ᠭᠠᠷᠤᠢ ᠬᠥᠮᠦᠨ ᠪᠦᠬᠦᠯᠢ ᠴᠣᠭ᠍ᠴᠠ᠎ᠪᠠᠷ ᠣᠳᠣᠬᠢᠴᠢᠯᠠᠯᠲᠠ ᠲᠡᠢᠰᠢ ᠤᠷᠤᠭᠰᠢᠯᠠᠵᠤ ᠪᠠᠢᠭ᠎ᠠ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠦᠨ ᠪᠠᠭ᠍ᠲᠠᠭᠠᠮᠵᠢ ᠯᠤᠲᠤ ᠶᠡᠬᠡ᠂ ᠢᠷᠡᠭᠡᠳᠦᠢ ᠬᠢᠵᠠᠭᠠᠯᠠᠰᠢ ᠦᠭᠡᠢ ᠪᠠᠢᠨ᠎ᠠ᠃
ᠲᠠᠯᠳᠠ ᠬᠦᠴᠦᠨ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ ᠳᠤᠮᠳᠠ ᠢᠯᠡᠷᠡᠭ᠌ᠰᠡᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠡᠴᠡ ᠢᠷᠡᠯᠲᠡᠢ᠄ ᠲᠤᠮᠳᠠᠳᠤ ᠵᠢᠨ ᠡᠬᠡ ᠭᠠᠵᠠᠷ᠎ᠲᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠲᠦᠷᠭᠡᠨ ᠪᠣᠢᠵᠢᠵᠤ᠂ ᠱᠢᠨ᠎ᠡ ᠮᠡᠷᠭᠡᠵᠢᠯ ᠨᠢ ᠤᠯᠠᠮᠵᠢᠯᠠᠯᠲᠤ ᠠᠵᠤ ᠦᠢᠯᠡᠰ᠎ᠲᠦ ᠡᠨᠧᠷᠭᠢ ᠤᠯᠭᠤᠵᠤ᠂ ᠡᠯ᠎ᠡ ᠠᠵᠢᠯ ᠲᠦᠷᠦᠯ ᠤ᠋ᠨ ᠬᠢᠨ᠎ᠳᠦ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠭᠦᠯᠬᠦ᠌ ᠪᠠ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠯᠤᠲᠤ ᠶᠡᠬᠡ ᠬᠥᠳᠡᠯᠭᠡᠬᠦ᠌ ᠡᠨᠧᠷᠭᠢ ᠤᠷᠬᠢᠯᠤᠨ ᠪᠠᠳᠠᠷᠠᠵᠤ ᠪᠠᠢᠨ᠎ᠠ᠃
ᠲᠠᠯᠲᠠ ᠬᠦᠴᠦᠨ᠂ ᠲᠣᠭ᠍ᠲᠠᠭᠤᠨ᠎ᠢᠶᠠᠷ ᠰᠠᠢᠵᠢᠷᠠᠬᠤ ᠬᠥᠭ᠌ᠵᠢᠯᠲᠡ᠎ᠶ᠋ᠢᠨ ᠶᠡᠬᠡ ᠬᠠᠨᠳᠤᠰᠢ᠂ ᠠᠨᠠᠪᠠᠳ ᠲᠠᠯᠠᠢ᠎ᠶ᠋ᠢ ᠪᠠᠭ᠍ᠲᠠᠭᠠᠬᠤ ᠨᠡᠭᠡᠭᠡᠯᠲᠡᠲᠦ ᠪᠠᠢᠷᠢᠱᠢᠯ ᠡᠴᠡ ᠢᠷᠡᠯᠲᠡᠢ᠄ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠡᠪᠴᠢᠢ᠎ᠡ ᠲᠣᠭ᠍ᠲᠠᠭᠤᠨ᠎ᠢᠶᠠᠷ ᠥᠷᠭᠡᠳᠴᠦ᠍᠂ ᠠᠵᠤ ᠠᠬᠤᠢ᠎ᠶ᠋ᠢᠨ ᠪᠦᠲᠦᠴᠡ ᠲᠠᠰᠤᠷᠠᠯᠲᠠ ᠦᠭᠡᠢ ᠱᠢᠯᠢᠳᠡᠭ᠌ᠵᠢᠵᠦ᠍᠂ ᠨᠡᠭᠡᠭᠡᠯᠲᠡ᠎ᠶ᠋ᠢᠨ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠵᠦ᠍᠂ 《ᠨᠢᠭᠡᠨ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ》 ᠪᠠᠢᠯᠳᠤᠬᠤ ᠪᠤᠲᠤᠯᠭ᠎ᠠ᠎ᠶ᠋ᠢᠨ ᠲᠣᠭ᠍ᠲᠠᠯ ᠬᠦᠴᠦᠨ ᠪᠣᠯᠤᠨ ᠪᠦᠬᠦ᠌ ᠲᠠᠯ᠎ᠠ᠎ᠶ᠋ᠢᠨ ᠲᠥᠯᠥᠪᠵᠢᠭᠦᠯᠭᠡ᠎ᠪᠡᠷ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠰᠠᠯᠬᠢ ᠪᠣᠷᠣᠭᠠᠨ᠎ᠢ ᠠᠷᠭᠠᠴᠠᠭᠠᠬᠤ ᠬᠦᠴᠦᠷᠬᠡᠭ ᠶᠡᠬᠡ ᠬᠦᠴᠦᠨ ᠴᠢᠳᠠᠯ᠎ᠢ ᠲᠠᠰᠤᠷᠠᠯᠲᠠ ᠦᠭᠡᠢ ᠪᠡᠬᠢᠵᠢᠭᠦᠯᠵᠡᠢ᠃
᠁ ᠁
ᠳᠤᠮᠳᠠᠳᠤ ᠤᠯᠤᠰ᠎ᠤᠨ ᠠᠵᠤ ᠠᠬᠤᠶ ᠪᠣᠯ ᠨᠡᠯᠦᠭᠡᠷ ᠶᠡᠬᠡ ᠲᠡᠯᠡᠶ ᠪᠠᠢᠵᠤ᠂ ᠬᠢᠵᠠᠭᠠᠯᠠᠰᠢ ᠥᠬᠡᠶ ᠳᠠᠯᠳᠠ ᠬᠦᠴᠦᠨ᠎ᠲᠠᠶ ᠪᠠᠢᠳᠠᠭ᠃
ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠡᠷᠬᠡ ᠵᠢ ᠡᠵᠡᠮᠳᠡᠵᠦ ᠠᠵᠤ ᠠᠬᠤᠶ᠎ᠶ᠋ᠢᠨ ᠳᠠᠯᠳᠠ ᠬᠦᠴᠦᠨ᠎ᠢ ᠬᠥᠭ᠌ᠵᠢᠯᠲᠡ᠎ᠶ᠋ᠢᠨ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠤᠨ᠎ᠠ
《ᠬᠡᠷᠡᠭ᠌ᠯᠡᠭᠡ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠪᠠ ᠠᠵᠤ ᠦᠢᠯᠡᠰ᠎ᠢ ᠬᠥᠭ᠌ᠵᠢᠭᠦᠯᠬᠦ᠌᠂ ᠬᠤᠳᠠ ᠬᠥᠳᠡᠭᠡ᠎ᠶ᠋ᠢᠨ ᠠᠭᠤᠰᠤᠯᠴᠠᠯ ᠪᠠ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠨᠡᠩ ᠤᠯᠠᠨ ᠱᠢᠨ᠎ᠡ ᠨᠡᠮᠡᠭ᠌ᠳᠡᠯ᠎ᠦᠨ ᠴᠡᠭ᠎ᠢ ᠪᠤᠢᠵᠢᠭᠤᠯᠤᠨ ᠪᠤᠢ ᠪᠣᠯᠭᠠᠬᠤ᠎ᠪᠠᠷ ᠴᠢᠷᠮᠠᠢᠬᠤ ᠬᠡᠷᠡᠭ᠌ᠲᠡᠢ》᠂ ᠶᠡᠷᠦᠩᠬᠡᠢ ᠱᠦᠵᠢ ᠰᠢ ᠵᠢᠨ ᠫᠢᠩ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠪᠡ᠃
ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ 《ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠬᠤ》 ᠵᠢ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠨᠠᠢ᠍ᠮᠠᠨ ᠭᠣᠣᠯᠳᠠᠯᠭ᠎ᠠ᠎ᠲᠠᠶ ᠡᠭᠦᠷᠭᠡ᠎ᠶ᠋ᠢᠨ ᠲᠡᠷᠢᠭᠦᠨ᠎ᠳᠦ ᠲᠠᠯᠪᠢᠵᠤ᠂ ᠬᠠᠷᠠᠯᠲᠠ ᠨᠢ ᠲᠣᠳᠣᠷᠬᠠᠢ᠂ ᠤᠳᠤᠷᠢᠳᠤᠮᠵᠢ ᠨᠢ ᠲᠣᠳᠣᠷᠬᠠᠢ᠃
ᠬᠥᠬᠡᠮᠥ᠋ᠷᠡᠨ᠎ᠦ ᠰᠠᠪᠠ ᠭᠠᠵᠠᠷ᠎ᠤᠨ ᠠᠮᠢ ᠠᠬᠤᠢ᠎ᠶ᠋ᠢ ᠰᠡᠷᠭᠦᠭᠡᠬᠦ᠌᠂ ᠬᠥᠬᠡᠮᠥ᠋ᠷᠡᠨ ᠳᠠᠭᠠᠤ᠎ᠶ᠋ᠢᠨ ᠴᠢᠬᠤᠯᠠ ᠶᠡᠬᠡ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ᠎ᠶ᠋ᠢᠨ ᠪᠦᠳᠦᠬᠡᠨ ᠪᠠᠢᠭᠤᠯᠤᠯᠲᠠ᠎ᠡᠴᠡ ᠠᠪᠤᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠬᠡᠨ ᠪᠠᠢᠭᠤᠯᠤᠯᠲᠠ᠂ ᠬᠤᠳᠠ᠎ᠶ᠋ᠢᠨ ᠭᠠᠵᠠᠷ ᠳᠣᠣᠷᠠᠬᠢ ᠬᠣᠭᠣᠯᠠᠢ᠎ᠶ᠋ᠢᠨ ᠲᠣᠣᠷ᠎ᠤᠨ ᠪᠦᠳᠦᠬᠡᠨ ᠪᠠᠢᠭᠤᠯᠤᠯᠲᠠ ᠵᠡᠷᠭᠡ ᠬᠦᠷᠲᠡᠯ᠎ᠡ᠂ 《ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠲᠡ ᠪᠤᠯᠤᠨ ᠭᠤᠤᠯᠳᠠᠯᠭ᠎ᠠ ᠲᠠᠢ ᠬᠦᠷᠢᠶᠡᠨ᠎ᠳᠡᠬᠢ ᠠᠮᠤᠷ ᠲᠦᠪᠰᠢᠨ᠎ᠤ ᠴᠢᠳᠠᠪᠦᠷᠢ ᠵᠢᠨ ᠪᠠᠢᠭᠤᠯᠤᠯᠲᠠ ᠵᠢ ᠠᠬᠢᠭᠤᠯᠬᠤ》 ᠪᠦᠳᠦᠬᠡᠨ ᠪᠠᠢᠭᠤᠯᠤᠯᠲᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠥᠳᠡᠯᠭᠡᠬᠦ᠌ ᠡᠨᠧᠷᠭᠢ᠎ᠶ᠋ᠢ ᠬᠤᠷᠠᠮᠳᠤᠭᠤᠯᠵᠤ ᠦᠭᠴᠡᠢ᠃
ᠱᠢᠨ᠎ᠡ᠎ᠶ᠋ᠢ ᠡᠭᠦᠳᠬᠦ᠌ ᠪᠣᠯ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠠᠵᠤ ᠠᠬᠤᠢ᠎ᠶ᠋ᠢᠨ ᠳᠠᠯᠳᠠ ᠬᠦᠴᠦᠨ᠎ᠢ ᠠᠭᠤᠳᠠᠯᠬᠤ ᠴᠢᠬᠤᠯᠠ ᠬᠥᠳᠡᠯᠭᠡᠬᠦ ᠬᠦᠴᠦᠨ ᠮᠥᠨ᠃
ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠡᠴᠡ 《ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠪᠠᠷᠢᠮᠲᠠᠯᠠᠵᠤ᠂ ᠰᠢᠨ᠎ᠡ ᠬᠥᠳᠡᠯᠭᠡᠬᠦ ᠡᠨᠧᠷᠭᠢ᠎ᠶᠢ ᠲᠦᠷᠭᠡᠳᠭᠡᠨ ᠪᠣᠢᠵᠢᠭᠤᠯᠤᠨ ᠪᠤᠵᠠᠭᠠᠢᠷᠠᠭᠤᠯᠬᠤ》 ᠡᠨᠡ ᠬᠦ᠌ ᠴᠢᠬᠤᠯᠠ ᠡᠭᠦᠷᠭᠡ᠎ᠶᠢ ᠪᠠᠢᠷᠢᠯᠠᠭᠤᠯᠵᠤ᠂ 《ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠬᠤ ᠲᠥᠰᠥᠯ᠎ᠢ ᠲᠣᠭᠲᠠᠭᠠᠬᠤ》᠂ 《ᠪᠡᠭᠡᠵᠢᠩ (ᠪᠡᠭᠡᠵᠢᠩ ᠲᠢᠶᠠᠨᠵᠢᠨ ᠾᠸᠪᠸᠢ)᠂ ᠱᠠᠩᠬᠠᠢ (ᠬᠥᠬᠡᠮᠥ᠋ᠷᠡᠨ᠎ᠦ ᠭᠤᠷᠪᠠᠯᠵᠢᠨ ᠬᠣᠢᠭ᠋)᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠤᠯᠠᠨ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠩᠬᠠᠨ᠎ᠤ ᠡᠬᠦᠳᠦᠯᠳᠡ ᠵᠢᠨ ᠴᠢᠨᠠᠷᠳᠠᠢ ᠰᠢᠨ᠎ᠡ᠎ᠶᠢ ᠡᠭᠦᠳᠬᠦ ᠲᠥᠪ᠎ᠢ ᠪᠠᠶ᠋ᠢᠭᠤᠯᠬᠤ》 ᠵᠡᠷᠭᠡ᠎ᠶᠢ ᠳᠤᠷᠠᠳᠴᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠳᠠᠪᠠᠭᠤᠯᠢᠭ᠋᠎ᠢ ᠵᠤᠵᠠᠭᠠᠳᠬᠠᠵᠤ᠂ ᠮᠠᠨ᠎ᠤ ᠤᠯᠤᠰ᠎ᠤᠨ ᠠᠩᠬᠠᠨ᠎ᠤ ᠡᠬᠦᠳᠦᠯᠳᠡ ᠵᠢᠨ ᠴᠢᠨᠠᠷᠳᠠᠢ ᠰᠢᠨ᠎ᠡ᠎ᠶᠢ ᠡᠭᠦᠳᠬᠦ ᠭᠣᠣᠯ ᠭᠣᠯᠣᠮᠲᠠ᠎ᠶᠢ ᠲᠦᠷᠭᠡᠳᠭᠡᠨ ᠪᠦᠷᠢᠯᠳᠦᠭᠦᠯᠵᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠰᠠᠭᠤᠷᠢ ᠴᠢᠨᠠᠷᠲᠠᠢ ᠲᠤᠯᠭᠠᠭᠤᠷᠢᠯᠠᠯ᠎ᠢ ᠪᠡᠬᠢᠵᠢᠭᠦᠯᠵᠦ ᠥᠭᠪᠡ᠃
ᠪᠠᠢᠭᠤᠯᠤᠯ᠎ᠤᠨ ᠳᠠᠪᠠᠭᠤᠯᠢᠭ᠋᠎ᠢ ᠪᠠᠳᠠᠷᠠᠭᠤᠯᠵᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠠ
ᠠᠤᠭ᠎ᠠ ᠶᠡᠬᠡ ᠠᠵᠤ ᠠᠬᠤᠢ᠎ᠶᠢᠨ ᠳᠠᠯᠳᠠ ᠬᠦᠴᠦᠨ ᠨᠢ ᠲᠡᠭᠷᠢ ᠳᠡᠭᠡᠷ᠎ᠡ᠎ᠡᠴᠡ ᠪᠠᠭᠤᠵᠤ ᠢᠷᠡᠬᠦ ᠪᠢᠰᠢ᠂ ᠭᠠᠭᠴᠠ ᠬᠦ᠌ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠵᠦ᠂ ᠠᠵᠤ ᠠᠬᠤᠢ᠎ᠶᠢᠨ ᠳᠠᠯᠳᠠ ᠬᠦᠴᠦᠨ᠎ᠢ ᠪᠠᠳᠠᠷᠠᠭᠤᠯᠬᠤ᠎ᠶᠢ ᠬᠦᠯᠢᠶᠡᠰᠦᠯᠡᠵᠤ ᠪᠠᠢᠭ᠎ᠠ ᠭᠦᠨ ᠳᠠᠪᠬᠤᠷᠭ᠎ᠠ᠎ᠶᠢᠨ ᠪᠠᠢᠭᠤᠯᠤᠯ ᠲᠣᠭᠲᠡᠴᠡ᠎ᠶᠢᠨ ᠬᠠᠷᠰᠢ ᠰᠠᠭᠠᠳ᠎ᠢ ᠡᠪᠳᠡᠪᠡᠯ ᠰᠠᠶᠢ ᠠᠵᠤ ᠠᠬᠤᠢ᠎ᠶᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠵᠦ ᠴᠢᠳᠠᠨ᠎ᠠ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠭᠤᠷᠪᠠᠳᠤᠭᠠᠷ ᠪᠦᠬᠦᠳᠠ ᠬᠤᠷᠠᠯ᠂ ᠳᠥᠷᠪᠡᠳᠦᠭᠡᠷ ᠪᠦᠬᠦᠳᠠ ᠬᠤᠷᠠᠯ᠎ᠡᠴᠡ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠬᠦᠷᠲᠡᠯ᠎ᠡ᠂ ᠠᠯᠢ ᠤᠯᠠᠨ ᠪᠠᠢᠷᠢᠯᠠᠭᠤᠯᠤᠯᠲᠠ ᠨᠢ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠬᠦ ᠢᠯᠡ ᠲᠣᠳᠣ᠌ ᠳᠣᠬᠢᠶ᠎ᠠ᠎ᠶᠢ ᠳᠠᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠳᠡᠭᠡᠭᠰᠢᠯᠡᠭᠦᠯᠬᠦ᠂ ᠤᠯᠠᠨ ᠡᠰᠢᠵᠢᠭᠰᠡᠨ ᠵᠠᠬ᠎ᠠ ᠳᠡᠯᠭᠡᠭᠦᠷ᠎ᠢ ᠨᠡᠭᠡᠭᠡᠬᠦ ᠵᠢᠴᠢ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠦᠨ ᠬᠠᠷᠢᠴᠠᠭ᠎ᠠ᠎ᠶᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠴᠢᠳᠠᠮᠠᠭᠠᠢ ᠴᠢᠨᠠᠷ᠎ᠢ ᠭᠦᠢᠴᠡᠳ ᠲᠠᠢ᠍ᠢᠴᠢᠯᠠᠪᠠ᠃
ᠠᠵᠤ ᠠᠬᠤᠢ᠎ᠶᠢᠨ ᠳᠠᠯᠳᠠ ᠬᠦᠴᠦᠨ᠎ᠢ ᠠᠭᠤᠳᠠᠯᠬᠤ ᠪᠣᠯ ᠨᠢᠭᠡᠨ ᠰᠢᠰᠲᠧᠮᠲᠦ ᠢᠨᠵᠧᠨᠧᠷᠢᠩ ᠮᠥᠨ᠂ ᠢᠯᠠᠩᠭᠤᠶ᠎ᠠ ᠶᠡᠬᠡ ᠲᠠᠯ᠎ᠠ᠎ᠶᠢᠨ ᠳᠤᠮᠳᠠ ᠵᠠᠩᠭᠢᠯᠠᠭ᠎ᠠ᠎ᠶᠢᠨ ᠬᠦᠴᠦᠯᠡᠬᠦ ᠴᠡᠭ᠎ᠢ ᠡᠵᠡᠮᠳᠡᠵᠦ᠂ ᠨᠦᠬᠡᠴᠡ ᠲᠦᠷᠦ᠎ᠶᠢᠨ ᠪᠣᠳᠣᠯᠭ᠎ᠠ ᠪᠠ ᠨᠡᠮᠡᠭᠳᠡᠯ ᠲᠦᠷᠦ᠎ᠶᠢᠨ ᠪᠣᠳᠣᠯᠭ᠎ᠠ᠎ᠶᠢᠨ ᠬᠤᠷᠠᠮᠠᠯ ᠦᠢᠯᠡᠳᠦᠯ᠎ᠢ ᠪᠠᠳᠠᠷᠠᠭᠤᠯᠬᠤ᠎ᠶᠢ ᠴᠢᠩᠭᠠᠳᠬᠠᠵᠤ᠂ ᠥᠭᠡᠷᠡᠴᠢᠯᠡᠯᠲᠡ ᠬᠢᠭᠡᠳ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠬᠤ ᠦᠢᠯᠡᠳᠦᠯ᠎ᠢ ᠴᠢᠩᠭᠠᠳᠬᠠᠬᠤ ᠬᠡᠷᠡᠭᠲᠡᠢ᠃
ᠵᠠᠰᠠᠭ ᠪᠠᠷᠢᠬᠤ᠎ᠶᠢᠨ ᠵᠠᠩᠭᠢᠯᠠᠭ᠎ᠠ ᠨᠢ ᠨᠠᠢᠳᠠᠪᠤᠷᠢᠵᠢᠭᠤᠯᠬᠤ᠎ᠳᠤ ᠪᠤᠢ᠃
ᠠᠵᠤ ᠠᠬᠤᠢ᠎ᠶᠢᠨ ᠳᠠᠯᠳᠠ ᠬᠦᠴᠦᠨ᠎ᠢ ᠠᠭᠤᠳᠠᠯᠬᠤ᠎ᠳᠤ᠂ ᠨᠢᠭᠡ ᠭᠠᠵᠠᠷ ᠨᠢᠭᠡ ᠣᠷᠣᠨ ᠪᠦᠰᠡ᠂ ᠨᠢᠭᠡ ᠠᠵᠢᠯ ᠲᠥᠷᠥᠯ ᠬᠦᠷᠲᠡᠯ᠎ᠡ ᠪᠣᠳᠠᠲᠠᠢ ᠨᠠᠢᠳᠠᠪᠤᠷᠢᠵᠢᠭᠤᠯᠵᠤ᠂ ᠲᠥᠪ᠎ᠦᠨ ᠵᠣᠷᠢᠭ᠋ ᠰᠠᠨᠠᠭ᠎ᠠ᠎ᠶᠢ ᠨᠡᠪᠲᠡᠷᠡᠲᠡᠯ᠎ᠡ ᠣᠢᠯᠠᠭᠠᠬᠤ ᠪᠠ ᠲᠤᠰ ᠭᠠᠵᠠᠷ᠎ᠤᠨ ᠪᠣᠳᠠᠲᠤ ᠪᠠᠢᠳᠠᠯ᠎ᠢ ᠲᠣᠳᠣᠷᠬᠠᠢ ᠣᠢᠯᠠᠭᠠᠬᠤ᠎ᠶᠢ ᠨᠢᠭ᠍ᠲᠠ ᠤᠶᠠᠯᠳᠤᠭᠤᠯᠵᠤ᠂ ᠪᠠᠷᠢᠯᠭ᠎ᠠ᠎ᠶᠢᠨ ᠵᠢᠷᠤᠭ᠎ᠢ ᠰᠢᠨᠵᠢᠯᠡᠬᠦ ᠤᠬᠠᠭᠠᠨᠴᠢ᠎ᠪᠠᠷ ᠵᠢᠷᠤᠭᠯᠠᠬᠤ ᠬᠡᠷᠡᠭᠲᠡᠢ᠃
ᠣᠢᠷ᠎ᠠ᠎ᠳᠤ᠂ ᠣᠯᠠᠨ ᠮᠤᠵᠢ ᠣᠷᠣᠨ ᠨᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠶᠢ ᠨᠡᠢᠲᠡᠯᠡᠵᠦ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠵᠣᠷᠢᠯᠲᠠ᠎ᠶᠢ ᠲᠤᠭᠤᠱᠢᠯᠠᠭᠤᠯᠤᠭᠰᠠᠨ ᠰᠠᠭᠤᠷᠢᠨ ᠳᠡᠭᠡᠷ᠎ᠡ᠂ ᠲᠣᠰ ᠪᠡᠶ᠎ᠡ᠎ᠶᠢᠨ ᠡᠬᠢ ᠪᠠᠶᠠᠯᠢᠭ ᠪᠠ ᠬᠥᠭᠵᠢᠯᠲᠡ᠎ᠶᠢᠨ ᠱᠠᠲᠤ ᠦᠶ᠎ᠡ᠎ᠲᠠᠢ ᠨᠢᠭ᠍ᠲᠠ ᠤᠶᠠᠯᠳᠤᠭᠤᠯᠤᠨ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠭᠵᠢᠯᠲᠡ᠎ᠶᠢᠨ ᠠᠷᠭ᠎ᠠ ᠵᠠᠮ᠎ᠢ ᠲᠣᠭᠲᠠᠭᠠᠵᠤ᠂ ᠡᠯ᠎ᠡ ᠭᠠᠵᠠᠷ᠎ᠤᠨ ᠳᠠᠯᠳᠠ ᠬᠦᠴᠦᠨ᠎ᠢ ᠭᠦᠢᠴᠡᠳ ᠠᠭᠤᠳᠠᠯᠬᠤ ᠪᠡᠷ ᠪᠠᠢᠨ᠎ᠠ᠃
ᠴᠢᠭᠯᠡᠯ᠎ᠢ ᠡᠵᠡᠮᠳᠡᠵᠦ᠂ ᠶᠡᠬᠡ ᠲᠠᠯ᠎ᠠ᠎ᠶᠢ ᠪᠣᠳᠣᠯᠬᠢᠯᠠᠵᠤ᠂ ᠲᠥᠷᠥ᠎ᠶᠢᠨ ᠪᠣᠳᠣᠯᠭ᠎ᠠ ᠲᠣᠭᠲᠠᠭᠠᠵᠤ᠂ ᠥᠭᠡᠷᠡᠴᠢᠯᠡᠯᠲᠡ᠎ᠶᠢ ᠠᠬᠢᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠰᠢᠨ᠎ᠡ ᠴᠠᠭ ᠦᠶ᠎ᠡ᠎ᠶᠢᠨ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ᠎ᠶᠢᠨ ᠳᠠᠪᠠᠭᠤᠯᠢᠭ᠋᠂ ᠵᠠᠩᠭᠢᠯᠠᠭ᠎ᠠ᠂ ᠦᠨᠳᠦᠰᠦ ᠪᠣᠯᠣᠨ᠎ᠠ ᠭᠡᠳᠡᠭ᠎ᠢ ᠰᠦᠷ ᠳᠠᠯᠠᠢᠴᠠᠲᠠᠢ ᠦᠢᠯᠡᠳᠦᠯᠭᠡ ᠬᠠᠷᠠᠭᠤᠯᠪᠠ᠃
《ᠠᠷᠪᠠᠨ ᠲᠠᠪᠤᠳᠤᠭᠠᠷ ᠲᠠᠪᠤᠨ ᠵᠢᠯ》 ᠵᠦᠭ ᠤᠷᠤᠭᠰᠢᠯᠠᠬᠤᠶ᠎ᠠ᠂ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠎ᠵᠢᠨ ᠪᠠᠢᠳᠠᠯ᠎ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠠᠨᠠᠭᠠᠴᠢᠯᠠᠭ᠎ᠠ᠎ᠡᠴᠡ᠎ᠪᠠᠨ ᠠᠵᠢᠯᠯᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ ᠳᠤᠮᠳᠠ ᠲᠠᠯᠳᠠ ᠴᠢᠳᠠᠪᠤᠷᠢ᠎ᠪᠠᠨ ᠠᠭᠤᠳᠠᠯᠤᠨ᠂ ᠳᠠᠪᠠᠭᠤᠯᠢᠭ᠋᠎ᠢᠶᠠᠨ ᠭᠦᠢᠴᠡᠳ ᠠᠰᠢᠭ᠍ᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠲᠠᠢ ᠪᠤᠯᠵᠤ᠂ ᠠᠨᠭᠬᠠᠨ᠎ᠤ ᠠᠯᠬᠤᠭ᠎ᠠ ᠵᠢ ᠰᠠᠢᠲᠤᠷ ᠠᠯᠬᠤᠬᠤ᠎ᠶᠢ ᠦᠨᠡᠨ ᠬᠦ᠌ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠵᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠡᠭᠦᠳᠦᠨ ᠨᠡᠭᠡᠭᠡᠬᠦ ᠬᠡᠷᠡᠭᠲᠡᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 15᠎ᠤ᠋ ᠴᠠᠬᠢᠯᠭᠠᠨ ᠮᠡᠳᠡᠭᠡ ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃